ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠬᠥᠷᠥᠰᠥ᠍ ᠰᠢᠷᠣᠢ ᠪᠠ ᠰᠠᠴᠤᠷᠠᠭ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠦᠬᠦ ᠣᠷᠣᠨ᠎ᠤ ᠬᠥᠷᠥᠰᠥ ᠰᠢᠷᠣᠢ᠂ ᠭᠠᠵᠠᠷ ᠳᠣᠣᠷᠠᠬᠢ ᠤᠰᠤ᠂ ᠬᠥᠳᠡᠭᠡ ᠲᠣᠰᠬᠣᠨ᠎ᠤ ᠣᠷᠴᠢᠨ ᠲᠣᠭᠣᠷᠢᠨ᠎ᠤ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ᠎ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-03-11

      3 ᠰᠠᠷ᠎ᠠ᠎ᠶᠢᠨ 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠥᠬᠥ ᠣᠷᠣᠨ᠎ᠤ ᠬᠥᠷᠥᠰᠥ ᠰᠢᠷᠣᠢ᠂ ᠭᠠᠵᠠᠷ ᠳᠣᠣᠷᠠᠬᠢ ᠤᠰᠤ᠂ ᠬᠥᠳᠡᠭᠡ ᠲᠣᠰᠬᠣᠨ᠎ᠤ ᠣᠷᠴᠢᠨ ᠲᠣᠭᠣᠷᠢᠨ᠎ᠤ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ᠎ᠶᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠲᠢᠩᠬᠢᠮ᠎ᠦᠨ ᠳᠠᠷᠤᠭ᠎ᠠ ᠸᠧᠢ ᠾᠧ ᠵᠠᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
      ᠬᠤᠷᠠᠯ᠎ᠠᠴᠠ᠂ 2024 ᠣᠨ ᠪᠣᠯ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲᠧᠮ᠎ᠤᠨ ᠪᠣᠭᠣᠮᠲᠠ ᠰᠢᠪᠲᠤᠯᠤᠨ ᠬᠦᠴᠢᠷ᠎ᠢ ᠳᠠᠪᠠᠵᠤ᠂ ᠢᠯᠡᠳᠲᠡ ᠦᠷ᠎ᠡ ᠪᠦᠲᠦᠮᠵᠢ ᠣᠯᠣᠭᠰᠠᠨ ᠨᠢᠭᠡ ᠵᠢᠯ ᠪᠣᠯᠣᠨ᠎ᠠ᠃ ᠪᠦᠬᠦ ᠣᠷᠣᠨ᠎ᠢᠶᠠᠷ᠎ᠢᠶᠠᠨ 《 ᠰᠠᠭᠤᠷᠢ᠎ᠶᠢ ᠲᠠᠯᠪᠢᠬᠤ᠂ ᠰᠢᠰᠲᠧᠮ ᠪᠠᠶ᠋ᠢᠭᠤᠯᠬᠤ᠂ ᠬᠣᠷᠢᠭ᠎ᠠ ᠱᠤᠭᠤᠮ᠎ᠢ ᠰᠠᠬᠢᠬᠤ᠂ ᠠᠶᠤᠯ ᠲᠦᠭᠰᠢᠭᠦᠷᠢ᠎ᠶᠢ ᠡᠵᠡᠮᠳᠡᠬᠦ 》ᠠᠵᠢᠯ᠎ᠤᠨ ᠰᠡᠳᠬᠢᠴᠡ᠎ᠶᠢᠨ ᠲᠣᠭᠣᠷᠢᠨ᠎ᠳᠤ᠂ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠵᠢᠴᠢ ᠬᠥᠳᠡᠭᠡ ᠲᠣᠰᠬᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠡᠯ᠎ᠡ ᠵᠦᠢᠯ᠎ᠦᠨ ᠠᠵᠢᠯ᠎ᠤᠨ ᠡᠭᠦᠷᠭᠡ᠎ᠶᠢ ᠪᠦᠬᠦ ᠲᠠᠯ᠎ᠠ᠎ᠪᠠᠷ ᠪᠡᠶᠡᠯᠡᠭᠦᠯᠵᠡᠢ ᠭᠡᠵᠦ ᠵᠢᠭᠠᠵᠤ ᠭᠠᠷᠭᠠᠪᠠ᠃
