ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠬᠥᠷᠥᠰᠥ᠍ ᠰᠢᠷᠣᠢ ᠪᠠ ᠰᠠᠴᠤᠷᠠᠭ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠥᠷᠥᠰᠥ ᠰᠢᠷᠣᠢ ᠵᠢᠨ ᠪᠣᠬᠢᠷᠲᠤᠯ᠎ᠢ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠨᠢᠭᠡᠴᠢ ᠵᠢᠨ ᠬᠥᠷᠥᠰᠥ ᠰᠢᠷᠣᠢ ᠪᠠ ᠭᠠᠵᠠᠷ ᠳᠣᠣᠷᠠᠬᠢ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠮᠢᠶᠠᠷᠤᠯᠲᠠ ᠪᠠ ᠮᠡᠷᠭᠡᠵᠢᠯ᠎ᠤᠨ ᠪᠤᠯᠪᠠᠰᠤᠷᠠᠯ᠎ᠤᠨ ᠠᠩᠭᠢ ᠡᠷᠬᠢᠯᠡᠪᠡ
ᠨᠡᠶ᠋ᠢᠲᠡᠯᠡᠭᠰᠡᠨ ᠴᠠᠭ᠄ 2024-07-12

      ᠦᠢ᠍ᠯᠡᠳᠪᠦᠷᠢᠯᠡᠵᠦ ᠪᠠᠢ᠌ᠭ᠎ᠠ ᠠᠵᠤ ᠠᠬᠤᠢ᠌ᠯᠠᠯ᠎ᠤᠨ ᠬᠥᠷᠥᠰᠥ ᠰᠢᠷᠣᠢ ᠵᠢᠨ ᠪᠣᠬᠢᠷᠲᠤᠯ᠎ᠢ ᠡᠬᠢ ᠡᠭᠦᠰᠦᠯ᠎ᠠᠴᠠ᠎ᠨᠢ ᠰᠡᠷᠭᠡᠢ᠌ᠯᠡᠨ ᠡᠵᠡᠮᠳᠡᠬᠦ ᠵᠢ ᠴᠢᠩᠭ᠋ᠠᠳᠬᠠᠵᠤ᠂ ᠬᠠᠮᠢᠶ᠎ᠠ ᠪᠦᠬᠦᠢ ᠬᠠᠮᠢᠶᠠᠷᠤᠯᠲᠠ ᠪᠣᠯᠣᠨ ᠮᠡᠷᠭᠡᠵᠢᠯ᠎ᠤᠨ ᠠᠵᠢᠯᠲᠠᠨ᠎ᠤ ᠲᠤᠬᠠᠢ᠌ᠯᠠᠭᠰᠠᠨ ᠠᠵᠢᠯ᠎ᠤᠨ ᠲᠦᠪᠰᠢᠨ᠎ᠢ ᠪᠦᠲᠦᠮᠵᠢᠲᠡᠢ ᠳᠡᠭᠡᠭᠰᠢᠯᠡᠭᠦᠯᠵᠦ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠦᠷᠭᠦᠯᠵᠢᠯᠡᠨ ᠭᠦᠨᠵᠡᠭᠡᠢ ᠰᠠᠶ᠋ᠢᠲᠤᠷ ᠬᠢᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠬᠥᠷᠥᠰᠥ ᠰᠢᠷᠣᠢ ᠵᠢᠨ ᠪᠣᠬᠢᠷᠲᠤᠯ᠎ᠢ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠨᠢᠭᠡᠴᠢ ᠵᠢᠨ ᠬᠥᠷᠥᠰᠥ ᠰᠢᠷᠣᠢ ᠪᠣᠯᠣᠨ ᠭᠠᠵᠠᠷ ᠳᠣᠣᠷᠠᠬᠢ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠮᠢᠶᠠᠷᠤᠯᠲᠠ ᠪᠣᠯᠣᠨ ᠮᠡᠷᠭᠡᠵᠢᠯ᠎ᠤᠨ ᠪᠣᠯᠪᠠᠰᠤᠷᠠᠯ᠎ᠤᠨ ᠠᠩᠭᠢ ᠡᠷᠬᠢᠯᠡᠪᠡ᠃
