ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠣᠨᠣᠪᠴᠢᠲᠤ ᠴᠢᠨᠠᠷ ᠪᠠ ᠨᠠᠶ᠋ᠢᠳᠠᠪᠤᠷᠢᠲᠤ ᠴᠢᠨᠠᠷ᠎ᠢ ᠪᠠᠲᠤᠯᠠᠬᠤ ᠵᠢᠨ ᠲᠥᠯᠥᠭᠡ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠨᠢᠭᠡᠳᠦᠯᠲᠡᠢ ᠪᠠᠢ᠌ᠷᠢᠯᠠᠭᠤᠯᠤᠯᠲᠠ᠎ᠪᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠴᠦᠩᠴᠢᠩ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ (ᠹᠦᠯᠢᠡᠭ ᠲᠣᠭᠣᠷᠢᠭ᠎ᠤᠨ 2 ᠲᠤᠰᠬᠠᠢ ᠮᠡᠷᠭᠡᠵᠢᠯᠲᠡᠨ᠎ᠢ ᠲᠣᠮᠢᠯᠠᠪᠠ)᠎ᠲᠠᠢ ᠬᠣᠯᠪᠤᠭ᠋ᠠᠯᠠᠨ ᠬᠢᠨᠠᠨ ᠪᠠᠢ᠌ᠴᠠᠭ᠋ᠠᠬᠤ ᠳᠤᠭᠤᠢ᠌ᠯᠠᠩ ᠪᠠᠢ᠌ᠭᠤᠯᠵᠤ᠂ 2024 ᠣᠨ᠎ᠤ 9 ᠰᠠᠷ᠎ᠠ ᠵᠢᠨ 3᠎ᠤ ᠡᠳᠦᠷ᠎ᠠᠴᠠ 8᠎ᠤ ᠡᠳᠦᠷ ᠪᠣᠯᠲᠠᠯ᠎ᠠ᠂ ᠱᠠᠨᠳᠦ᠋ᠩ ᠮᠤᠵᠢ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ ᠵᠢᠴᠢ ᠵᠢᠨᠠᠨ᠂ ᠳ᠋ᠧᠵᠧᠦ᠂ᠲᠠᠢ ᠠᠨ᠂ ᠿᠢ ᠵᠤᠤ᠂ ᠶᠠᠨᠲ᠋ᠠᠢ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ᠎ᠤᠨ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠳᠤ ᠪᠦᠬᠦ ᠲᠠᠯ᠎ᠠ᠎ᠪᠠᠷ ᠭᠦᠨᠵᠡᠭᠡᠢ ᠪᠠᠢ᠌ᠴᠠᠭ᠋ᠠᠯᠲᠠ ᠬᠢᠵᠡᠢ᠃
ᠲᠣᠰ ᠤᠳᠠᠭ᠋ᠠᠨ᠎ᠤ ᠬᠠᠮᠲᠤᠷᠠᠭᠰᠠᠨ ᠪᠠᠢ᠌ᠴᠠᠭ᠋ᠠᠯᠲᠠ᠎ᠳᠤ ᠬᠣᠯᠪᠣᠭᠳᠠᠯ ᠪᠦᠬᠦᠢ ᠪᠠᠷᠢᠮᠵᠢᠶ᠎ᠠ ᠪᠠ ᠮᠡᠷᠭᠡᠵᠢᠯ᠎ᠤᠨ ᠵᠢᠷᠤᠮᠵᠢᠯ᠎ᠢ ᠴᠢᠩᠭ᠎ᠠ ᠵᠢᠷᠤᠮᠯᠠᠵᠤ᠂ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠤᠨ ᠪᠥᠬᠥ ᠶᠠᠪᠤᠴᠠ ᠵᠢ ᠬᠠᠮᠤᠷᠤᠭᠰᠠᠨ ᠪᠠᠢ᠌ᠨ᠎ᠠ᠃ ᠥᠯᠢᠭᠡᠷ ᠠᠪᠬᠤ ᠵᠠᠩᠭᠢᠯᠠᠭ᠎ᠠ᠎ᠳᠤ᠂ ᠪᠠᠢ᠌ᠴᠠᠭ᠋ᠠᠬᠤ ᠳᠤᠭᠤᠢ᠌ᠯᠠᠩ᠎ᠠᠴᠠ ᠥᠯᠢᠭᠡᠷ ᠠᠪᠬᠤ ᠶᠠᠪᠤᠴᠠ ᠵᠢᠨ ᠳᠦᠷᠢᠮᠵᠢᠯᠲᠦ ᠴᠢᠨᠠᠷ᠎ᠢ ᠭᠣᠣᠯᠳᠠᠯᠭ᠎ᠠ᠎ᠲᠠᠢ ᠬᠢᠨᠠᠨ ᠪᠠᠢ᠌ᠴᠠᠭ᠋ᠠᠪᠠ᠃ ᠥᠯᠢᠭᠡᠷ ᠠᠪᠬᠤ ᠬᠥᠮᠥᠰ᠎ᠢ ᠡᠷᠬᠡᠪᠰᠢ ᠪᠠᠷᠢᠮᠵᠢᠶᠠᠲᠤ ᠠᠵᠢᠯᠯᠠᠬᠤ ᠳᠦᠷᠢᠮ᠎ᠢ ᠴᠢᠩᠭ᠎ᠠ ᠵᠢᠷᠤᠮᠯᠠᠨ ᠥᠯᠢᠭᠡᠷ ᠠᠪᠬᠤ ᠬᠡᠷᠡᠭᠲᠡᠶ ᠭᠡᠵᠦ ᠱᠠᠭ᠋ᠠᠷᠳᠠᠬᠤ ᠵᠢᠨ ᠬᠠᠮᠲᠤ᠂ ᠥᠯᠢᠭᠡᠷ ᠠᠪᠤᠭᠰᠠᠨ ᠮᠡᠳᠡᠭᠡ ᠵᠠᠩᠭᠢ ᠵᠢ ᠲᠡᠮᠳᠡᠭᠯᠡᠭᠰᠡᠨ ᠪᠠᠶ᠋ᠢᠳᠠᠯ᠎ᠢ ᠨᠠᠷᠢᠨ ᠨᠢᠮᠪᠠᠢ ᠬᠠᠷᠭᠤᠭᠤᠯᠤᠨ ᠦᠵᠡᠪᠡ᠃ ᠥᠯᠢᠭᠡᠷ ᠡᠳ᠋ ᠵᠣᠬᠢᠶᠠᠬᠤ ᠶᠠᠪᠤᠴᠠ᠎ᠳᠤ᠂ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠥᠯᠢᠭᠡᠷ ᠡᠳ᠋᠎ᠢ ᠰᠢᠢ᠍ᠳᠪᠦᠷᠢᠯᠡᠬᠦ ᠠᠷᠭ᠎ᠠ ᠪᠠ ᠬᠠᠳᠠᠭ᠋ᠠᠯᠠᠬᠤ ᠨᠥᠬᠥᠴᠡᠯ᠎ᠢ ᠳᠡᠭᠡᠳᠦ ᠬᠡᠮᠵᠢᠶ᠎ᠡ᠎ᠪᠠᠷ ᠠᠩᠬᠠᠷᠴᠤ᠂ ᠥᠯᠢᠭᠡᠷ ᠡᠳ᠋᠎ᠢ ᠬᠠᠳᠠᠭ᠋ᠠᠭᠰᠠᠨ᠎ᠨᠢ ᠱᠠᠭ᠋ᠠᠷᠳᠠᠯᠭ᠎ᠠ᠎ᠳᠤ ᠨᠡᠶ᠋ᠢᠴᠡᠬᠦ ᠡᠰᠡᠬᠦ᠂ ᠥᠯᠢᠭᠡᠷ ᠡᠳ᠋ ᠬᠢᠬᠦ ᠲᠥᠬᠦᠭᠡᠷᠦᠮᠵᠢ᠎ᠨᠢ ᠪᠦᠷᠢᠨ ᠭᠦᠢ᠍ᠴᠡᠳ ᠪᠠᠶ᠋ᠢᠬᠤ ᠡᠰᠡᠬᠦ᠂ ᠠᠵᠢᠯᠯᠠᠬᠤ ᠶᠠᠪᠤᠴᠠ᠎ᠨᠢ ᠵᠢᠷᠤᠮᠵᠢᠯ᠎ᠲᠠᠢ ᠪᠠᠶ᠋ᠢᠬᠤ ᠡᠰᠡᠬᠦ ᠵᠢ ᠪᠠᠢ᠌ᠴᠠᠭ᠋ᠠᠪᠠ᠃ ᠵᠠᠳᠠᠯᠤᠯᠲᠠ ᠬᠢᠬᠦ ᠭᠣᠭᠴᠣᠭ᠎ᠠ᠎ᠳᠤ᠂ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠡᠯ᠎ᠡ ᠬᠢᠨᠠᠨ ᠬᠡᠮᠵᠢᠬᠦ ᠲᠥᠪ᠎ᠤᠨ ᠲᠤᠷᠰᠢᠯᠲᠠ ᠵᠢᠨ ᠲᠠᠰᠤᠭ᠎ᠤᠨ ᠲᠥᠬᠦᠭᠡᠷᠦᠮᠵᠢ᠎ᠳᠤ ᠨᠠᠷᠢᠯᠢᠭ ᠪᠠᠢ᠌ᠴᠠᠭ᠋ᠠᠯᠲᠠ ᠬᠢᠵᠡᠢ᠂ ᠡᠭᠦᠨ᠎ᠳᠤ ᠬᠡᠮᠵᠢᠭᠦᠷᠯᠢᠭ᠎ᠤᠨ ᠴᠢᠳᠠᠮᠵᠢ᠂ ᠬᠠᠷᠭᠤᠭᠤᠯᠤᠭᠰᠠᠨ ᠪᠠᠶ᠋ᠢᠳᠠᠯ᠂ ᠬᠠᠮᠠᠭ᠋ᠠᠯᠠᠯᠲᠠ ᠵᠢᠨ ᠲᠡᠮᠳᠡᠭᠯᠡᠯ ᠵᠡᠷᠭᠡ ᠪᠠᠭᠲᠠᠨ᠎ᠠ᠃ ᠮᠥᠨ ᠵᠠᠳᠠᠯᠤᠯᠲᠠ ᠵᠢᠨ ᠠᠷᠭ᠎ᠠ ᠵᠢᠨ ᠰᠣᠩᠭᠣᠯᠲᠠ ᠪᠠ ᠠᠷᠭ᠎ᠠ ᠵᠢᠨ ᠰᠢᠯᠭ᠋ᠠᠨ ᠪᠠᠲᠤᠯᠠᠯᠲᠠ᠎ᠳᠤ ᠬᠢᠨᠠᠨ ᠪᠠᠢ᠌ᠴᠠᠭ᠋ᠠᠯᠲᠠ ᠬᠢᠵᠡᠢ᠃ ᠡᠭᠦᠨ᠎ᠠᠴᠠ ᠭᠠᠳᠠᠨ᠎ᠠ ᠪᠠᠰᠠ ᠶᠠᠰᠤ ᠴᠢᠨᠠᠷ᠎ᠢ ᠡᠵᠡᠮᠳᠡᠬᠦ ᠠᠷᠭ᠎ᠠ ᠬᠡᠮᠵᠢᠶ᠎ᠡ᠎ᠳᠤ ᠴᠢᠩᠭ᠎ᠠ ᠪᠠᠢ᠌ᠴᠠᠭ᠋ᠠᠯᠲᠠ ᠬᠢᠵᠡᠢ᠂ ᠡᠭᠦᠨ᠎ᠳᠤ ᠬᠣᠭᠣᠰᠤᠨ ᠶᠠᠩᠵᠤ᠂ ᠵᠡᠷᠭᠡᠴᠡᠭᠡ ᠶᠠᠩᠵᠤ᠂ ᠪᠠᠷᠢᠮᠵᠢᠶ᠎ᠠ᠎ᠲᠠᠢ ᠡᠭᠡᠭᠦᠯᠦᠨ ᠬᠤᠷᠢᠶᠠᠭᠰᠠᠨ ᠶᠠᠩᠵᠤ ᠵᠢ ᠬᠡᠮᠵᠢᠨ ᠲᠣᠭᠲᠠᠭ᠋ᠠᠭᠰᠠᠨ ᠪᠠᠶ᠋ᠢᠳᠠᠯ ᠵᠡᠷᠭᠡ ᠪᠠᠭᠲᠠᠨ᠎ᠠ᠃