      ᠬᠤᠷᠠᠯ᠎ᠠᠴᠠ ᠡᠯ᠎ᠡ ᠠᠢᠮᠠᠭ ᠬᠤᠳᠠ᠎ᠶᠢᠨ ᠬᠥᠷᠥᠰᠥ ᠰᠢᠷᠣᠢ ᠪᠠ ᠭᠠᠵᠠᠷ ᠳᠣᠣᠷᠠᠬᠢ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ᠂ ᠬᠥᠳᠡᠭᠡ ᠲᠣᠰᠬᠣᠨ᠎ᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠵᠢᠴᠢ ᠲᠦᠷᠦᠯ ᠵᠦᠢᠯ᠎ᠢ ᠠᠬᠢᠭᠤᠯᠬᠤ ᠵᠡᠷᠭᠡ ᠲᠠᠯ᠎ᠠ᠎ᠪᠠᠷ ᠣᠷᠣᠰᠢᠵᠤ ᠪᠠᠢᠭ᠎ᠠ ᠲᠣᠪᠣᠢᠮ᠎ᠠ ᠠᠰᠠᠭᠤᠳᠠᠯ᠎ᠢ ᠵᠠᠷᠯᠠᠨ ᠮᠡᠳᠡᠭᠳᠡᠪᠡ᠃ ᠬᠤᠷᠠᠯ᠎ᠠᠴᠠ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠪᠥᠬᠥ ᠲᠠᠯ᠎ᠠ᠎ᠪᠠᠷ ᠡᠮᠬᠢᠯᠡᠨ ᠪᠠᠢᠴᠠᠭᠠᠵᠤ᠂ ᠠᠰᠠᠭᠤᠳᠠᠯ᠎ᠢ ᠢᠯᠭᠠᠷᠠᠭᠤᠯᠤᠨ ᠳᠢᠭᠯᠡᠵᠦ᠂ ᠴᠡᠭᠴᠡᠯᠡᠨ ᠰᠠᠢᠵᠢᠷᠠᠭᠤᠯᠬᠤ᠎ᠶᠢ ᠦᠨᠡᠨ ᠬᠦ᠌ ᠪᠠᠲᠤᠯᠠᠵᠤ᠂ ᠡᠯ᠎ᠡ ᠵᠦᠢᠯ᠎ᠦᠨ ᠠᠵᠢᠯ᠎ᠤᠨ ᠦᠨᠡᠨ ᠪᠣᠳᠠᠲᠠᠢ ᠠᠬᠢᠯᠲᠠ᠎ᠲᠠᠢ ᠪᠣᠯᠬᠤ᠎ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
      ᠬᠤᠷᠠᠯ᠎ᠠᠴᠠ᠂ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠦᠨ ᠬᠢᠨ ᠤᠯᠤᠰ ᠲᠦᠷᠦ᠎ᠶᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ ᠬᠣᠷᠢᠭ᠎ᠠ ᠱᠤᠭᠤᠮ᠎ᠤᠨ ᠰᠡᠳᠬᠢᠬᠦᠢ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠪᠠᠨ ᠴᠢᠩᠭᠠᠳᠬᠠᠵᠤ᠂ ᠬᠥᠷᠥᠰᠥ ᠰᠢᠷᠣᠢ᠂ ᠭᠠᠵᠠᠷ ᠳᠣᠣᠷᠠᠬᠢ ᠤᠰᠤ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠷᠴᠢᠨ ᠲᠣᠭᠣᠷᠢᠨ᠎ᠤ ᠠᠰᠠᠭᠤᠳᠠᠯ᠎ᠢ ᠵᠢᠭ᠍ᠰᠠᠭᠠᠨ ᠪᠠᠢᠴᠠᠭᠠᠬᠤ ᠪᠠ ᠴᠡᠭᠴᠡᠯᠡᠨ ᠰᠠᠢᠵᠢᠷᠠᠭᠤᠯᠬᠤ᠎ᠶᠢ ᠣᠳᠣᠬᠠᠨ᠎ᠤ ᠠᠵᠢᠯ᠎ᠤᠨ᠎ᠢᠶᠠᠨ ᠴᠢᠬᠤᠯᠠ᠎ᠠᠴᠠ ᠴᠢᠬᠤᠯᠠ ᠵᠦᠢᠯ ᠪᠣᠯᠭᠠᠨ ᠴᠢᠩᠭ᠎ᠠ ᠠᠳᠬᠤᠵᠤ ᠪᠣᠳᠠᠲᠠᠢ ᠠᠳᠬᠤᠵᠤ ᠨᠠᠷᠢᠯᠢᠭ᠋ ᠠᠳᠬᠤᠵᠤ᠂ 《 ᠴᠠᠭ ᠢᠮᠠᠭᠲᠠ ᠰᠠᠨᠠᠭᠠᠰᠢᠷᠠᠬᠤ 》 ᠬᠠᠷᠢᠭᠤᠴᠠᠯᠭᠠᠲᠤ ᠰᠡᠳᠬᠢᠯᠭᠡ᠎ᠪᠡᠨ 《 ᠶᠠᠪᠤᠳᠠᠯ ᠪᠦᠬᠦᠨ᠎ᠳᠦ ᠳᠣᠲᠣᠷ᠎ᠠ᠎ᠪᠠᠨ ᠲᠣᠭ᠎ᠠ᠎ᠲᠠᠢ ᠪᠠᠢᠬᠤ 》 ᠠᠵᠢᠯᠯᠠᠭᠠᠨ᠎ᠤ ᠬᠦᠴᠦᠨ ᠪᠣᠯᠭᠠᠨ ᠬᠤᠪᠢᠷᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ᠎ᠶᠢ ᠤᠶᠠᠯᠳᠤᠭᠤᠯᠬᠤ ᠬᠡᠯᠪᠡᠷᠢ᠎ᠪᠡᠷ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠬᠥᠷᠥᠰᠥ ᠰᠢᠷᠣᠢ᠎ᠶᠢᠨ ᠭᠠᠵᠠᠷ ᠪᠣᠯᠣᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠶᠡᠷᠦᠩᠬᠡᠢ ᠦᠷᠳᠡᠭᠡ᠂ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ᠂ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠬᠦᠷᠢᠶᠡᠯᠡᠩ᠂ ᠬᠥᠷᠥᠰᠥ ᠰᠢᠷᠣᠢ᠎ᠶᠢ ᠲᠣᠭᠲᠠᠪᠤᠷᠢᠵᠢᠭᠤᠯᠬᠤ ᠲᠥᠪ᠎ᠦᠨ ᠬᠠᠷᠢᠭᠤᠴᠠᠯᠭᠠᠲᠠᠨ ᠨᠥᠬᠥᠳ ᠵᠢᠴᠢ ᠬᠠᠮᠢᠶ᠎ᠠ ᠪᠦᠬᠦᠢ ᠺᠠᠳ᠋ᠷ ᠠᠵᠢᠯᠲᠠᠨ ᠭᠣᠣᠯ ᠬᠤᠷᠠᠯ᠎ᠤᠨ ᠲᠠᠯᠠᠪᠠᠢ᠎ᠳᠤ ᠬᠤᠷᠠᠯ᠎ᠳᠤ ᠣᠷᠣᠯᠴᠠᠵᠤ᠂ ᠡᠯ᠎ᠡ ᠠᠢᠮᠠᠭ ᠬᠤᠳᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠶᠢᠨ ᠬᠤᠪᠢᠳᠠᠨ ᠬᠠᠮᠢᠶᠠᠷᠴᠤ ᠪᠠᠢᠭ᠎ᠠ ᠬᠠᠷᠢᠭᠤᠴᠠᠯᠭᠠᠲᠠᠨ ᠨᠥᠬᠥᠳ ᠵᠢᠴᠢ ᠬᠠᠮᠢᠶ᠎ᠠ ᠪᠦᠬᠦᠢ ᠺᠠᠳ᠋ᠷ ᠠᠵᠢᠯᠲᠠᠨ ᠬᠤᠪᠢᠶᠠᠷᠢ ᠬᠤᠷᠠᠯ᠎ᠤᠨ ᠲᠠᠯᠠᠪᠠᠢ᠎ᠳᠤ ᠬᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号