2024 ᠣᠨ᠎ᠤ ᠪᠥᠬᠥ ᠣᠷᠣᠨ᠎ᠤ ᠣᠷᠴᠢᠨ ᠲᠣᠭᠣᠷᠢᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠬᠦ ᠮᠡᠷᠭᠡᠵᠢᠯ᠎ᠤᠨ ᠪᠣᠯᠪᠠᠰᠤᠷᠠᠯ᠎ᠤᠨ ᠠᠩᠭᠢ 9 ᠰᠠᠷ᠎ᠠ ᠵᠢᠨ 9᠎ᠤ ᠡᠳᠦᠷ᠎ᠠᠴᠠ 13᠎ᠤ ᠡᠳᠦᠷ ᠪᠣᠯᠲᠠᠯ᠎ᠠ ᠤᠯᠠᠭ᠋ᠠᠨᠴᠠᠪ ᠬᠣᠲᠠ᠎ᠳᠤ ᠤᠷᠤᠭᠰᠢᠲᠠᠢ ᠶᠠᠪᠤᠭᠳᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ (ᠳᠣᠷᠣᠭᠰᠢ 《ᠶᠡᠷᠦᠩᠬᠡᠢ ᠥᠷᠲᠡᠭᠡ》 ᠭᠡᠵᠦ ᠲᠣᠪᠴᠢᠯᠠᠨ᠎ᠠ) ᠵᠢᠴᠢ ᠡᠯ᠎ᠡ ᠬᠤᠪᠢᠶᠠᠷᠢ ᠥᠷᠲᠡᠭᠡ ᠵᠢᠨ ᠬᠠᠮᠢᠶ᠎ᠠ ᠪᠦᠬᠦᠢ ᠤᠳᠤᠷᠢᠳᠤᠯᠭ᠎ᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢᠨ ᠬᠠᠮᠢᠶ᠎ᠠ ᠪᠦᠬᠦᠢ ᠮᠡᠷᠭᠡᠵᠢᠯ᠎ᠤᠨ ᠠᠵᠢᠯᠲᠠᠨ ᠪᠠᠷᠤᠭ 70 ᠬᠥᠮᠥᠨ ᠪᠣᠯᠪᠠᠰᠤᠷᠠᠯ᠎ᠳᠤ ᠣᠷᠣᠯᠴᠠᠬᠤ ᠵᠢᠨ ᠬᠠᠮᠲᠤ᠂ ᠡᠯ᠎ᠡ ᠬᠤᠪᠢᠶᠠᠷᠢ ᠥᠷᠲᠡᠭᠡ᠎ᠨᠢ ᠠᠪᠴᠤ ᠶᠠᠪᠤᠬᠤ᠎ᠳᠤ ᠲᠥᠬᠥᠮ ᠬᠡᠯᠪᠡᠷᠢ ᠵᠢᠨ ᠬᠡᠢ ᠹᠠᠰ᠎ᠤᠨ ᠥᠩᠭᠡ ᠵᠢᠨ ᠵᠢᠭᠰᠠᠯ — ᠮᠠᠰ᠎ᠤᠨ ᠵᠢᠭᠰᠠᠯ᠎ᠤᠨ ᠬᠡᠮᠵᠢᠭᠦᠷᠯᠢᠭ ᠵᠶ᠋ᠡᠨ ᠠᠪᠴᠤ ᠪᠣᠳᠠᠲᠤ ᠦᠢ᠍ᠯᠡᠳᠦᠯᠭᠡ ᠵᠢᠨ ᠪᠣᠯᠪᠠᠰᠤᠷᠠᠯ᠎ᠳᠤ ᠣᠷᠣᠯᠴᠠᠪᠠ᠃
ᠠᠩᠭᠢ ᠡᠬᠢᠯᠡᠬᠦ ᠶᠣᠰᠣᠯᠠᠯ ᠳᠡᠭᠡᠷ᠎ᠡ ᠶᠡᠷᠦᠩᠬᠡᠢ ᠥᠷᠲᠡᠭᠡᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠳᠡᠳ᠋ ᠳᠠᠷᠤᠭ᠎ᠠ ᠹᠠᠨ ᠴᠢᠩ ᠶᠦᠨ ᠠᠩᠭᠢ ᠡᠬᠢᠯᠡᠬᠦ ᠳᠠᠢ᠌ᠴᠢᠯᠠᠯᠲᠠ ᠵᠢᠨ ᠶᠠᠷᠢᠶ᠎ᠠ ᠲᠠᠯᠪᠢᠵᠠᠢ᠃ ᠲᠡᠷᠡ᠂ ᠲᠣᠰ ᠤᠳᠠᠭ᠋ᠠᠨ᠎ᠤ ᠪᠣᠯᠪᠠᠰᠤᠷᠠᠯ ᠪᠣᠯ ᠬᠢᠨᠠᠨ ᠰᠢᠯᠭ᠋ᠠᠬᠤ ᠠᠵᠢᠯᠲᠠᠨ᠎ᠤ ᠣᠷᠴᠢᠨ ᠠᠬᠤᠢ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠬᠦ ᠴᠢᠳᠠᠪᠤᠷᠢ ᠵᠢ ᠳᠡᠭᠡᠭᠰᠢᠯᠡᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠥᠬᠦᠭᠡᠷᠦᠮᠵᠢ ᠵᠢᠨ ᠬᠡᠷᠡᠭᠯᠡᠯᠲᠡ᠂ ᠰᠡᠯᠪᠢᠨ ᠵᠠᠰᠠᠯᠲᠠ᠂ ᠬᠠᠮᠠᠭ᠋ᠠᠯᠠᠯᠲᠠ ᠵᠢᠨ ᠳᠠᠪᠲᠠᠮᠵᠢ ᠪᠣᠯᠣᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠤᠯᠠᠨ ᠵᠶ᠋ᠠᠷ ᠵᠶ᠋ᠠᠨ ᠣᠷᠴᠢᠨ ᠲᠣᠭᠣᠷᠢᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠭᠡᠨᠡᠳᠲᠡ ᠵᠢᠨ ᠬᠡᠷᠡᠭ᠎ᠤᠨ ᠡᠮᠦᠨ᠎ᠡ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢ ᠵᠢᠷᠤᠮᠵᠢᠭᠤᠯᠤᠨ ᠥᠷᠨᠢᠭᠦᠯᠵᠦ᠂ ᠣᠨᠴᠠᠯᠢᠭᠲᠤ ᠪᠣᠬᠢᠷᠲᠤᠯ ᠪᠣᠳᠠᠰ᠎ᠢ ᠲᠦᠷᠭᠡᠨ ᠢᠯᠭ᠋ᠠᠨ ᠲᠠᠨᠢᠬᠤ ᠵᠢᠨ ᠲᠥᠯᠥᠭᠡ ᠶᠤᠮ ᠭᠡᠵᠦ ᠴᠢᠬᠤᠯᠠᠴᠢᠯᠠᠪᠠ᠃ ᠪᠣᠯᠪᠠᠰᠤᠷᠠᠯ᠎ᠳᠤ ᠣᠷᠣᠯᠴᠠᠭᠰᠠᠨ ᠪᠥᠬᠥ ᠬᠥᠮᠥᠰ᠎ᠢ ᠲᠡᠷᠢᠭᠦᠨ᠎ᠤ᠎ᠬᠢ᠎ᠠᠴᠠ ᠰᠤᠷᠤᠯᠴᠠᠵᠤ᠂ ᠴᠢᠭᠯᠡᠯ᠎ᠢ ᠲᠣᠳᠣᠷᠬᠠᠢ ᠣᠢ᠌ᠯᠠᠭ᠋ᠠᠵᠤ᠂ ᠵᠥᠷᠢᠶ᠎ᠡ᠎ᠪᠠᠨ ᠡᠷᠢᠵᠦ᠂ ᠨᠠᠢ᠌ᠳᠠᠪᠤᠷᠢᠵᠢᠭᠤᠯᠤᠯᠲᠠ ᠵᠢ ᠠᠳᠬᠤᠨ᠂ ᠣᠷᠴᠢᠨ ᠲᠣᠭᠣᠷᠢᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠬᠦ ᠴᠢᠳᠠᠪᠤᠷᠢ ᠵᠢᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠶ᠃ ᠡᠨᠡ ᠤᠳᠠᠭ᠎ᠠ ᠵᠢᠨ ᠴᠠᠬᠢᠯᠭ᠋ᠠᠨ ᠴᠡᠨᠡᠭᠯᠡᠵᠦ ᠡᠨᠧᠷᠭᠢ ᠵᠢ ᠳᠡᠭᠡᠭᠰᠢᠯᠡᠭᠦᠯᠬᠦ ᠲᠣᠬᠢᠶᠠᠯ᠎ᠢ ᠠᠮᠵᠢᠵᠤ᠂ ᠪᠣᠯᠪᠠᠰᠤᠷᠠᠯ᠎ᠤᠨ ᠠᠭᠤᠯᠭ᠎ᠠ ᠵᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠢ᠌ᠯᠠᠭ᠋ᠠᠵᠤ᠂ ᠲᠠᠷᠢᠬᠢᠨ᠎ᠳᠠᠭᠠᠨ ᠬᠠᠳᠠᠩᠰᠢᠭᠤᠯᠤᠨ ᠰᠡᠳᠬᠢᠯ᠎ᠳᠡᠭᠡᠨ ᠲᠣᠭᠲᠠᠭ᠋ᠠᠵᠤ᠂ ᠠᠵᠢᠯ᠎ᠳᠠᠭᠠᠨ ᠦᠷ᠎ᠡ ᠪᠦᠲᠦᠮᠵᠢ ᠭᠠᠷᠭ᠋ᠠᠬᠤ ᠬᠡᠷᠡᠭᠲᠡᠢ ᠭᠡᠵᠦ ᠱᠠᠭ᠋ᠠᠷᠳᠠᠪᠠ᠃