ᠪᠦᠬᠦ ᠲᠠᠯ᠎ᠠ ᠵᠢᠨ ᠨᠠᠷᠢᠨ ᠨᠢᠭᠲᠠ ᠪᠠᠢ᠌ᠴᠠᠭ᠋ᠠᠯᠲᠠ᠎ᠪᠠᠷ ᠳᠠᠮᠵᠢᠨ᠂ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠱᠠᠨᠳᠦ᠋ᠩ ᠮᠤᠵᠢ ᠵᠢᠨ ᠡᠯ᠎ᠡ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ᠎ᠤᠨ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠤᠨ ᠳᠤᠮᠳᠠ ᠭᠠᠷᠭ᠋ᠠᠭᠰᠠᠨ ᠴᠢᠷᠮᠠᠢ᠌ᠯᠭ᠎ᠠ ᠪᠣᠯᠣᠨ ᠣᠯᠣᠭᠰᠠᠨ ᠠᠮᠵᠢᠯᠲᠠ ᠵᠢ ᠵᠣᠬᠢᠬᠤ ᠬᠡᠮᠵᠢᠶ᠎ᠡ᠎ᠪᠠᠷ ᠨᠤᠲᠠᠯᠠᠪᠠ᠃ ᠭᠡᠪᠡᠴᠦ᠂ ᠪᠠᠢ᠌ᠴᠠᠭ᠋ᠠᠬᠤ ᠶᠠᠪᠤᠴᠠ᠎ᠳᠤ ᠪᠠᠰᠠ ᠵᠠᠷᠢᠮ ᠣᠮᠲᠣᠭ᠋ᠠᠢ᠌ᠯᠠᠵᠤ ᠪᠣᠯᠣᠰᠢ ᠦᠭᠡᠢ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠵᠢ ᠣᠯᠵᠤ ᠮᠡᠳᠡᠭᠰᠡᠨ ᠪᠠᠢ᠌ᠨ᠎ᠠ᠃ ᠵᠢᠱ᠌ᠢᠶᠡᠯᠡᠪᠡᠯ᠂ ᠬᠡᠰᠡᠭ ᠥᠯᠢᠭᠡᠷ ᠠᠪᠬᠤ ᠲᠡᠮᠳᠡᠭᠯᠡᠯ᠎ᠤᠨ ᠮᠡᠳᠡᠭᠡ ᠵᠠᠩᠭᠢ᠎ᠨᠢ ᠪᠦᠷᠢᠨ ᠪᠦᠲᠦᠨ ᠪᠢᠰᠢ᠂ ᠣᠨᠴᠠ ᠵᠠᠷᠢᠮ ᠥᠯᠢᠭᠡᠷ ᠡᠳ᠋ ᠵᠣᠬᠢᠶᠠᠬᠤ ᠠᠵᠢᠯᠯᠠᠭ᠋ᠠᠨ᠎ᠤ ᠶᠠᠪᠤᠴᠠ᠎ᠳᠤ ᠵᠢᠭ᠋ᠠᠬᠠᠨ ᠵᠥᠷᠢᠶ᠎ᠡ᠎ᠲᠠᠢ ᠪᠠᠶ᠋ᠢᠬᠤ᠂ ᠬᠡᠰᠡᠭ ᠲᠤᠷᠰᠢᠯᠲᠠ ᠵᠢᠨ ᠲᠠᠰᠤᠭ᠎ᠤᠨ ᠶᠠᠰᠤ ᠴᠢᠨᠠᠷ᠎ᠢ ᠡᠵᠡᠮᠳᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠦᠭᠰᠡᠨ ᠵᠶ᠋ᠡᠷ ᠴᠢᠩᠭ᠎ᠠ ᠪᠢᠰᠢ ᠪᠠᠶ᠋ᠢᠬᠤ ᠵᠡᠷᠭᠡ ᠪᠣᠯᠣᠨ᠎ᠠ᠃ ᠡᠲᠡᠭᠡᠷ ᠠᠰᠠᠭᠤᠳᠠᠯ᠎ᠳᠤ ᠴᠢᠭᠯᠡᠭᠦᠯᠦᠨ᠂ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠴᠡᠭᠴᠡᠯᠡᠨ ᠰᠠᠢ᠌ᠵᠢᠷᠠᠭᠤᠯᠬᠤ ᠲᠤᠬᠠᠢ ᠲᠣᠳᠣᠷᠬᠠᠢ ᠪᠥᠭᠡᠳ ᠪᠣᠳᠠᠲᠠᠢ ᠰᠠᠨᠠᠭᠤᠯᠭ᠎ᠠ ᠪᠠ ᠱᠠᠭ᠋ᠠᠷᠳᠠᠯᠭ᠎ᠠ ᠳᠤᠷᠠᠳᠤᠭᠰᠠᠨ ᠪᠥᠭᠡᠳ ᠱᠠᠨᠳᠦ᠋ᠩ ᠮᠤᠵᠢ ᠵᠢᠨ᠎ᠬᠢᠨ᠎ᠳᠤ ᠳᠣᠲᠣᠭ᠋ᠠᠳᠤ ᠵᠢᠨ ᠬᠠᠮᠢᠶᠠᠷᠤᠯᠲᠠ ᠪᠠ ᠪᠣᠯᠪᠠᠰᠤᠷᠠᠯ ᠵᠶ᠋ᠠᠨ ᠴᠢᠩᠭ᠋ᠠᠳᠬᠠᠵᠤ᠂ ᠠᠵᠢᠯᠲᠠᠨ᠎ᠤ ᠲᠤᠬᠠᠢ᠌ᠯᠠᠭᠰᠠᠨ ᠠᠵᠢᠯ᠎ᠤᠨ ᠬᠢᠷᠢ ᠬᠡᠮᠵᠢᠶ᠎ᠡ ᠪᠠ ᠶᠠᠰᠤ ᠴᠢᠨᠠᠷ᠎ᠤᠨ ᠤᠬᠠᠮᠰᠠᠷ ᠵᠶ᠋ᠠᠨ ᠳᠡᠭᠡᠭᠰᠢᠯᠡᠭᠦᠯᠵᠦ᠂ ᠡᠶ᠋ᠢᠮᠦᠷᠬᠦ ᠠᠰᠠᠭᠤᠳᠠᠯ᠎ᠤᠨ ᠳᠠᠬᠢᠵᠤ ᠡᠭᠦᠰᠬᠦ ᠵᠢ ᠰᠡᠷᠭᠡᠢ᠌ᠯᠡᠬᠦ ᠬᠡᠷᠡᠭᠲᠡᠶ ᠭᠡᠵᠦ ᠰᠠᠨᠠᠭᠤᠯᠵᠠᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ᠎ᠨᠢ ᠳᠤᠭᠤᠢ᠌ᠯᠠᠩ᠎ᠤᠨ ᠳᠠᠷᠤᠭ᠎ᠠ ᠨᠢᠭᠡᠴᠢ ᠪᠣᠯᠤᠭᠰᠠᠨ᠎ᠤ ᠬᠤᠪᠢ᠎ᠳᠤ᠂ ᠡᠯ᠎ᠡ ᠬᠢᠨᠠᠨ ᠬᠡᠮᠵᠢᠯᠲᠡ ᠵᠢᠨ ᠲᠥᠪ᠎ᠤᠨ ᠴᠡᠭᠴᠡᠯᠡᠨ ᠰᠠᠢ᠌ᠵᠢᠷᠠᠭᠤᠯᠤᠭᠰᠠᠨ ᠪᠠᠶ᠋ᠢᠳᠠᠯ᠎ᠢ ᠦᠷᠭᠦᠯᠵᠢᠯᠡᠨ ᠠᠩᠬᠠᠷᠬᠤ ᠵᠢᠨ ᠬᠠᠮᠲᠤ ᠴᠠᠭᠲᠤᠨᠢ ᠲᠣᠬᠢᠷᠠᠭᠤᠯᠤᠨ ᠳᠠᠬᠢᠨ ᠪᠠᠢ᠌ᠴᠠᠭ᠋ᠠᠵᠤ᠂ ᠴᠡᠭᠴᠡᠯᠡᠨ ᠰᠠᠢ᠌ᠵᠢᠷᠠᠭᠤᠯᠬᠤ ᠠᠵᠢᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠦᠨᠡᠨᠬᠦ ᠪᠠᠲᠤᠯᠠᠵᠤ᠂ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠠᠵᠢᠯ᠎ᠤᠨ ᠪᠦᠬᠦᠯᠢ ᠴᠣᠭᠴᠠ ᠵᠢᠨ ᠬᠢᠷᠢ ᠬᠡᠮᠵᠢᠶ᠎ᠡ ᠵᠢ ᠦᠨᠡᠨᠬᠦ ᠳᠡᠭᠡᠭᠰᠢᠯᠡᠭᠦᠯᠦᠨ᠎ᠡ᠃