ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠲᠧᠭᠨᠢᠭ᠎ᠢᠶᠠᠷ ᠰᠢᠯᠭᠠᠨ ᠲᠣᠭᠲᠠᠭᠠᠬᠤ
ᠤᠯᠤᠰ᠎ᠤᠨ ᠰᠦᠯᠵᠢᠶ᠎ᠡ ᠵᠢᠨ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠲᠤ ᠬᠢᠨᠠᠯᠲᠠ ᠲᠠᠯᠪᠢᠵᠤ ᠪᠠᠢ᠌ᠴᠠᠭ᠋ᠠᠬᠤ ᠳᠤᠭᠤᠢ᠌ᠯᠠᠩ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠴᠢ ᠬᠠᠮᠢᠶ᠎ᠠ ᠪᠦᠬᠦᠢ ᠬᠤᠪᠢᠶᠠᠷᠢ ᠥᠷᠲᠡᠭᠡ᠎ᠳᠤ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠲᠤ ᠬᠢᠨᠠᠯᠲᠠ ᠲᠠᠯᠪᠢᠵᠤ ᠪᠠᠢ᠌ᠴᠠᠭ᠋ᠠᠬᠤ ᠠᠵᠢᠯ ᠥᠷᠨᠢᠭᠦᠯᠪᠡ
ᠨᠡᠶ᠋ᠢᠲᠡᠯᠡᠭᠰᠡᠨ ᠴᠠᠭ᠄ 2024-10-31

      ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢᠨ ᠣᠨᠣᠪᠴᠢᠲᠤ ᠴᠢᠨᠠᠷ ᠪᠣᠯᠣᠨ ᠨᠠᠶ᠋ᠢᠳᠠᠪᠤᠷᠢᠲᠤ ᠴᠢᠨᠠᠷ᠎ᠢ ᠪᠠᠲᠤᠯᠠᠬᠤ ᠵᠢᠨ ᠲᠥᠯᠥᠭᠡ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠲᠣᠬᠢᠷᠠᠭᠤᠯᠤᠯᠲᠠ᠎ᠪᠠᠷ᠂ ᠾᠧᠪᠧᠢ ᠮᠤᠵᠢ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ ᠪᠣᠯᠣᠨ ᠲᠥᠪᠡᠳ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ ᠬᠣᠯᠪᠤᠭ᠋ᠠᠯᠠᠨ ᠬᠢᠨᠠᠨ ᠪᠠᠢ᠌ᠴᠠᠭ᠋ᠠᠬᠤ ᠳᠤᠭᠤᠢ᠌ᠯᠠᠩ ᠪᠠᠢ᠌ᠭᠤᠯᠵᠤ᠂ 2024 ᠣᠨ᠎ᠤ 8 ᠰᠠᠷ᠎ᠠ ᠵᠢᠨ 19᠎ᠤ ᠡᠳᠦᠷ᠎ᠠᠴᠠ 23᠎ᠤ ᠡᠳᠦᠷ ᠪᠣᠯᠲᠠᠯ᠎ᠠ ᠮᠠᠨ᠎ᠤ ᠣᠷᠣᠨ᠎ᠤ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠳᠤ ᠪᠦᠬᠦ ᠶᠠᠪᠤᠴᠠ ᠵᠢᠨ ᠶᠠᠰᠤ ᠴᠢᠨᠠᠷ᠎ᠤᠨ ᠬᠢᠨᠠᠨ ᠪᠠᠢ᠌ᠴᠠᠭ᠋ᠠᠯᠲᠠ ᠵᠢ ᠥᠷᠨᠢᠭᠦᠯᠵᠡᠢ᠃
      ᠲᠣᠰ ᠤᠳᠠᠭ᠋ᠠᠨ᠎ᠤ ᠪᠠᠢ᠌ᠴᠠᠭ᠋ᠠᠯᠲᠠ᠎ᠳᠤ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠥᠯᠢᠭᠡᠷ ᠡᠳ᠋ ᠴᠤᠭᠯᠠᠭᠤᠯᠬᠤ᠂ ᠥᠯᠢᠭᠡᠷ ᠡᠳ᠋  ᠵᠣᠬᠢᠶᠠᠬᠤ ᠵᠢᠴᠢ ᠡᠷᠭᠢᠯᠳᠦᠭᠦᠯᠬᠦ᠂ ᠥᠯᠢᠭᠡᠷ ᠡᠳ᠋᠎ᠢ ᠵᠠᠳᠠᠯᠬᠤ᠂ ᠶᠠᠰᠤ ᠴᠢᠨᠠᠷ᠎ᠢ ᠡᠵᠡᠮᠳᠡᠬᠦ ᠠᠷᠭ᠎ᠠ ᠬᠡᠮᠵᠢᠶ᠎ᠡ ᠵᠡᠷᠭᠡ ᠠᠭᠤᠯᠭ᠎ᠠ ᠵᠢ ᠬᠠᠮᠤᠷᠴᠠᠢ᠃ ᠬᠥᠷᠥᠰᠥ ᠰᠢᠷᠣᠢ ᠵᠢ ᠬᠢᠨᠠᠨ ᠬᠡᠮᠵᠢᠬᠦ ᠡᠭᠦᠷᠭᠡ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢ ᠥᠷᠲᠡᠭᠡ ᠵᠢᠨ ᠲᠣᠰ ᠱᠠᠲᠤᠨ᠎ᠤ ᠡᠭᠦᠷᠭᠡᠯᠡᠭᠰᠡᠨ 6 ᠵᠦᠢ᠍ᠯ᠎ᠤᠨ ᠬᠦᠨᠳᠦ ᠲᠡᠮᠦᠷᠯᠢᠭ ᠵᠢᠴᠢ ᠥᠯᠢᠭᠡᠷ ᠡᠳ᠋ ᠵᠣᠬᠢᠶᠠᠬᠤ᠂ ᠬᠥᠬᠡᠬᠣᠲᠠ ᠵᠢᠨ ᠬᠤᠪᠢᠶᠠᠷᠢ ᠥᠷᠲᠡᠭᠡ ᠵᠢᠨ ᠡᠭᠦᠷᠭᠡᠯᠡᠭᠰᠡᠨ ᠹᠢᠽᠢᠺ ᠬᠢᠮᠢ ᠵᠢᠨ ᠭᠤᠷᠪᠠᠨ ᠵᠦᠢ᠍ᠯ᠂ ᠪᠤᠭᠤᠲᠤ ᠵᠢᠨ ᠬᠤᠪᠢᠶᠠᠷᠢ ᠥᠷᠲᠡᠭᠡ ᠵᠢᠨ ᠡᠭᠦᠷᠭᠡᠯᠡᠭᠰᠡᠨ ᠤᠯᠠᠨ ᠴᠠᠭ᠋ᠠᠷᠢᠭᠲᠤ ᠦᠨᠦᠷᠲᠦ ᠨᠡᠭᠦᠷᠦᠭᠴᠢ᠂ ᠣᠷᠳᠣᠰ᠎ᠤᠨ ᠬᠤᠪᠢᠶᠠᠷᠢ ᠥᠷᠲᠡᠭᠡ ᠵᠢᠨ ᠡᠭᠦᠷᠭᠡᠯᠡᠭᠰᠡᠨ 2 ᠵᠦᠢ᠍ᠯ᠎ᠤᠨ ᠬᠦᠨᠳᠦ ᠲᠡᠮᠦᠷᠯᠢᠭ ᠵᠢᠴᠢ ᠥᠯᠢᠭᠡᠷ ᠡᠳ᠋ ᠴᠤᠭᠯᠠᠭᠤᠯᠬᠤ᠂ ᠰᠢᠯᠢ ᠵᠢᠨ ᠭᠣᠣᠯ᠎ᠤᠨ ᠬᠤᠪᠢᠶᠠᠷᠢ ᠥᠷᠲᠡᠭᠡ ᠵᠢᠨ ᠡᠭᠦᠷᠭᠡᠯᠡᠭᠰᠡᠨ ᠣᠷᠭ᠋ᠠᠨᠢᠭ ᠾᠯᠣᠷᠲᠤ ᠲᠠᠷᠢᠶᠠᠨ ᠡᠮ᠎ᠳᠤ ᠲᠣᠰ ᠲᠣᠰ ᠪᠠᠢ᠌ᠴᠠᠭ᠋ᠠᠯᠲᠠ ᠬᠢᠪᠡ᠃
      ᠥᠯᠢᠭᠡᠷ ᠠᠪᠬᠤ ᠶᠠᠪᠤᠴᠠ᠎ᠳᠤ᠂ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠥᠯᠢᠭᠡᠷ ᠠᠪᠬᠤ ᠶᠠᠪᠤᠴᠠ᠎ᠨᠢ ᠵᠢᠷᠤᠮᠵᠢᠯ᠎ᠲᠠᠢ ᠪᠠᠶ᠋ᠢᠬᠤ ᠡᠰᠡᠬᠦ᠂ ᠥᠯᠢᠭᠡᠷ ᠠᠪᠤᠭᠰᠠᠨ ᠮᠡᠳᠡᠭᠡ ᠵᠠᠩᠭᠢ ᠵᠢ ᠣᠨᠣᠪᠴᠢᠲᠠᠢ ᠲᠡᠮᠳᠡᠭᠯᠡᠭᠰᠡᠨ ᠡᠰᠡᠬᠦ ᠵᠢ ᠴᠢᠩᠭ᠎ᠠ ᠬᠢᠨᠠᠨ ᠪᠠᠢ᠌ᠴᠠᠭ᠋ᠠᠪᠠ᠃ ᠥᠯᠢᠭᠡᠷ ᠡᠳ᠋ ᠵᠣᠬᠢᠶᠠᠬᠤ ᠶᠠᠪᠤᠴᠠ᠎ᠳᠤ᠂ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠥᠯᠢᠭᠡᠷ ᠡᠳ᠋᠎ᠢ ᠰᠢᠢ᠍ᠳᠪᠦᠷᠢᠯᠡᠬᠦ ᠠᠷᠭ᠎ᠠ ᠪᠠ ᠬᠠᠳᠠᠭ᠋ᠠᠯᠠᠬᠤ ᠨᠥᠬᠥᠴᠡᠯ᠎ᠢ ᠭᠣᠣᠯᠳᠠᠯᠭ᠎ᠠ᠎ᠲᠠᠢ ᠠᠩᠬᠠᠷᠴᠤ᠂ ᠥᠯᠢᠭᠡᠷ ᠡᠳ᠋᠎ᠢ ᠵᠣᠬᠢᠶᠠᠬᠤ ᠲᠥᠬᠦᠭᠡᠷᠦᠮᠵᠢ ᠵᠢᠨ ᠪᠠᠷᠢᠮᠵᠢᠶ᠎ᠠ᠎ᠳᠤ ᠨᠡᠶ᠋ᠢᠴᠡᠬᠦ ᠡᠰᠡᠬᠦ᠂ ᠠᠵᠢᠯᠯᠠᠬᠤ ᠶᠠᠪᠤᠴᠠ ᠵᠢᠨ ᠵᠢᠷᠤᠮᠵᠢᠯ᠎ᠲᠠᠢ ᠡᠰᠡᠬᠦ ᠵᠢ ᠪᠠᠢ᠌ᠴᠠᠭ᠋ᠠᠨ ᠦᠵᠡᠪᠡ᠃ ᠵᠠᠳᠠᠯᠤᠯᠲᠠ ᠵᠢᠨ ᠶᠠᠪᠤᠴᠠ᠎ᠳᠤ᠂ ᠲᠤᠷᠰᠢᠯᠲᠠ ᠵᠢᠨ ᠲᠠᠰᠤᠭ᠎ᠤᠨ ᠲᠥᠬᠦᠭᠡᠷᠦᠮᠵᠢ᠂ ᠵᠠᠳᠠᠯᠤᠯᠲᠠ ᠵᠢᠨ ᠠᠷᠭ᠎ᠠ᠂ ᠶᠠᠰᠤ ᠴᠢᠨᠠᠷ᠎ᠢ ᠡᠵᠡᠮᠳᠡᠬᠦ ᠠᠷᠭ᠎ᠠ ᠬᠡᠮᠵᠢᠶ᠎ᠡ ᠵᠡᠷᠭᠡ᠎ᠳᠤ ᠨᠠᠷᠢᠨ ᠨᠢᠭᠲᠠ ᠪᠠᠢ᠌ᠴᠠᠭ᠋ᠠᠯᠲᠠ ᠬᠢᠵᠡᠢ᠃
      ᠪᠠᠢ᠌ᠴᠠᠭ᠋ᠠᠬᠤ ᠳᠤᠭᠤᠢ᠌ᠯᠠᠩ᠎ᠨᠢ ᠮᠠᠨ᠎ᠤ ᠣᠷᠣᠨ᠎ᠤ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠢ ᠶᠡᠷᠦᠩᠬᠡᠢ᠎ᠳᠤᠨᠢ ᠨᠤᠲᠠᠯᠠᠵᠤ᠂ ᠣᠷᠣᠰᠢᠵᠤ ᠪᠠᠢ᠌ᠭ᠎ᠠ ᠬᠦᠷᠦᠯᠴᠡᠬᠦ ᠦᠭᠡᠢ ᠲᠠᠯ᠎ᠠ ᠵᠢ ᠵᠢᠭ᠋ᠠᠵᠤ ᠭᠠᠷᠭ᠋ᠠᠬᠤ ᠵᠢᠨ ᠬᠠᠮᠲᠤ ᠬᠠᠷᠠᠭ᠋ᠠᠯᠵᠠᠭᠰᠠᠨ ᠴᠡᠭᠴᠡᠯᠡᠨ ᠰᠠᠢ᠌ᠵᠢᠷᠠᠭᠤᠯᠬᠤ ᠰᠠᠨᠠᠭᠤᠯᠭ᠎ᠠ ᠳᠤᠷᠠᠳᠪᠠ᠃ ᠵᠠᠯᠭ᠋ᠠᠭ᠋ᠠᠳ᠂ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢ ᠥᠷᠲᠡᠭᠡ ᠵᠢᠨ ᠲᠣᠰ ᠱᠠᠲᠤ ᠪᠠ ᠡᠯ᠎ᠡ ᠬᠤᠪᠢᠶᠠᠷᠢ ᠥᠷᠲᠡᠭᠡ᠎ᠠᠴᠠ ᠪᠠᠢ᠌ᠴᠠᠭ᠋ᠠᠬᠤ ᠳᠤᠭᠤᠢ᠌ᠯᠠᠩ᠎ᠤᠨ ᠳᠤᠷᠠᠳᠤᠭᠰᠠᠨ ᠴᠡᠭᠴᠡᠯᠡᠨ ᠰᠠᠢ᠌ᠵᠢᠷᠠᠭᠤᠯᠬᠤ ᠰᠠᠨᠠᠭᠤᠯᠭ᠎ᠠ ᠵᠢᠨ ᠶᠣᠰᠣᠭ᠋ᠠᠷ᠂ ᠵᠤᠷᠪᠤᠰ ᠳᠠᠷᠠᠭ᠋ᠠᠯᠠᠨ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠠᠪᠤᠪᠠ᠃
      ᠲᠣᠰ ᠤᠳᠠᠭ᠋ᠠᠨ᠎ᠤ ᠬᠠᠮᠲᠤᠷᠠᠭᠰᠠᠨ ᠬᠢᠨᠠᠯᠲᠠ ᠪᠠᠢ᠌ᠴᠠᠭ᠋ᠠᠯᠲᠠ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠤᠨ ᠵᠢᠷᠤᠮᠵᠢᠯᠳᠤ ᠴᠢᠨᠠᠷ ᠪᠠ ᠰᠢᠨᠵᠢᠯᠡᠬᠦ ᠤᠬᠠᠭ᠋ᠠᠨᠴᠢ ᠴᠢᠨᠠᠷ᠎ᠢ ᠤᠯᠠᠮ ᠨᠢᠭᠡ ᠠᠯᠬᠤᠮ ᠴᠢᠩᠭ᠋ᠠᠳᠬᠠᠪᠠ᠃ ᠡᠭᠦᠨ᠎ᠤ ᠬᠠᠮᠲᠤ ᠲᠤᠰ ᠤᠳᠠᠭ᠎ᠠ ᠵᠢᠨ ᠬᠠᠮᠲᠤᠷᠠᠭᠰᠠᠨ ᠬᠢᠨᠠᠨ ᠪᠠᠢ᠌ᠴᠠᠭ᠋ᠠᠯᠲᠠ᠎ᠪᠠᠷ ᠠᠵᠠ ᠲᠣᠬᠢᠶᠠᠯ ᠪᠣᠯᠭ᠋ᠠᠵᠤ᠂ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠬᠢᠷᠢ ᠲᠦᠪᠰᠢᠨ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠬᠡ ᠤᠯᠤᠰ᠎ᠤᠨ ᠵᠶ᠋ᠠᠨ ᠬᠥᠬᠡᠮᠳᠦᠭ ᠨᠣᠭᠣᠭ᠋ᠠᠨ ᠠᠭᠤᠯᠠ ᠤᠰᠤ ᠵᠢ ᠰᠠᠬᠢᠨ ᠬᠠᠮᠠᠭ᠋ᠠᠯᠠᠬᠤ᠎ᠪᠠᠷ ᠬᠠᠮᠲᠤᠪᠠᠷ ᠨᠡᠩ ᠮᠡᠷᠡᠢ᠌ᠨ ᠴᠢᠷᠮᠠᠢ᠌ᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠢᠨᠠᠨ ᠬᠡᠮᠵᠢᠭᠴᠢ ᠵᠢᠨ ᠴᠣᠭ ᠵᠢᠪᠬᠤᠭ᠎ᠠ ⑤ 《ᠮᠣᠩᠭᠣᠯ ᠮᠣᠷᠢ》 ᠵᠢᠨ ᠵᠣᠷᠢᠭ ᠰᠠᠨᠠᠭ᠎ᠠ ᠵᠢ ᠪᠠᠳᠠᠷᠠᠭᠤᠯᠵᠤ ᠡᠬᠡ ᠤᠯᠤᠰ᠎ᠤᠨ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ᠎ᠳᠤ ᠲᠤᠯᠭ᠋ᠠᠭᠤᠷᠢᠯᠠᠨ᠎ᠠ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠴᠣᠭ ᠵᠢᠪᠬᠤᠭ᠎ᠠ (ᠳᠡᠭᠡᠳᠦ)
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠰᠢᠰᠲ᠋ᠧᠮ᠎ᠤᠨ ᠠᠩᠬᠠᠳᠠᠭᠴᠢ ᠠᠮᠢ ᠠᠬᠤᠢ ᠵᠢᠨ ᠶᠠᠰᠤ ᠴᠢᠨᠠᠷ᠎ᠢ ᠦᠨᠡᠯᠡᠨ ᠵᠢᠱ᠌ᠢᠬᠦ ᠪᠠᠷᠢᠮᠵᠢᠶ᠎ᠠ ᠵᠢ ᠬᠡᠷᠡᠭᠵᠢᠭᠦᠯᠪᠡ
ᠪᠠᠶᠠᠷ᠎ᠤᠨ ᠮᠡᠳᠡᠭᠡ — ᠥᠪᠡᠷᠲᠡᠭᠡᠨ ᠵᠠᠰᠠᠬᠤ ᠣᠷᠣᠨ᠎ᠤ 2023 ᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠮᠡᠳᠡᠭᠦᠯᠦᠯᠲᠡ ᠤᠯᠤᠰ᠎ᠤᠨ ᠬᠥᠬᠢᠭᠦᠯᠦᠯ᠎ᠢ  ᠬᠦᠷᠲᠡᠵᠡᠢ
ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠯᠧᠢ ᠹᠧᠩ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠠᠵᠤ ᠠᠬᠤᠢ᠌ᠯᠠᠯ᠎ᠤᠨ ᠬᠥᠭᠵᠢᠯᠲᠡ᠎ᠳᠤ ᠬᠦᠴᠦᠨ ᠨᠡᠮᠡᠷᠢᠯᠡᠪᠡ
ᠤᠯᠤᠰ᠎ᠤᠨ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠪᠠᠷᠢᠮᠵᠢᠶ᠎ᠠ 《ᠬᠡᠦᠷᠡᠰᠦ ᠪᠣᠯᠪᠠᠰᠤᠷᠠᠭᠤᠯᠬᠤ ᠬᠢᠮᠢ ᠵᠢᠨ ᠠᠵᠤ ᠦᠢ᠍ᠯᠡᠳᠪᠦᠷᠢ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠧᠭᠨᠢᠭ ᠮᠡᠷᠭᠡᠵᠢᠯ᠎ᠤᠨ ᠬᠥᠲᠥᠯᠪᠦᠷᠢ (ᠰᠠᠨᠠᠯ ᠬᠤᠷᠢᠶᠠᠬᠤ ᠡᠬᠡ ᠨᠣᠣᠷᠠᠭ)》 ᠵᠢᠨ ᠲᠤᠬᠠᠶ ᠰᠠᠨᠠᠯ᠎ᠤᠨ ᠵᠠᠬᠢᠳᠠᠯ
 
             蒙ICP备05000248号