ᠲᠣᠰ ᠤᠳᠠᠭ᠋ᠠᠨ᠎ᠤ ᠪᠣᠯᠪᠠᠰᠤᠷᠠᠯ᠎ᠨᠢ 5 ᠡᠳᠦᠷ᠎ᠤᠨ ᠬᠤᠭᠤᠴᠠᠭ᠎ᠠ᠎ᠲᠠᠢ ᠶᠠᠪᠤᠭᠳᠠᠵᠤ᠂ ᠴᠦᠩᠴᠢᠩ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ᠂ ᠲᠢᠶᠠᠨᠵᠢᠨ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ᠎ᠤᠨ ᠲᠤᠰᠬᠠᠢ ᠮᠡᠷᠭᠡᠵᠢᠯᠲᠡᠨ ᠵᠢᠴᠢ ᠬᠣᠯᠪᠣᠭᠳᠠᠯ ᠪᠦᠬᠦᠢ ᠬᠤᠪᠢᠶᠠᠷᠢ ᠥᠷᠲᠡᠭᠡ ᠵᠢᠨ ᠬᠠᠮᠲᠤ ᠠᠵᠢᠯᠯᠠᠭᠰᠠᠳ᠎ᠢ ᠣᠨᠴᠠᠭ᠋ᠠᠢ᠌ᠯᠠᠨ ᠤᠷᠢᠵᠤ ᠬᠢᠴᠢᠶᠡᠯ ᠣᠷᠣᠭᠤᠯᠪᠠ᠃ ᠬᠢᠴᠢᠶᠡᠯ᠎ᠳᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠪᠠᠢ᠌ᠭᠤᠯᠤᠮᠵᠢ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢᠨ ᠪᠡᠯᠡᠳᠬᠡᠯ ᠲᠥᠰᠥᠯ᠎ᠤᠨ ᠵᠦᠭᠯᠡᠭᠦᠷ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢᠨ ᠮᠡᠳᠡᠭᠦᠯᠦᠯᠲᠡ ᠵᠢ ᠨᠠᠢ᠌ᠷᠠᠭᠤᠯᠤᠨ ᠵᠣᠬᠢᠶᠠᠬᠤ ᠵᠢᠷᠤᠮᠵᠢᠯ᠎ᠤᠨ ᠭᠣᠣᠯᠳᠠᠯᠭ᠎ᠠ᠂ ᠠᠪᠴᠤ ᠶᠠᠪᠤᠬᠤ᠎ᠳᠤ ᠲᠥᠬᠥᠮ ᠬᠡᠯᠪᠡᠷᠢ ᠵᠢᠨ ᠬᠡᠢ ᠹᠠᠰ᠎ᠤᠨ ᠥᠩᠭᠡ ᠪᠤᠳᠤᠭ᠎ᠤᠨ ᠵᠢᠭᠰᠠᠯ — ᠮᠠᠰ ᠵᠢᠭᠰᠠᠯ᠎ᠤᠨ ᠬᠡᠮᠵᠢᠭᠦᠷᠯᠢᠭ ᠢ ᠪᠣᠳᠠᠲᠠᠢ ᠬᠡᠷᠡᠭᠯᠡᠬᠦ ᠵᠢᠴᠢ ᠣᠢ᠌ᠷ᠎ᠠ ᠵᠢᠨ ᠵᠢᠯ᠎ᠳᠤ ᠬᠢᠩᠭ᠋ᠠᠨ ᠠᠶ᠋ᠢᠮᠠᠭ᠂ ᠪᠤᠭᠤᠲᠤ ᠬᠣᠲᠠ᠂ ᠦᠬᠠᠢ ᠬᠣᠲᠠ᠂ ᠭᠡᠭᠡᠨ ᠭᠣᠣᠯ ᠬᠣᠲᠠ᠎ᠳᠤ ᠡᠭᠦᠰᠦᠭᠰᠡᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢᠨ ᠡᠨᠳᠡᠯ᠎ᠤᠨ ᠪᠠᠢ᠌ᠳᠠᠯ᠎ᠢ ᠳᠠᠬᠢᠨ ᠡᠷᠭᠢᠴᠡᠭᠦᠯᠬᠦ ᠵᠡᠷᠭᠡ ᠠᠭᠤᠯᠭ᠎ᠠ ᠵᠢ ᠪᠠᠭᠲᠠᠭ᠋ᠠᠪᠠ᠃ ᠪᠣᠯᠪᠠᠰᠤᠷᠠᠯ᠎ᠤᠨ ᠬᠡᠯᠪᠡᠷᠢ᠎ᠨᠢ ᠤᠯᠠᠨ ᠶᠠᠩᠵᠤ ᠵᠢᠨ ᠪᠠᠢ᠌ᠵᠤ᠂ ᠲᠠᠢ᠌ᠯᠤᠮᠵᠢ ᠬᠢᠬᠦ ᠪᠠ ᠬᠡᠷᠡᠭ᠎ᠤᠨ ᠵᠢᠱ᠌ᠢᠶ᠎ᠡ᠂ ᠰᠤᠳᠤᠯᠤᠨ ᠶᠠᠷᠢᠯᠴᠠᠬᠤ᠂ ᠲᠤᠬᠠᠢ ᠵᠢᠨ ᠲᠠᠯᠠᠪᠤᠷ᠎ᠲᠤ ᠪᠣᠳᠠᠲᠠᠢ ᠦᠢ᠍ᠯᠡᠳᠦᠯᠭᠡ ᠬᠢᠬᠦ ᠵᠡᠷᠭᠡ᠎ᠲᠠᠢ ᠤᠶᠠᠯᠳᠤᠭᠤᠯᠪᠠ᠃