      ᠲᠤᠰ ᠤᠳᠠᠭ᠋ᠠᠨ᠎ᠤ ᠪᠣᠯᠪᠠᠰᠤᠷᠠᠯ᠎ᠳᠤ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠷᠴᠢᠨ ᠲᠣᠭᠣᠷᠢᠨ᠎ᠤ ᠲᠥᠯᠦᠪᠵᠢᠭᠦᠯᠭᠡ ᠵᠢᠨ ᠬᠦᠷᠢᠶᠡᠯᠡᠩ᠎ᠤᠨ ᠬᠤᠸᠠᠩ ᠭᠥᠸᠧ ᠰᠢᠨ ᠰᠤᠳᠤᠯᠤᠭᠴᠢ ᠵᠢ ᠣᠨᠴᠠᠭ᠋ᠠᠢ᠌ᠯᠠᠨ ᠤᠷᠢᠵᠤ ᠰᠦᠯᠵᠢᠶᠡᠨ ᠳᠡᠭᠡᠷ᠎ᠡ ᠬᠢᠴᠢᠶᠡᠯᠯᠡᠭᠦᠯᠵᠦ᠂ ᠬᠥᠷᠥᠰᠥ ᠰᠢᠷᠣᠢ ᠵᠢᠨ ᠪᠣᠬᠢᠷᠲᠤᠯ᠎ᠢ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠨᠢᠭᠡᠴᠢ ᠵᠢᠨ ᠬᠥᠷᠥᠰᠥ ᠰᠢᠷᠣᠢ ᠪᠠ ᠭᠠᠵᠠᠷ ᠳᠣᠣᠷᠠᠬᠢ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠮᠢᠶ᠎ᠠ ᠪᠦᠬᠦᠢ ᠬᠠᠤᠯᠢ ᠴᠠᠭ᠋ᠠᠵᠠ᠂ ᠬᠥᠷᠥᠰᠥ ᠰᠢᠷᠣᠢ ᠵᠢᠨ ᠪᠣᠬᠢᠷᠲᠤᠯ᠎ᠤᠨ ᠬᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠬᠤ᠂ ᠬᠥᠷᠥᠰᠥ ᠰᠢᠷᠣᠢ ᠪᠠ ᠭᠠᠵᠠᠷ ᠳᠣᠣᠷᠠᠬᠢ ᠤᠰᠤ ᠵᠢ ᠥᠪᠡᠷᠲᠡᠭᠡᠨ ᠬᠢᠨᠠᠨ ᠬᠡᠮᠵᠢᠬᠦ ᠬᠠᠮᠢᠶᠠᠷᠤᠯᠲᠠ ᠪᠠ ᠮᠡᠷᠭᠡᠵᠢᠯ᠎ᠤᠨ ᠱᠠᠭ᠋ᠠᠷᠳᠠᠯᠭ᠎ᠠ᠂ ᠦᠢ᠍ᠯᠡᠳᠪᠦᠷᠢᠯᠡᠵᠦ ᠪᠠᠢ᠌ᠭ᠎ᠠ ᠠᠵᠤ ᠠᠬᠤᠢ᠌ᠯᠠᠯ᠎ᠤᠨ ᠦᠢ᠍ᠯᠡᠳᠪᠦᠷᠢᠯᠡᠬᠦ ᠵᠢᠨ ᠳᠠᠭ᠋ᠠᠤ ᠬᠠᠮᠢᠶᠠᠷᠤᠨ ᠡᠵᠡᠮᠳᠡᠬᠦ ᠬᠠᠮᠢᠶᠠᠷᠤᠯᠲᠠ ᠵᠢᠨ ᠰᠡᠳᠬᠢᠴᠡ ᠵᠡᠷᠭᠡ ᠲᠠᠯ᠎ᠠ ᠵᠢᠨ ᠠᠭᠤᠯᠭ᠎ᠠ ᠵᠢᠨ ᠲᠣᠭᠣᠷᠢᠨ᠎ᠳᠤ ᠰᠢᠰᠲ᠋ᠧᠮ᠎ᠲᠠᠢ ᠲᠠᠢ᠌ᠯᠤᠮᠵᠢ ᠬᠢᠵᠡᠢ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ ᠵᠢᠴᠢ ᠡᠯ᠎ᠡ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠨᠢᠭᠡᠴᠢ ᠵᠢᠨ ᠬᠠᠮᠢᠶ᠎ᠠ ᠪᠦᠬᠦᠢ ᠠᠵᠢᠯᠲᠠᠨ ᠨᠠᠢ᠌ᠳᠠ 500 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠮᠵᠢᠶ᠎ᠠ ᠵᠢᠨ 《ᠬᠡᠪᠴᠢᠶᠡᠵᠢᠭᠦᠯᠦᠭᠰᠡᠨ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ᠎ᠳᠤ ᠢᠯᠭ᠋ᠠᠳᠠᠰᠤᠨ᠎ᠤ ᠪᠣᠬᠢᠷᠲᠤᠯ᠎ᠢ ᠡᠬᠢ ᠪᠠᠶᠠᠯᠢᠭᠵᠢᠭᠤᠯᠤᠨ ᠠᠰᠢᠭᠯᠠᠬᠤ ᠮᠡᠷᠭᠡᠵᠢᠯ᠎ᠤᠨ ᠵᠢᠷᠤᠮᠵᠢᠯ (ᠲᠤᠷᠰᠢᠨ ᠬᠡᠷᠡᠭᠵᠢᠭᠦᠯᠬᠦ) (ᠰᠠᠨᠠᠯ ᠬᠤᠷᠢᠶᠠᠬᠤ ᠨᠣᠣᠷᠠᠭ)》᠎ᠤᠨ ᠰᠠᠨᠠᠯ ᠬᠤᠷᠢᠶᠠᠬᠤ ᠲᠤᠬᠠᠢ ᠵᠠᠬᠢᠳᠠᠯ
2024 ᠣᠨ᠎ᠤ ᠪᠥᠬᠥ ᠣᠷᠣᠨ᠎ᠤ ᠬᠥᠳᠡᠭᠡ ᠲᠣᠰᠬᠤᠨ᠎ᠤ ᠣᠷᠴᠢᠨ ᠲᠣᠭᠣᠷᠢᠨ᠎ᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠵᠢ ᠦᠨᠡᠯᠡᠨ ᠵᠢᠱ᠌ᠢᠵᠦ ᠪᠠᠢ᠌ᠴᠠᠭ᠋ᠠᠨ ᠰᠤᠳᠤᠯᠬᠤ ᠠᠵᠢᠯ ᠤᠷᠤᠭᠰᠢᠲᠠᠢ ᠳᠠᠭᠤᠰᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠴᠤᠷᠠᠭ ᠴᠢᠨᠠᠷᠲᠠᠢ ᠳᠠᠭ᠋ᠠᠯᠲᠠ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠨ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠤᠷᠤᠭᠰᠢᠲᠠᠢ ᠪᠡᠶᠡᠯᠡᠭᠦᠯᠪᠡ
ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠣᠨ ᠬᠥᠷᠥᠰᠥ ᠰᠢᠷᠣᠢ ᠵᠢᠨ ᠠᠮᠢ ᠠᠬᠤᠢ ᠣᠷᠴᠢᠨ ᠲᠣᠭᠣᠷᠢᠨ᠎ᠤ ᠮᠡᠷᠭᠡᠵᠢᠯ᠎ᠤᠨ ᠲᠥᠪ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠡᠷᠬᠢᠯᠡᠭᠰᠡᠨ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠲᠤᠰᠬᠠᠢ ᠪᠡᠯᠡ ᠮᠥᠩᠭᠥ ᠵᠢᠨ ᠳᠦᠷᠦᠯ ᠵᠦᠢ᠍ᠯ᠎ᠤᠨ ᠬᠠᠮᠢᠶᠠᠷᠤᠯᠲᠠ ᠵᠢᠨ ᠪᠣᠯᠪᠠᠰᠤᠷᠠᠯ᠎ᠤᠨ ᠠᠩᠭᠢ᠎ᠳᠤ ᠣᠷᠣᠯᠴᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ (2024 ᠣᠨ᠎ᠤ 12 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ)
 
             蒙ICP备05000248号