ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠰᠠᠨᠠᠯ》᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ᠎ᠠᠴᠠ 《ᠭᠤᠷᠪᠠᠨ ᠤᠰᠤ ᠵᠢ ᠨᠢᠭᠡᠳᠦᠯᠲᠡᠢ ᠲᠥᠯᠥᠪᠯᠡᠬᠦ》 ᠵᠠᠰᠠᠯᠲᠠ ᠪᠣᠯᠭ᠋ᠠᠨ ᠬᠤᠪᠢᠷᠠᠭᠤᠯᠬᠤ᠎ᠳᠤ ᠲᠤᠯᠭ᠋ᠠᠭᠤᠷᠢᠯᠠᠬᠤ ᠵᠢᠨ ᠲᠥᠯᠥᠭᠡ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠠᠮᠢᠶ᠎ᠠ ᠪᠦᠬᠦᠢ ᠠᠵᠢᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ᠎ᠠᠴᠠ ᠪᠥᠬᠥ ᠤᠯᠤᠰ᠎ᠤᠨ ᠬᠡᠪᠴᠢᠶᠡᠨ᠎ᠳᠤ 8 ᠤᠰᠤᠨ᠎ᠤ ᠠᠮᠢᠳᠤ ᠪᠣᠳᠠᠰ᠎ᠤᠨ ᠣᠷᠣᠨ ᠪᠦᠰᠡ ᠵᠢᠨ ᠬᠢᠨᠠᠨ ᠲᠣᠭᠲᠠᠭ᠋ᠠᠬᠤ ᠲᠥᠪ᠎ᠢ ᠬᠤᠪᠢᠶᠠᠨ ᠲᠣᠭᠲᠠᠭ᠋ᠠᠪᠠ᠃ ᠡᠭᠦᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢ ᠥᠪᠥᠷ ᠮᠣᠩᠭᠣᠯ ᠰᠢᠨᠵᠢᠶᠠᠩ᠎ᠤᠨ ᠥᠨᠳᠥᠷᠯᠢᠭ᠎ᠤᠨ ᠣᠷᠣᠨ᠎ᠤ ᠬᠢᠨᠠᠨ ᠲᠣᠭᠲᠠᠭ᠋ᠠᠬᠤ ᠲᠥᠪ (ᠳᠣᠷᠣᠭᠰᠢ 《ᠲᠥᠪ》 ᠭᠡᠵᠦ ᠲᠣᠪᠴᠢᠯᠠᠨ᠎ᠠ) ᠵᠶ᠋ᠡᠷ ᠵᠢᠭ᠋ᠠᠨ ᠲᠣᠭᠲᠠᠭ᠋ᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠂ ᠰᠢᠨᠵᠢᠶᠠᠩ᠎ᠤᠨ ᠤᠶ᠋ᠢᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠵᠢᠴᠢ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠤᠰᠤᠨ᠎ᠤ ᠠᠮᠢᠳᠤ ᠪᠣᠳᠠᠰ᠎ᠤᠨ ᠪᠠᠶ᠋ᠢᠳᠠᠯ᠎ᠢ ᠪᠠᠢ᠌ᠴᠠᠭ᠋ᠠᠨ ᠣᠢ᠌ᠯᠠᠭ᠋ᠠᠬᠤ ᠠᠵᠢᠯ᠎ᠢ ᠬᠠᠷᠢᠭᠤᠴᠠᠭᠤᠯᠵᠠᠢ᠃
ᠪᠠᠢ᠌ᠴᠠᠭ᠋ᠠᠨ ᠣᠢ᠌ᠯᠠᠭ᠋ᠠᠬᠤ ᠠᠵᠢᠯ᠎ᠤᠨ ᠤᠷᠤᠭᠰᠢᠲᠠᠢ ᠶᠠᠪᠤᠭᠳᠠᠬᠤ ᠵᠢ ᠦᠨᠡᠨᠬᠦ ᠪᠠᠲᠤᠯᠠᠬᠤ ᠵᠢᠨ ᠲᠥᠯᠥᠭᠡ᠂ ᠲᠥᠪ᠎ᠠᠴᠠ ᠲᠤᠰᠬᠠᠢ ᠮᠡᠷᠭᠡᠵᠢᠯ᠎ᠤᠨ ᠠᠵᠢᠯᠲᠠᠨ ᠲᠣᠮᠢᠯᠠᠨ ᠪᠦᠬᠦ ᠤᠯᠤᠰ᠎ᠤᠨ ᠤᠰᠤᠨ᠎ᠤ ᠠᠮᠢᠳᠤ ᠪᠣᠳᠠᠰ᠎ᠤᠨ ᠥᠯᠢᠭᠡᠷ ᠠᠪᠬᠤ ᠲᠤᠬᠠᠢ ᠵᠢᠨ ᠲᠠᠯᠠᠪᠠᠶ ᠵᠢᠨ ᠮᠡᠷᠭᠡᠵᠢᠯ᠎ᠤᠨ ᠰᠣᠯᠢᠯᠴᠠᠭ᠋ᠠᠨ᠎ᠤ ᠠᠵᠢᠯᠯᠠᠭ᠎ᠠ᠎ᠳᠤ ᠣᠷᠣᠯᠴᠠᠭᠤᠯᠪᠠ᠃ ᠡᠭᠦᠨ᠎ᠤ ᠵᠣᠷᠢᠯᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠠᠮᠢᠳᠤ ᠪᠣᠳᠠᠰ᠎ᠤᠨ ᠬᠢᠨᠠᠨ ᠬᠡᠮᠵᠢᠯᠲᠡ ᠵᠢᠨ ᠮᠡᠷᠭᠡᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠬᠠᠮᠲᠤ ᠪᠥᠬᠥ ᠤᠯᠤᠰ᠎ᠤᠨ ᠬᠡᠪᠴᠢᠶᠡᠨ᠎ᠳᠠᠬᠢ ᠮᠤᠵᠢ ᠵᠢᠨ ᠱᠠᠲᠤᠨ᠎ᠤ ᠤᠰᠤᠨ᠎ᠤ ᠠᠮᠢᠳᠤ ᠪᠣᠳᠠᠰ᠎ᠤᠨ ᠥᠯᠢᠭᠡᠷ ᠠᠪᠬᠤ ᠪᠣᠳᠠᠲᠤ ᠪᠣᠯᠪᠠᠰᠤᠷᠠᠯ᠎ᠢ ᠤᠷᠢᠳ ᠵᠶ᠋ᠠᠷ ᠪᠡᠶᠡᠯᠡᠭᠦᠯᠵᠦ᠂ ᠪᠣᠯᠪᠠᠰᠤᠷᠠᠯ ᠵᠶ᠋ᠠᠷ ᠰᠤᠷᠬᠤ ᠵᠢ ᠳᠠᠶ᠋ᠢᠴᠢᠯᠠᠨ᠂ ᠬᠦᠴᠦᠷᠬᠡᠭ ᠵᠶ᠋ᠡᠷ ᠪᠠᠭᠤᠷᠠᠢ ᠵᠢ ᠨᠥᠬᠥᠪᠦᠷᠢᠯᠡᠵᠦ᠂ ᠤᠰᠤᠨ᠎ᠤ ᠠᠮᠢᠳᠤ ᠪᠣᠳᠠᠰ᠎ᠤᠨ ᠬᠢᠨᠠᠨ ᠬᠡᠮᠵᠢᠯᠲᠡ ᠵᠢᠨ ᠴᠢᠳᠠᠪᠤᠷᠢ ᠵᠢᠨ ᠳᠤᠲᠠᠭᠤᠳᠠᠯ᠎ᠢ ᠪᠦᠲᠦᠮᠵᠢᠲᠡᠢ ᠨᠥᠬᠥᠪᠦᠷᠢᠯᠡᠵᠦ᠂ ᠪᠠᠢ᠌ᠴᠠᠭ᠋ᠠᠨ ᠣᠢ᠌ᠯᠠᠭ᠋ᠠᠬᠤ ᠡᠭᠦᠷᠭᠡ ᠵᠢ ᠪᠥᠬᠥ ᠲᠠᠯ᠎ᠠ᠎ᠪᠠᠷ ᠪᠡᠶᠡᠯᠡᠭᠦᠯᠬᠦ᠎ᠳᠤ ᠬᠦᠴᠦᠲᠡᠢ ᠪᠠᠲᠤᠯᠠᠭ᠎ᠠ ᠬᠠᠩᠭ᠋ᠠᠬᠤ ᠵᠢᠨ ᠲᠥᠯᠥᠭᠡ ᠶᠤᠮ᠃
ᠨᠠᠷᠢᠨ ᠨᠢᠭᠲᠠ ᠪᠠᠢ᠌ᠷᠢᠯᠠᠭᠤᠯᠬᠤ ᠪᠠ ᠨᠠᠷᠢᠯᠢᠭ ᠪᠣᠳᠠᠲᠠᠢ ᠲᠣᠬᠢᠷᠠᠭᠤᠯᠬᠤ᠎ᠪᠠᠷ ᠳᠡᠮᠵᠢᠨ᠂ ᠬᠢᠨᠠᠨ ᠲᠣᠭᠲᠠᠭ᠋ᠠᠬᠤ ᠲᠥᠪ᠎ᠠᠴᠠ 《ᠨᠢᠭᠡᠳᠦᠯᠲᠡᠢ ᠵᠣᠬᠢᠶᠠᠨ ᠪᠠᠢ᠌ᠭᠤᠯᠬᠤ᠂ ᠰᠢᠨᠵᠢᠯᠡᠬᠦ ᠤᠬᠠᠭ᠋ᠠᠨᠴᠢ᠎ᠪᠠᠷ ᠵᠢᠷᠤᠮᠵᠢᠭᠤᠯᠬᠤ᠂ ᠬᠠᠮᠲᠤᠷᠠᠨ ᠥᠯᠢᠭᠡᠷ ᠠᠪᠬᠤ᠂ ᠲᠥᠪᠯᠡᠷᠡᠭᠦᠯᠦᠨ ᠵᠠᠳᠠᠯᠬᠤ᠂ ᠶᠠᠰᠤ ᠴᠢᠨᠠᠷ᠎ᠢ ᠴᠢᠩᠭ᠎ᠠ ᠰᠠᠬᠢᠬᠤ᠂ ᠮᠡᠳᠡᠭᠡ ᠵᠠᠩᠭᠢ ᠵᠢ ᠬᠢᠨᠠᠨ ᠬᠠᠮᠢᠶᠠᠷᠬᠤ》 ᠵᠠᠷᠴᠢᠮ᠎ᠢ ᠴᠢᠩᠭ᠎ᠠ ᠵᠢᠷᠤᠮᠯᠠᠨ᠂ ᠤᠰᠤᠨ᠎ᠤ ᠠᠮᠢᠳᠤ ᠪᠣᠳᠠᠰ᠎ᠤᠨ ᠥᠯᠢᠭᠡᠷ ᠡᠳ᠋ ᠴᠤᠭᠯᠠᠭᠤᠯᠬᠤ ᠠᠵᠢᠯ᠎ᠢ ᠬᠦᠴᠦᠯᠡᠨ ᠠᠬᠢᠭᠤᠯᠪᠠ᠃ ᠲᠣᠰ ᠤᠳᠠᠭ᠋ᠠᠨ᠎ᠤ ᠪᠠᠢ᠌ᠴᠠᠭ᠋ᠠᠯᠲᠠ ᠵᠢᠨ ᠭᠣᠣᠯ ᠬᠡᠪᠴᠢᠶ᠎ᠡ᠎ᠳᠤ ᠰᠤᠩᠭ᠋ᠠᠷᠢ ᠮᠥᠷᠡᠨ᠎ᠤ ᠰᠠᠪᠠ ᠭᠠᠵᠠᠷ᠂ ᠬᠠᠲᠤᠨ ᠭᠣᠣᠯ᠎ᠤᠨ ᠰᠠᠪᠠ ᠭᠠᠵᠠᠷ᠂ ᠯᠢᠶᠣᠤᠾᠧ ᠭᠣᠣᠯ᠎ᠤᠨ ᠰᠠᠪᠠ ᠭᠠᠵᠠᠷ᠂ ᠪᠠᠷᠠᠭᠤᠨ ᠬᠣᠢ᠌ᠲᠤ ᠵᠢᠨ ᠤᠯᠠᠨ ᠭᠣᠣᠯ ᠮᠥᠷᠡᠨ᠂ ᠬᠠᠢ ᠾᠧ ᠭᠣᠣᠯ᠎ᠤᠨ ᠰᠠᠪᠠ ᠭᠠᠵᠠᠷ᠎ᠤᠨ ᠤᠯᠤᠰ᠎ᠤᠨ ᠡᠵᠡᠮᠰᠢᠯ᠎ᠤᠨ ᠣᠭᠲᠣᠯᠣᠭ᠋ᠠᠰᠤ ᠵᠢ ᠪᠠᠭᠲᠠᠭ᠋ᠠᠵᠤ᠂ ᠪᠠᠢ᠌ᠴᠠᠭ᠋ᠠᠭᠳᠠᠬᠤ ᠡᠲᠡᠭᠡᠳ᠎ᠨᠢ ᠲᠣᠮᠣ ᠬᠡᠯᠪᠡᠷᠢ ᠵᠢᠨ ᠤᠰᠤᠨ᠎ᠤ ᠢᠷᠤᠭ᠋ᠠᠷ᠎ᠲᠤ ᠣᠷᠣᠩᠨᠠᠬᠤ ᠠᠮᠢᠲᠠᠳ ᠪᠠᠢ᠌ᠵᠤ᠂ ᠪᠠᠰᠠ ᠬᠥᠪᠥᠮᠡᠯ ᠠᠮᠢᠲᠠᠨ ᠤᠷᠭᠤᠮᠠᠯ ᠪᠠ ᠵᠠᠮᠠᠭ᠎ᠤᠨ ᠲᠥᠷᠥᠯ᠎ᠤᠨ ᠥᠯᠢᠭᠡᠷ ᠡᠳ᠋᠎ᠢ ᠴᠤᠭᠯᠠᠭᠤᠯᠤᠨ᠎ᠠ᠃ 10 ᠰᠠᠷ᠎ᠠ ᠵᠢᠨ 10᠎ᠤ ᠡᠳᠦᠷ ᠪᠣᠯᠲᠠᠯ᠎ᠠ ᠨᠠᠢ᠌ᠳᠠ 65 ᠣᠭᠲᠣᠯᠣᠭ᠋ᠠᠰᠤ ᠵᠢᠨ ᠥᠯᠢᠭᠡᠷ ᠠᠪᠬᠤ ᠠᠵᠢᠯ᠎ᠢ ᠪᠡᠶᠡᠯᠡᠭᠦᠯᠵᠦ᠂ ᠡᠭᠦᠷᠭᠡ᠎ᠪᠠᠨ ᠪᠡᠶᠡᠯᠡᠭᠦᠯᠦᠭᠰᠡᠨ ᠨᠣᠷᠮ᠎ᠠ 56%᠎ᠳᠤ ᠬᠦᠷᠴᠦ᠂ ᠪᠦᠬᠦ ᠤᠯᠤᠰ᠎ᠤᠨ ᠲᠡᠷᠢᠭᠦᠨ᠎ᠳᠤ ᠣᠷᠣᠪᠠ᠃
ᠲᠠᠷᠠᠭ᠋ᠠᠴᠢ ᠵᠢᠨ ᠠᠯᠬᠤᠮ᠎ᠳᠤ᠂ ᠬᠢᠨᠠᠨ ᠲᠣᠭᠲᠠᠭ᠋ᠠᠬᠤ ᠲᠥᠪ᠎ᠠᠴᠠ ᠠᠵᠢᠯᠯᠠᠭ᠋ᠠᠨ᠎ᠤ ᠣᠷᠣᠨ ᠪᠦᠰᠡ ᠵᠢᠨ ᠬᠢᠨᠠᠨ ᠲᠣᠭᠲᠠᠭ᠋ᠠᠬᠤ ᠲᠥᠪ᠎ᠤᠨ ᠲᠤᠷᠰᠢᠯᠲᠠ ᠵᠢᠨ ᠲᠠᠰᠤᠭ᠎ᠤᠨ ᠬᠠᠮᠢᠶᠠᠷᠤᠯᠲᠠ ᠵᠢᠨ ᠶᠠᠪᠤᠴᠠ ᠵᠢ ᠵᠢᠷᠤᠮᠵᠢᠭᠤᠯᠵᠤ᠂ ᠮᠠᠨ᠎ᠤ ᠣᠷᠣᠨ ᠵᠢᠴᠢ ᠰᠢᠨᠵᠢᠶᠠᠩ᠎ᠤᠨ ᠤᠶ᠋ᠢᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠳᠦᠷᠰᠦ ᠵᠢ ᠬᠢᠨᠠᠨ ᠲᠣᠭᠲᠠᠭ᠋ᠠᠬᠤ ᠠᠵᠢᠯᠲᠠᠨ᠎ᠢ ᠡᠮᠬᠢ ᠵᠢᠷᠤᠮ᠎ᠲᠠᠢ᠎ᠪᠠᠷ ᠵᠣᠬᠢᠶᠠᠨ ᠪᠠᠢ᠌ᠭᠤᠯᠵᠤ ᠤᠰᠤᠨ᠎ᠤ ᠠᠮᠢᠳᠤ ᠪᠣᠳᠠᠰ᠎ᠢ ᠲᠥᠪᠯᠡᠷᠡᠭᠦᠯᠦᠨ ᠬᠢᠨᠠᠨ ᠲᠣᠭᠲᠠᠭ᠋ᠠᠵᠤ ᠵᠠᠳᠠᠯᠤᠯᠲᠠ ᠬᠢᠨ᠎ᠡ᠃ ᠬᠢᠨᠠᠨ ᠲᠣᠭᠲᠠᠭ᠋ᠠᠬᠤ ᠲᠥᠪ᠎ᠨᠢ ᠬᠥᠲᠥᠯᠥᠨ ᠳᠠᠭ᠋ᠠᠭᠤᠯᠵᠤ ᠵᠣᠬᠢᠶᠠᠨ ᠪᠠᠢ᠌ᠭᠤᠯᠬᠤ ᠦᠢ᠍ᠯᠡᠳᠦᠯ ᠵᠶ᠋ᠡᠨ ᠦᠷᠭᠦᠯᠵᠢᠯᠡᠨ ᠪᠠᠳᠠᠷᠠᠭᠤᠯᠵᠤ᠂ ᠨᠠᠷᠢᠨ ᠬᠢᠨᠠᠮᠠᠭ᠋ᠠᠢ ᠠᠵᠢᠯ᠎ᠤᠨ ᠣᠪᠣᠷ᠎ᠢ ᠪᠠᠷᠢᠮᠲᠠᠯᠠᠵᠤ᠂ ᠬᠣᠶᠠᠷ ᠭᠠᠵᠠᠷ ᠣᠷᠣᠨ᠎ᠤ ᠤᠰᠤᠨ᠎ᠤ ᠠᠮᠢᠳᠤ ᠪᠣᠳᠠᠰ᠎ᠤᠨ ᠪᠠᠶ᠋ᠢᠳᠠᠯ᠎ᠢ ᠣᠢ᠌ᠯᠠᠭ᠋ᠠᠬᠤ ᠪᠠᠢ᠌ᠴᠠᠭ᠋ᠠᠯᠲᠠ ᠵᠢᠨ ᠠᠵᠢᠯ᠎ᠢ ᠪᠦᠬᠦ ᠬᠦᠴᠦᠨ ᠵᠶ᠋ᠡᠷ ᠵᠶ᠋ᠡᠨ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠴᠢ ᠣᠷᠣᠨ ᠪᠦᠰᠡ ᠵᠢᠨ ᠴᠢᠨᠠᠷ ᠰᠠᠢ᠌ᠲᠠᠢ ᠬᠥᠭᠵᠢᠯᠲᠡ᠎ᠳᠤ ᠲᠤᠯᠭ᠋ᠠᠭᠤᠷᠢᠯᠠᠯ ᠬᠠᠩᠭ᠋ᠠᠵᠤ᠂ ᠪᠦᠬᠦ ᠤᠯᠤᠰ᠎ᠤᠨ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠲᠤ ᠬᠦᠴᠦᠨ ᠴᠢᠳᠠᠯ ᠵᠶ᠋ᠠᠨ ᠡᠷᠭᠦᠨ᠎ᠡ᠃