ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠲᠧᠭᠨᠢᠭ᠎ᠢᠶᠠᠷ ᠰᠢᠯᠭᠠᠨ ᠲᠣᠭᠲᠠᠭᠠᠬᠤ
ᠪᠠᠶᠠᠷ᠎ᠤᠨ ᠮᠡᠳᠡᠭᠡ — ᠥᠪᠡᠷᠲᠡᠭᠡᠨ ᠵᠠᠰᠠᠬᠤ ᠣᠷᠣᠨ᠎ᠤ 2023 ᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠮᠡᠳᠡᠭᠦᠯᠦᠯᠲᠡ ᠤᠯᠤᠰ᠎ᠤᠨ ᠬᠥᠬᠢᠭᠦᠯᠦᠯ᠎ᠢ  ᠬᠦᠷᠲᠡᠵᠡᠢ
ᠨᠡᠶ᠋ᠢᠲᠡᠯᠡᠭᠰᠡᠨ ᠴᠠᠭ᠄ 2024-12-10

      2024 ᠣᠨ᠎ᠤ 11 ᠰᠠᠷ᠎ᠠ ᠵᠢᠨ 14᠎ᠤ ᠡᠳᠦᠷ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ 《〈2024 ᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠮᠡᠳᠡᠭᠦᠯᠦᠯᠲᠡ ᠶᠠᠰᠤ ᠴᠢᠨᠠᠷ᠎ᠤᠨ ᠪᠠᠢ᠌ᠴᠠᠭ᠋ᠠᠯᠲᠠ ᠵᠢᠨ ᠠᠵᠢᠯ᠎ᠤᠨ ᠳ᠋ᠦᠩᠨᠡᠯᠲᠡ〉 ᠵᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》 (ᠶᠡᠷᠦᠩᠬᠡᠢ ᠥᠷᠲᠡᠭᠡ ᠶᠡᠷᠦᠩᠬᠡᠢ᠌ᠯᠡᠭᠰᠡᠨ ᠦᠰᠦᠭ [2024] 76 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠰᠢᠰᠲ᠋ᠧᠮ᠎ᠤᠨ 8 ᠮᠡᠳᠡᠭᠦᠯᠦᠯᠲᠡ᠎ᠨᠢ ᠪᠥᠬᠥ ᠤᠯᠤᠰ᠎ᠤᠨ 487 ᠰᠢᠯᠭ᠋ᠠᠷᠠᠭᠤᠯᠤᠯᠲᠠ ᠎ᠳᠤ ᠤᠷᠤᠯᠴᠠᠭᠰᠠᠨ ᠮᠡᠳᠡᠭᠦᠯᠦᠯᠲᠡ ᠵᠢᠨ ᠳᠤᠮᠳᠠ᠎ᠠᠴᠠ ᠰᠢᠯᠭ᠋ᠠᠷᠠᠵᠤ᠂ ᠪᠦᠬᠦᠯᠢ ᠴᠣᠭᠴᠠ ᠵᠢᠨ ᠬᠢᠷᠢ ᠪᠦᠲᠦᠮᠵᠢ᠎ᠨᠢ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ᠃ ᠡᠭᠦᠨ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ (ᠲᠣᠰ ᠱᠠᠲᠤ)᠎ᠨᠢ ᠮᠤᠵᠢ ᠵᠢᠨ ᠲᠠᠰ᠎ᠤᠨ ᠮᠡᠳᠡᠭᠦᠯᠦᠯᠲᠡ ᠵᠢᠨ ᠰᠢᠯᠢᠳᠡᠭ ᠱᠠᠩᠨᠠᠯ ᠭᠥᠷᠳᠡᠵᠦ᠂ ᠬᠥᠬᠡᠬᠣᠲᠠ ᠪᠣᠯᠣᠨ ᠦᠬᠠᠢ ᠵᠢᠨ ᠬᠤᠪᠢᠶᠠᠷᠢ ᠥᠷᠲᠡᠭᠡ᠎ᠨᠢ ᠬᠣᠲᠠ ᠵᠢᠨ ᠲᠠᠰ᠎ᠤᠨ ᠮᠡᠳᠡᠭᠦᠯᠦᠯᠲᠡ ᠵᠢᠨ ᠰᠢᠯᠢᠳᠡᠭ ᠱᠠᠩᠨᠠᠯ ᠭᠥᠷᠳᠡᠵᠦ᠂ ᠲᠦᠩᠯᠢᠶᠣᠣ᠂ ᠣᠷᠳᠣᠰ᠂ ᠤᠯᠠᠭ᠋ᠠᠨᠴᠠᠪ᠂ ᠬᠢᠩᠭ᠋ᠠᠨ ᠪᠣᠯᠣᠨ ᠠᠯᠠᠱ᠌ᠠ ᠵᠢᠨ ᠬᠤᠪᠢᠶᠠᠷᠢ ᠥᠷᠲᠡᠭᠡ᠎ᠨᠢ ᠬᠣᠲᠠ ᠵᠢᠨ ᠲᠠᠰ᠎ᠤᠨ ᠮᠡᠳᠡᠭᠦᠯᠦᠯᠲᠡ ᠵᠢᠨ ᠰᠢᠯᠢᠳᠡᠭ ᠱᠠᠩᠨᠠᠯ ᠭᠥᠷᠳᠡᠪᠡ᠃ ᠮᠠᠨ᠎ᠤ ᠣᠷᠣᠨ᠎ᠤ ᠰᠢᠯᠭ᠋ᠠᠷᠠᠭᠤᠯᠤᠯᠲᠠ᠎ᠳᠤ ᠣᠷᠣᠯᠴᠠᠭᠰᠠᠨ 13 ᠬᠤᠪᠢ ᠮᠡᠳᠡᠭᠦᠯᠦᠯᠲᠡ᠎ᠨᠢ ᠴᠥᠮ 80᠎ᠠᠴᠠ ᠬᠤᠪᠢ ᠣᠯᠪᠠ᠃
      ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠮᠡᠳᠡᠭᠦᠯᠦᠯᠲᠡ ᠪᠣᠯ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠠᠮᠢ ᠠᠬᠤᠢ ᠣᠷᠴᠢᠨ  ᠲᠣᠭᠣᠷᠢᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢ ᠲᠤᠰᠬᠠᠬᠤ ᠴᠢᠬᠤᠯᠠ ᠠᠴᠢᠶᠠᠯᠠᠪᠤᠷᠢ ᠮᠥᠨ ᠪᠣᠯᠬᠣᠷ ᠲᠤᠢ᠌ᠯ᠎ᠤᠨ ᠴᠢᠩᠭ᠎ᠠ ᠡᠷᠬᠡ ᠰᠦᠷᠲᠦ ᠴᠢᠨᠠᠷ᠂ ᠶᠡᠷᠦᠩᠬᠡᠢ᠌ᠯᠡᠭᠰᠡᠨ ᠴᠢᠨᠠᠷ ᠪᠠ ᠲᠤᠰᠬᠠᠢ ᠮᠡᠷᠭᠡᠵᠢᠯ᠎ᠤᠨ ᠴᠢᠨᠠᠷ᠎ᠲᠠᠢ ᠪᠠᠢ᠌ᠳᠠᠭ᠃ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ᠎ᠨᠢ ᠮᠡᠳᠡᠭᠦᠯᠦᠯᠲᠡ ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 2022 ᠣᠨ᠎ᠠᠴᠠ ᠨᠠᠭ᠋ᠠᠰᠢ ᠮᠡᠳᠡᠭᠦᠯᠦᠯᠲᠡ ᠵᠢᠨ ᠪᠢᠴᠢᠭ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠰᠢᠷᠢᠰ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠮᠡᠷᠭᠡᠵᠢᠯ ᠵᠶ᠋ᠡᠷ ᠬᠠᠪᠰᠤᠷᠤᠨ ᠲᠡᠳᠬᠦᠬᠦ᠂ ᠬᠠᠷᠢᠯᠴᠠᠨ ᠬᠢᠨᠠᠵᠤ ᠬᠠᠷᠢᠯᠴᠠᠨ ᠦᠨᠡᠯᠡᠬᠦ᠂ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ᠂ ᠳᠤᠲᠠᠭᠤᠳᠠᠯ᠎ᠢ ᠪᠣᠯᠪᠠᠰᠤᠷᠠᠭᠤᠯᠬᠤ᠂ ᠲᠤᠰᠬᠠᠢ ᠮᠡᠷᠭᠡᠵᠢᠯᠲᠡᠨ᠎ᠤ ᠦᠨᠡᠯᠡᠨ ᠬᠢᠨᠠᠬᠤ ᠪᠠ ᠦᠷ᠎ᠡ ᠳ᠋ᠦᠩ᠎ᠢ ᠮᠡᠳᠡᠭᠡᠯᠡᠬᠦ ᠵᠡᠷᠭᠡ ᠠᠵᠢᠯᠯᠠᠭ᠎ᠠ᠎ᠪᠠᠷ ᠳᠡᠮᠵᠢᠨ᠂ ᠶᠡᠷᠦᠩᠬᠡᠢ ᠥᠷᠲᠡᠭᠡ ᠵᠢᠨ ᠰᠢᠰᠲ᠋ᠧᠮ᠎ᠤᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠶᠡᠷᠦᠩᠬᠡᠢ᠌ᠯᠡᠨ ᠵᠠᠳᠠᠯᠬᠤ ᠴᠢᠳᠠᠪᠤᠷᠢ ᠪᠠ ᠮᠡᠳᠡᠭᠦᠯᠦᠯᠲᠡ ᠵᠢᠨ ᠪᠢᠴᠢᠭ᠎ᠢ ᠨᠠᠢ᠌ᠷᠠᠭᠤᠯᠤᠨ ᠵᠣᠬᠢᠶᠠᠬᠤ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠪᠡ᠃
      ᠳᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠳᠠᠯᠤᠯᠲᠠ ᠵᠢᠨ ᠴᠢᠳᠠᠪᠤᠷᠢ ᠪᠠ ᠣᠷᠴᠢᠨ ᠲᠣᠭᠣᠷᠢᠨ᠎ᠤ ᠶᠠᠰᠤ ᠴᠢᠨᠠᠷ᠎ᠤᠨ ᠮᠡᠳᠡᠭᠦᠯᠦᠯᠲᠡ ᠵᠢ ᠨᠠᠢ᠌ᠷᠠᠭᠤᠯᠤᠨ ᠵᠣᠬᠢᠶᠠᠬᠤ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠶᠡᠷᠦᠩᠬᠡᠢ᠌ᠯᠡᠭᠰᠡᠨ ᠮᠡᠳᠡᠭᠡ ᠵᠠᠩᠭᠢ ᠵᠢᠨ ᠪᠦᠲᠦᠭᠡᠭᠳᠡᠬᠦᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠬᠢᠭᠡᠳ ᠬᠠᠮᠢᠶᠠᠷᠤᠯᠲᠠ ᠵᠢᠨ ᠰᠢᠢ᠍ᠳᠪᠦᠷᠢᠲᠦ ᠪᠣᠳᠣᠯᠭ᠎ᠠ᠎ᠳᠠᠬᠢ ᠲᠤᠯᠭ᠋ᠠᠭᠤᠷᠢᠯᠠᠬᠤ ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠯᠧᠢ ᠹᠧᠩ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠠᠵᠤ ᠠᠬᠤᠢ᠌ᠯᠠᠯ᠎ᠤᠨ ᠬᠥᠭᠵᠢᠯᠲᠡ᠎ᠳᠤ ᠬᠦᠴᠦᠨ ᠨᠡᠮᠡᠷᠢᠯᠡᠪᠡ
ᠤᠯᠤᠰ᠎ᠤᠨ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠪᠠᠷᠢᠮᠵᠢᠶ᠎ᠠ 《ᠬᠡᠦᠷᠡᠰᠦ ᠪᠣᠯᠪᠠᠰᠤᠷᠠᠭᠤᠯᠬᠤ ᠬᠢᠮᠢ ᠵᠢᠨ ᠠᠵᠤ ᠦᠢ᠍ᠯᠡᠳᠪᠦᠷᠢ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠧᠭᠨᠢᠭ ᠮᠡᠷᠭᠡᠵᠢᠯ᠎ᠤᠨ ᠬᠥᠲᠥᠯᠪᠦᠷᠢ (ᠰᠠᠨᠠᠯ ᠬᠤᠷᠢᠶᠠᠬᠤ ᠡᠬᠡ ᠨᠣᠣᠷᠠᠭ)》 ᠵᠢᠨ ᠲᠤᠬᠠᠶ ᠰᠠᠨᠠᠯ᠎ᠤᠨ ᠵᠠᠬᠢᠳᠠᠯ
ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠶᠠᠮᠤᠨ᠎ᠤ ᠨᠡᠶ᠋ᠢᠲᠡᠯᠡᠭᠰᠡᠨ 《ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠤᠨ ᠪᠠᠷᠢᠮᠵᠢᠶ᠎ᠠ》 (GB 3095-2012)᠎ᠳᠤ ᠵᠠᠰᠠᠪᠤᠷᠢ ᠣᠷᠣᠭᠤᠯᠤᠭᠰᠠᠨ ᠬᠠᠭᠤᠳᠠᠰᠤ ᠵᠢ ᠤᠯᠠᠮᠵᠢᠯᠠᠨ ᠲᠠᠷᠬᠠᠭ᠋ᠠᠬᠤ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠂ ᠦᠪᠡᠷᠳᠡᠭᠡᠨ ᠵᠠᠰᠠᠬᠤ ᠤᠷᠤᠨ᠎ᠤ ᠪᠠᠶ᠋ᠢᠴᠠᠭ᠋ᠠᠬᠤ ᠬᠣᠷᠢᠶ᠎ᠠ᠂ ᠦᠪᠡᠷᠳᠡᠭᠡᠨ ᠵᠠᠰᠠᠬᠤ ᠤᠷᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠠᠶᠤᠯ᠎ᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠ ᠪᠣᠬᠢᠷᠲᠤᠯ ᠭᠠᠳᠠᠭᠰᠢᠯᠠᠭᠤᠯᠬᠤ ᠭᠣᠤᠯᠳᠠᠯᠭ᠎ᠠ᠎ᠲᠠᠢ ᠨᠢᠭᠡᠴᠢ ᠵᠢᠨ ᠠᠦ᠋ᠲ᠋ᠣ᠋ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠬᠤᠳᠠᠯ ᠵᠶ᠋ᠠᠷ ᠵᠣᠬᠢᠶᠠᠨ ᠬᠠᠭᠤᠷᠮᠠᠭ ᠵᠶ᠋ᠠᠷ ᠦᠢ᠍ᠯᠡᠳᠬᠦ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠤᠬᠢᠯᠳᠠ ᠦᠭᠬᠦ ᠬᠠᠮᠳᠤᠷᠠᠭᠰᠠᠨ ᠠᠵᠢᠯᠯᠠᠭ᠎ᠠ ᠦᠷᠨᠢᠭᠦᠯᠪᠡ
ᠥᠪᠥᠷ ᠮᠣᠩᠭᠣᠯ ᠠᠬᠤᠢ ᠲᠠᠯᠠᠪᠠᠢ ᠵᠢᠨ ᠪᠤᠰᠤ ᠬᠠᠤᠯᠢ ᠬᠡᠷᠡᠭᠵᠢᠭᠦᠯᠬᠦ ᠠᠷᠭ᠎ᠠ ᠮᠠᠶᠢᠭ᠎ᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠨ᠂ ᠠᠬᠤᠢ ᠲᠠᠯᠠᠪᠠᠢ ᠵᠢᠨ ᠬᠠᠤᠯᠢ ᠬᠡᠷᠡᠭᠵᠢᠭᠦᠯᠦᠯᠲᠡ᠎ᠯᠦᠭᠡ ