ᠡᠯ᠎ᠡ ᠬᠠᠮᠢᠶ᠎ᠠ ᠪᠦᠬᠦᠢ ᠨᠢᠭᠡᠴᠢ᠄
ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠲᠠᠷᠢᠶᠠᠯᠠᠩ᠎ᠤᠨ ᠣᠯᠠᠨ ᠡᠬᠢᠲᠦ ᠪᠣᠬᠢᠷᠲᠤᠯ᠎ᠢ ᠰᠡᠷᠭᠡᠢᠯᠡᠨ ᠵᠠᠰᠠᠬᠤ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ᠎ᠶᠢ ᠵᠢᠷᠤᠮᠵᠢᠭᠤᠯᠵᠤ᠂ ᠲᠠᠷᠢᠶᠠᠯᠠᠩ᠎ᠤᠨ ᠪᠣᠬᠢᠷᠲᠤᠯ ᠦᠭᠡᠢ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠶᠢᠨ ᠲᠥᠯᠥᠭᠡ᠂ ᠮᠠᠨ᠎ᠤ ᠲᠢᠩᠬᠢᠮ᠎ᠡᠴᠡ 《 ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠲᠠᠷᠢᠶᠠᠯᠠᠩ᠎ᠤᠨ ᠣᠯᠠᠨ ᠡᠬᠢᠲᠦ ᠪᠣᠬᠢᠷᠲᠤᠯ᠎ᠢ ᠰᠡᠷᠭᠡᠢᠯᠡᠨ ᠵᠠᠰᠠᠭᠰᠠᠨ ᠦᠷ᠎ᠡ ᠪᠦᠲᠦᠮᠵᠢ᠎ᠶᠢ ᠦᠨᠡᠯᠡᠨ ᠲᠣᠭᠲᠠᠭᠠᠬᠤ ᠮᠡᠷᠭᠡᠵᠢᠯ᠎ᠦᠨ ᠵᠢᠷᠤᠮᠵᠢᠯ ( ᠲᠤᠷᠰᠢᠨ ᠬᠡᠷᠡᠭᠵᠢᠭᠦᠯᠬᠦ ) ( ᠰᠠᠨᠠᠯ ᠬᠤᠷᠢᠶᠠᠬᠤ ᠨᠣᠣᠷᠠᠭ ) 》᠎ᠢ ᠵᠣᠬᠢᠶᠠᠨ ᠪᠠᠢᠭᠤᠯᠤᠨ ᠲᠤᠭᠤᠷᠪᠢᠵᠤ ᠂ ᠣᠷᠣᠨ ᠨᠤᠲᠤᠭ᠎ᠤᠨ ᠪᠠᠷᠢᠮᠵᠢᠶ᠎ᠠ᠎ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠠᠵᠢᠯ᠎ᠤᠨ ᠵᠢᠷᠤᠮ᠎ᠤᠨ ᠱᠠᠭᠠᠷᠳᠠᠯᠭ᠎ᠠ᠎ᠶᠢ ᠦᠨᠳᠦᠰᠦᠯᠡᠨ᠂ ᠡᠳᠦᠭᠡ ᠬᠠᠮᠢᠶ᠎ᠠ ᠪᠦᠬᠦᠢ ᠨᠢᠭᠡᠴᠢ᠎ᠡᠴᠡ ᠢᠯᠡ᠎ᠪᠡᠷ ᠰᠠᠨᠠᠯ ᠬᠤᠷᠢᠶᠠᠵᠤ ᠪᠠᠢᠨ᠎ᠠ᠂ 2025 ᠣᠨ᠎ᠤ 9 ᠰᠠᠷ᠎ᠠ᠎ᠶᠢᠨ 30᠎ᠤ ᠡᠳᠦᠷ᠎ᠡᠴᠡ ᠡᠮᠦᠨ᠎ᠡ ᠵᠠᠰᠠᠪᠤᠷᠢ ᠣᠷᠣᠭᠤᠯᠤᠭᠰᠠᠨ ᠰᠠᠨᠠᠯ᠎ᠢᠶᠠᠨ ᠮᠠᠨ᠎ᠤ ᠲᠢᠩᠬᠢᠮ᠎ᠦᠨ ᠬᠥᠷᠥᠰᠥ ᠰᠢᠷᠣᠢ᠎ᠶᠢᠨ ᠠᠮᠢ ᠠᠬᠤᠢ ᠣᠷᠴᠢᠨ ᠲᠣᠭᠣᠷᠢᠨ᠎ᠤ ᠭᠠᠵᠠᠷ᠎ᠲᠤ ᠬᠠᠷᠢᠭᠤ ᠲᠤᠰᠬᠠᠵᠤ᠂ ᠡᠯᠧᠺᠲᠷᠣᠨ ᠬᠡᠪᠯᠡᠯ᠎ᠢ ᠬᠠᠷᠢᠯᠴᠠᠬᠤ ᠬᠥᠮᠥᠨ᠎ᠦ ᠢᠮᠧᠯ᠎ᠳᠦ ᠵᠡᠷᠭᠡ᠎ᠪᠡᠷ ᠶᠠᠪᠤᠭᠤᠯᠤᠭᠠᠷᠠᠢ᠂ ᠬᠤᠭᠤᠴᠠᠭ᠎ᠠ᠎ᠠᠴᠠ ᠬᠡᠲᠦᠷᠡᠪᠡᠯ ᠰᠠᠨᠠᠯ ᠦᠭᠡᠢ᠎ᠪᠡᠷ ᠦᠵᠡᠨ᠎ᠡ᠃
ᠬᠠᠷᠢᠯᠴᠠᠬᠤ ᠬᠥᠮᠥᠨ ᠄ ᠦ᠋ ᠽᠧ ᠮᠢᠩ
ᠬᠠᠷᠢᠯᠴᠠᠬᠤ ᠬᠡᠯᠪᠡᠷᠢ ᠄ 0471-4632463
ᠢᠮᠧᠯ ᠄ nmgsthjttrc@163.com
ᠳᠠᠭᠠᠯᠳᠤᠭᠤᠯᠤᠯ ᠄ 1. ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠲᠠᠷᠢᠶᠠᠯᠠᠩ᠎ᠤᠨ ᠣᠯᠠᠨ ᠡᠬᠢᠲᠦ ᠪᠣᠬᠢᠷᠲᠤᠯ᠎ᠢ ᠰᠡᠷᠭᠡᠢᠯᠡᠨ ᠵᠠᠰᠠᠭᠰᠠᠨ ᠦᠷ᠎ᠡ ᠪᠦᠲᠦᠮᠵᠢ᠎ᠶᠢ ᠦᠨᠡᠯᠡᠨ ᠲᠣᠭᠲᠠᠭᠠᠬᠤ ᠮᠡᠷᠭᠡᠵᠢᠯ᠎ᠦᠨ ᠵᠢᠷᠤᠮᠵᠢᠯ ( ᠲᠤᠷᠰᠢᠨ ᠬᠡᠷᠡᠭᠵᠢᠭᠦᠯᠬᠦ ) ( ᠰᠠᠨᠠᠯ ᠬᠤᠷᠢᠶᠠᠬᠤ ᠨᠣᠣᠷᠠᠭ )
2 . ᠣᠷᠣᠨ ᠲᠣᠭᠠᠨ᠎ᠤ ᠲᠣᠳᠣᠷᠬᠠᠢᠯᠠᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
2025 ᠣᠨ᠎ᠤ 8 ᠰᠠᠷ᠎ᠠ᠎ᠶᠢᠨ 29᠎ᠤ ᠡᠳᠦᠷ