ᠰᠤᠳᠤᠯᠤᠨ ᠶᠠᠷᠢᠯᠴᠠᠬᠤ᠎ᠪᠠᠷ ᠳᠠᠮᠵᠢᠨ᠂ ᠪᠣᠯᠪᠠᠰᠤᠷᠠᠯ᠎ᠳᠤ ᠣᠷᠣᠯᠴᠠᠭᠰᠠᠳ ᠲᠣᠰ ᠥᠷᠲᠡᠭᠡᠨ᠎ᠤ ᠪᠣᠳᠠᠲᠠᠢ ᠪᠠᠶ᠋ᠢᠳᠠᠯ᠎ᠲᠠᠢ᠎ᠪᠠᠨ ᠤᠶᠠᠯᠳᠤᠭᠤᠯᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠬᠦ ᠠᠵᠢᠯ ᠪᠠ ᠡᠳᠦᠷ ᠲᠤᠲᠤᠮ᠎ᠤᠨ ᠬᠢᠨᠠᠨ ᠬᠡᠮᠵᠢᠬᠦ ᠡᠭᠦᠷᠭᠡ ᠵᠢᠨ ᠳᠤᠮᠳᠠ ᠲᠤᠯᠭ᠋ᠠᠷᠠᠭᠰᠠᠨ ᠭᠣᠣᠯ ᠠᠰᠠᠭᠤᠳᠠᠯ᠎ᠢ ᠰᠤᠳᠤᠯᠤᠨ ᠶᠠᠷᠢᠯᠴᠠᠵᠤ᠂ ᠲᠤᠷᠰᠢᠯᠲᠠ ᠵᠢᠨ ᠲᠥᠪ᠎ᠤᠨ ᠳᠡᠳ᠋ ᠡᠷᠬᠢᠯᠡᠭᠴᠢ ᠯᠢ ᠯᠢᠶᠠᠩ ᠵᠢᠴᠢ ᠡᠯ᠎ᠡ ᠬᠤᠪᠢᠶᠠᠷᠢ ᠥᠷᠲᠡᠭᠡᠨ᠎ᠤ ᠤᠳᠤᠷᠢᠳᠤᠯᠭ᠎ᠠ ᠨᠠᠷ ᠵᠣᠬᠢᠴᠠᠩᠭᠤᠢ ᠰᠢᠢ᠍ᠳᠪᠦᠷᠢᠯᠡᠬᠦ ᠠᠷᠭ᠎ᠠ ᠳᠤᠷᠠᠳᠤᠨ ᠭᠠᠷᠭ᠋ᠠᠵᠤ᠂ ᠪᠣᠯᠪᠠᠰᠤᠷᠠᠯ᠎ᠤᠨ ᠦᠷ᠎ᠡ ᠪᠦᠲᠦᠮᠵᠢ ᠵᠢ ᠶᠡᠬᠡ᠎ᠪᠠᠷ ᠳᠡᠭᠡᠭᠰᠢᠯᠡᠭᠦᠯᠪᠡ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢᠨ ᠦᠢ᠍ᠯᠡᠳᠦᠯᠭᠡ ᠳᠤᠮᠳᠠ᠂ ᠴᠠᠭ ᠲᠤᠬᠠᠢᠳᠤᠨᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠦᠭᠡᠢ᠂ ᠮᠡᠷᠭᠡᠵᠢᠯ᠎ᠤᠨ ᠲᠥᠬᠦᠭᠡᠷᠦᠮᠵᠢ ᠬᠣᠴᠣᠷᠤᠩᠭᠤᠶ᠂ ᠠᠵᠢᠯᠲᠠᠨ᠎ᠤ ᠲᠤᠰᠬᠠᠢ ᠮᠡᠷᠭᠡᠵᠢᠯ᠎ᠤᠨ ᠴᠢᠳᠠᠪᠤᠷᠢ ᠬᠦᠷᠦᠯᠴᠡᠬᠦ ᠦᠭᠡᠢ᠂ ᠪᠡᠯᠡᠳᠬᠡᠯ ᠲᠥᠰᠥᠯ᠎ᠨᠢ ᠬᠠᠨᠳᠤᠯᠭ᠋ᠠᠲᠤ ᠴᠢᠨᠠᠷ ᠵᠶ᠋ᠠᠷ ᠳᠤᠲᠠᠮᠠᠭ ᠵᠢᠴᠢ ᠬᠡᠷᠡᠭᠵᠢᠭᠦᠯᠵᠦ ᠪᠣᠯᠬᠤᠶ᠋ᠢᠴᠠ ᠴᠢᠨᠠᠷ ᠵᠶ᠋ᠠᠷ ᠳᠤᠲᠠᠮᠠᠭ ᠵᠡᠷᠭᠡ ᠠᠰᠠᠭᠤᠳᠠᠯ᠎ᠳᠤ ᠴᠢᠭᠯᠡᠭᠦᠯᠦᠨ᠂ ᠡᠯ᠎ᠡ ᠬᠤᠪᠢᠶᠠᠷᠢ ᠥᠷᠲᠡᠭᠡ ᠵᠢᠨ ᠮᠡᠷᠭᠡᠵᠢᠯ᠎ᠤᠨ ᠠᠵᠢᠯᠲᠠᠳ ᠠᠳᠠᠯᠢ ᠪᠤᠰᠤ ᠠᠵᠢᠯ᠎ᠤᠨ ᠪᠠᠶ᠋ᠢᠷᠢ ᠵᠢᠨ ᠲᠤᠬᠠᠢ᠌ᠯᠠᠭᠰᠠᠨ ᠠᠵᠢᠯ᠎ᠳᠠᠭᠠᠨ ᠰᠠᠭᠤᠷᠢᠯᠠᠨ ᠦᠵᠡᠯᠲᠡ᠎ᠪᠠᠨ ᠳᠤᠷᠠᠳᠴᠤ᠂ ᠵᠣᠬᠢᠴᠠᠩᠭᠤᠢ ᠰᠢᠢ᠍ᠳᠪᠦᠷᠢᠯᠡᠬᠦ ᠠᠷᠭ᠎ᠠ ᠠᠪᠴᠢᠯ ᠪᠠ ᠠᠷᠭ᠎ᠠ ᠪᠣᠳᠣᠯᠭ᠎ᠠ ᠵᠢ ᠳᠤᠷᠠᠳᠤᠨ ᠭᠠᠷᠭ᠋ᠠᠪᠠ᠂ ᠵᠢᠱ᠌ᠢᠶᠡᠯᠡᠪᠡᠯ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠬᠠᠮᠵᠢᠯᠴᠠᠭ᠋ᠠᠨ᠎ᠤ ᠲᠣᠭᠲᠠᠴᠠ ᠵᠢ ᠪᠠᠢ᠌ᠭᠤᠯᠬᠤ; ᠣᠲᠣ ᠵᠢᠨ ᠪᠠᠢ᠌ᠭ᠎ᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠣᠨᠣᠭ ᠲᠥᠬᠦᠭᠡᠷᠦᠮᠵᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠬᠡᠷᠡᠭᠯᠡᠬᠦ᠂ ᠬᠠᠮᠠᠭ᠋ᠠᠯᠠᠬᠤ ᠪᠠ ᠲᠠᠰ ᠳᠡᠪᠰᠢᠭᠦᠯᠬᠦ; ᠲᠣᠭᠲᠠᠮᠠᠯ ᠬᠤᠭᠤᠴᠠᠭ᠎ᠠ᠎ᠲᠠᠢ᠎ᠪᠠᠷ ᠲᠤᠰᠬᠠᠢ ᠮᠡᠷᠭᠡᠵᠢᠯ᠎ᠤᠨ ᠪᠣᠯᠪᠠᠰᠤᠷᠠᠯ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠵᠢ ᠵᠣᠬᠢᠶᠠᠨ ᠪᠠᠢ᠌ᠭᠤᠯᠬᠤ᠂ ᠦᠨᠡᠨ ᠪᠣᠳᠠᠲᠠᠢ ᠠᠬᠤᠢ ᠪᠠᠶ᠋ᠢᠳᠠᠯ᠎ᠢ ᠳᠠᠭᠤᠷᠢᠶᠠᠨ᠂ ᠡᠩ᠎ᠤᠨ ᠦᠶ᠎ᠡ ᠪᠠ ᠳᠠᠢ᠌ᠯᠠᠯᠳᠤᠭ᠋ᠠᠨ᠎ᠤ ᠦᠶ᠎ᠡ ᠵᠢ ᠤᠶᠠᠯᠳᠤᠭᠤᠯᠬᠤ᠂ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠰᠢᠨᠵᠢᠯᠡᠬᠦ ᠤᠬᠠᠭ᠋ᠠᠨᠴᠢ᠂ ᠵᠦᠢ ᠵᠣᠬᠢᠰᠲᠠᠢ ᠬᠡᠷᠡᠭᠵᠢᠭᠦᠯᠵᠦ ᠪᠣᠯᠬᠤᠶ᠋ᠢᠴᠠ ᠴᠢᠨᠠᠷ ᠵᠶ᠋ᠠᠷ ᠴᠢᠩᠭ᠎ᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠲᠣᠭᠲᠠᠭ᠋ᠠᠬᠤ ᠵᠢᠨ ᠬᠠᠮᠲᠤ ᠲᠣᠭᠲᠠᠮᠠᠯ ᠬᠤᠭᠤᠴᠠᠭ᠎ᠠ᠎ᠲᠠᠢ᠎ᠪᠠᠷ ᠵᠠᠰᠠᠪᠤᠷᠢ ᠣᠷᠣᠭᠤᠯᠬᠤ ᠵᠡᠷᠭᠡ ᠪᠣᠯᠣᠨ᠎ᠠ᠃ ᠮᠥᠨ ᠤᠯᠠᠨ ᠲᠠᠯ᠎ᠠ ᠠᠴᠠ ᠭᠠᠷᠳᠠᠵᠤ᠂ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠲᠤᠰᠬᠠᠢ ᠮᠡᠷᠭᠡᠵᠢᠯ᠎ᠤᠨ ᠤᠷ᠎ᠠ ᠴᠢᠳᠠᠪᠤᠷᠢ᠂ ᠭᠡᠨᠡᠳᠲᠡ ᠵᠢᠨ ᠬᠡᠷᠡᠭ ᠢ ᠠᠷᠭ᠋ᠠᠴᠠᠭ᠋ᠠᠬᠤ ᠴᠢᠳᠠᠪᠤᠷᠢ ᠪᠣᠯᠣᠨ ᠬᠢᠷᠢ ᠲᠦᠪᠰᠢᠨ ᠵᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ ᠭᠡᠰᠡᠨ ᠪᠠᠢ᠌ᠨ᠎ᠠ᠃
ᠪᠣᠯᠪᠠᠰᠤᠷᠠᠯ ᠳᠠᠭᠤᠰᠤᠭᠰᠠᠨ᠎ᠤ ᠳᠠᠷᠠᠭ᠎ᠠ᠂ ᠪᠣᠯᠪᠠᠰᠤᠷᠠᠯ᠎ᠳᠤ ᠣᠷᠣᠯᠴᠠᠭᠰᠠᠳ ᠠᠯᠢᠪᠠᠪᠠ ᠵᠢᠨ ᠤᠯᠠᠭ᠋ᠠᠨᠴᠠᠪ᠎ᠤᠨ ᠨᠡᠭᠡᠭᠡᠯᠲᠡ ᠵᠢᠨ ᠲᠣᠭᠣᠷᠢᠭ᠎ᠤᠨ ᠲᠣᠭ᠎ᠠ ᠪᠠᠷᠢᠮᠲᠠ ᠵᠢᠨ ᠲᠥᠪ᠎ᠲᠤ ᠬᠦᠷᠴᠦ ᠲᠣᠭᠣᠷᠢᠨ ᠦᠵᠡᠵᠦ ᠰᠤᠷᠤᠯᠴᠠᠵᠤ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠬᠢᠭᠡᠳ ᠲᠣᠮᠣ ᠳ᠋ᠠᠢ᠌ᠲ᠋ᠠ᠂ ᠡᠭᠦᠯᠡᠨ ᠪᠣᠳᠣᠯᠲᠠ ᠪᠠ ᠵᠣᠬᠢᠶᠠᠮᠠᠯ ᠣᠶᠤᠨ ᠴᠢᠳᠠᠪᠤᠷᠢ ᠵᠡᠷᠭᠡ ᠲᠡᠷᠢᠭᠦᠨ᠎ᠤ ᠮᠡᠷᠭᠡᠵᠢᠯ᠎ᠤᠨ ᠬᠠᠮᠲᠤᠷᠠᠯᠴᠠᠭ᠎ᠠ ᠵᠢᠨ ᠪᠣᠯᠣᠯᠴᠠᠭ᠋ᠠᠲᠤ ᠴᠢᠨᠠᠷ᠎ᠢ ᠰᠤᠳᠤᠯᠤᠨ ᠶᠠᠷᠢᠯᠴᠠᠪᠠ᠃ ᠨᠢᠭᠡ ᠲᠠᠯ᠎ᠠ᠎ᠪᠠᠷ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ᠎ᠨᠢ ᠠᠯᠢᠪᠠᠪᠠ ᠵᠢᠨ ᠲᠣᠭ᠎ᠠ ᠪᠠᠷᠢᠮᠲᠠ ᠵᠢᠨ ᠲᠥᠪ᠎ᠤᠨ ᠡᠵᠡᠩᠨᠡᠯᠲᠡ᠎ᠳᠤ ᠴᠢᠬᠤᠯᠠ ᠯᠠᠪᠯᠠᠯᠲᠠ ᠬᠠᠩᠭ᠋ᠠᠵᠤ ᠪᠣᠯᠣᠨ᠎ᠠ᠃ ᠲᠣᠭ᠎ᠠ ᠪᠠᠷᠢᠮᠲᠠ ᠵᠢ ᠴᠠᠭ ᠲᠤᠬᠠᠢᠳᠤᠨᠢ ᠬᠢᠨᠠᠨ ᠬᠡᠮᠵᠢᠬᠦ ᠪᠠ ᠣᠷᠴᠢᠨ ᠲᠣᠭᠣᠷᠢᠨ᠎ᠤ ᠲᠣᠭ᠎ᠠ ᠪᠠᠷᠢᠮᠲᠠ ᠵᠢ ᠵᠠᠳᠠᠯᠬᠤ᠎ᠪᠠᠷ ᠳᠠᠮᠵᠢᠭᠤᠯᠤᠨ᠂ ᠲᠣᠭ᠎ᠠ ᠪᠠᠷᠢᠮᠲᠠ ᠵᠢᠨ ᠲᠥᠪ᠎ᠨᠢ ᠡᠨᠧᠷᠭᠢ ᠵᠢᠨ ᠬᠣᠷᠣᠭᠳᠠᠯ᠎ᠢ ᠨᠠᠩ ᠣᠨᠣᠪᠴᠢᠲᠠᠢ ᠡᠵᠡᠮᠳᠡᠵᠦ᠂ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠦᠨ᠂ ᠠᠵᠢᠯᠯᠠᠭ᠋ᠠᠨ᠎ᠤ ᠦᠷ᠎ᠡ ᠪᠦᠲᠦᠮᠵᠢ ᠪᠠ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠪᠣᠯᠣᠨ᠎ᠠ᠃ ᠨᠥᠭᠥᠭᠡ ᠲᠠᠯ᠎ᠠ᠎ᠪᠠᠷ᠂ ᠠᠯᠢᠪᠠᠪᠠ ᠵᠢᠨ ᠲᠣᠭ᠎ᠠ ᠪᠠᠷᠢᠮᠲᠠ ᠵᠢᠨ ᠲᠥᠪ᠎ᠤᠨ ᠲᠣᠮᠣ ᠳ᠋ᠠᠢ᠌ᠲ᠋ᠠ ᠵᠢ ᠰᠢᠢ᠍ᠳᠪᠦᠷᠢᠯᠡᠬᠦ ᠴᠢᠳᠠᠪᠤᠷᠢ᠎ᠨᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢᠨ ᠵᠠᠳᠠᠯᠤᠯᠲᠠ᠎ᠳᠤ ᠬᠦᠴᠦᠲᠡᠢ ᠳᠡᠮᠵᠢᠯᠭᠡ ᠬᠠᠩᠭ᠋ᠠᠵᠤ ᠪᠣᠯᠣᠨ᠎ᠠ᠃ ᠠᠯᠢ ᠡᠭᠦᠯᠡᠨ ᠲᠠᠪᠴᠠᠩ᠎ᠤᠨ ᠬᠦᠴᠦᠷᠬᠡᠭ ᠶᠡᠬᠡ ᠪᠣᠳᠣᠯᠭ᠎ᠠ ᠵᠢᠨ ᠴᠢᠳᠠᠪᠤᠷᠢ ᠪᠣᠯᠣᠨ ᠣᠶᠤᠨᠴᠢ ᠪᠣᠳᠣᠯᠭ᠎ᠠ ᠵᠢᠨ ᠠᠷᠭ᠎ᠠ ᠵᠢ ᠠᠰᠢᠭᠯᠠᠵᠤ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠨᠡᠩ ᠭᠦᠨᠵᠡᠭᠡᠢ ᠪᠥᠭᠡᠳ ᠪᠦᠬᠦ ᠲᠠᠯ᠎ᠠ᠎ᠪᠠᠷ ᠠᠭᠤᠳᠠᠯᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠪᠣᠯᠣᠨ ᠦᠷᠭᠦᠯᠵᠢᠯᠡᠬᠦ ᠬᠥᠭᠵᠢᠯᠲᠡ᠎ᠳᠤ ᠨᠡᠩ ᠰᠢᠨᠵᠢᠯᠡᠬᠦ ᠤᠬᠠᠭ᠋ᠠᠨᠴᠢ᠂ ᠨᠡᠩ ᠣᠨᠣᠪᠴᠢᠲᠠᠢ ᠲᠣᠭ᠎ᠠ ᠪᠠᠷᠢᠮᠲᠠ ᠬᠠᠩᠭ᠋ᠠᠵᠤ ᠥᠭᠬᠦ ᠪᠣᠯᠣᠮᠵᠢ᠎ᠲᠠᠢ ᠭᠡᠵᠦ ᠦᠵᠡᠵᠡᠭᠡᠭᠰᠡᠨ ᠪᠠᠢ᠌ᠨ᠎ᠠ᠃
ᠶᠡᠷᠦᠩᠬᠡᠢ ᠥᠷᠲᠡᠭᠡ ᠵᠢᠨ ᠨᠠᠮ᠎ᠤᠨ ᠬᠣᠷᠢᠶ᠎ᠠ ᠵᠢᠨ ᠱᠦᠵᠢ᠂ ᠥᠷᠲᠡᠭᠡ ᠵᠢᠨ ᠳᠠᠷᠤᠭ᠎ᠠ ᠲᠢᠶᠠᠨ ᠶᠦᠩ ᠯᠢ ᠴᠢᠬᠤᠯᠠᠴᠢᠯᠠᠭᠰᠠᠨ᠎ᠨᠢ᠂ ᠡᠯ᠎ᠡ ᠬᠤᠪᠢᠶᠠᠷᠢ ᠥᠷᠲᠡᠭᠡ ᠵᠢᠨ ᠳᠠᠷᠤᠭ᠎ᠠ ᠥᠪᠡᠷ᠎ᠤᠨ ᠦᠢ᠍ᠯᠡᠳᠦᠯ ᠵᠶ᠋ᠡᠨ ᠪᠠᠳᠠᠷᠠᠭᠤᠯᠵᠤ᠂ ᠥᠷᠲᠡᠭᠡ ᠵᠢᠨ ᠳᠠᠷᠤᠭ᠎ᠠ ᠵᠢᠨ ᠡᠭᠦᠷᠭᠡ ᠬᠠᠷᠢᠭᠤᠴᠠᠯᠭ᠎ᠠ᠎ᠪᠠᠨ ᠲᠣᠳᠣᠷᠬᠠᠢ᠌ᠯᠠᠵᠤ᠂ ᠵᠥᠪᠳᠡᠯᠴᠡᠬᠦ ᠵᠡᠷᠭᠡ ᠠᠷᠭ᠎ᠠ ᠬᠡᠯᠪᠡᠷᠢ᠎ᠪᠠᠷ ᠠᠶ᠋ᠢᠮᠠᠭ ᠬᠤᠳᠠ ᠵᠢᠨ ᠵᠠᠰᠠᠭ᠎ᠤᠨ ᠣᠷᠳᠣᠨ᠎ᠤ ᠪᠠᠢ᠌ᠭᠤᠯᠭ᠎ᠠ ᠵᠢ ᠵᠣᠬᠢᠴᠠᠭᠤᠯᠵᠤ᠂ ᠡᠩᠨᠡᠭᠡ᠎ᠪᠠᠨ ᠳᠠᠪᠲᠠᠨ ᠪᠣᠯᠪᠠᠰᠤᠷᠠᠭᠤᠯᠵᠤ᠂ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠥᠬᠦᠭᠡᠷᠦᠮᠵᠢ ᠵᠢᠨ ᠬᠠᠮᠠᠭ᠋ᠠᠯᠠᠯᠲᠠ ᠵᠢᠨ ᠳᠠᠪᠲᠠᠮᠵᠢ ᠵᠢ ᠨᠡᠮᠡᠭᠳᠡᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢᠨ ᠮᠡᠳᠡᠭᠦᠯᠦᠯᠲᠡ ᠵᠢᠨ ᠬᠢᠷᠢ ᠲᠦᠪᠰᠢᠨ ᠵᠶ᠋ᠡᠨ ᠳᠡᠭᠡᠭᠰᠢᠯᠡᠭᠦᠯᠦᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠬᠦ ᠠᠵᠢᠯᠲᠠᠨ᠎ᠤ ᠠᠮᠤᠷ ᠲᠦᠪᠰᠢᠨ᠎ᠢ ᠪᠠᠲᠤᠯᠠᠵᠤ᠂ ᠬᠢᠨᠠᠨ ᠬᠡᠮᠵᠢᠬᠦ ᠠᠵᠢᠯᠲᠠᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠬᠦ ᠴᠢᠳᠠᠪᠤᠷᠢ ᠪᠠ ᠮᠡᠷᠭᠡᠵᠢᠯ᠎ᠤᠨ ᠲᠤᠯᠭ᠋ᠠᠭᠤᠷᠢᠯᠠᠬᠤ ᠬᠢᠷᠢ ᠲᠦᠪᠰᠢᠨ ᠵᠶ᠋ᠡᠨ ᠳᠡᠭᠡᠭᠰᠢᠯᠡᠭᠦᠯᠬᠦ ᠬᠡᠷᠡᠭᠲᠡᠶ ᠭᠡᠵᠡᠢ᠃
ᠲᠣᠰ ᠤᠳᠠᠭ᠋ᠠᠨ᠎ᠤ ᠪᠣᠯᠪᠠᠰᠤᠷᠠᠯ ᠵᠶ᠋ᠠᠷ ᠳᠡᠮᠵᠢᠨ᠂ ᠪᠣᠯᠪᠠᠰᠤᠷᠠᠯ᠎ᠳᠤ ᠣᠷᠣᠯᠴᠠᠭᠰᠠᠳ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢᠨ ᠮᠡᠷᠭᠡᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠤᠨᠤᠯ᠎ᠤᠨ ᠰᠤᠷᠤᠯᠴᠠᠯᠭ᠎ᠠ ᠵᠢ ᠠᠰᠢᠭᠯᠠᠨ ᠠᠵᠢᠯ᠎ᠤᠨ ᠦᠢ᠍ᠯᠡᠳᠦᠯᠭᠡ ᠵᠢ ᠵᠢᠯᠤᠭᠣᠳᠬᠤ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠬᠦ ᠠᠵᠢᠯ᠎ᠤᠨ ᠳᠤᠮᠳᠠ ᠢᠯᠡᠷᠡᠭᠰᠡᠨ ᠠᠰᠠᠭᠤᠳᠠᠯ᠎ᠢ ᠤᠯᠠᠮ ᠨᠢᠭᠡ ᠠᠯᠬᠤᠮ ᠰᠢᠢ᠍ᠳᠪᠦᠷᠢᠯᠡᠵᠦ᠂ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠴᠢᠳᠠᠪᠤᠷᠢ ᠵᠢ ᠳᠡᠭᠡᠭᠰᠢᠯᠡᠭᠦᠯᠦᠨ᠂ ᠥᠪᠥᠷ ᠮᠣᠩᠭᠣᠯ᠎ᠤᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠌ᠭᠤᠯᠬᠤ᠎ᠳᠤ ᠨᠠᠩ ᠰᠠᠶ᠋ᠢᠨ ᠬᠦᠴᠦᠨ ᠴᠢᠳᠠᠯ ᠵᠶ᠋ᠠᠨ ᠡᠷᠭᠦᠬᠦ᠎ᠳᠤ ᠠᠰᠢᠭᠲᠠᠢ ᠶᠤᠮ᠃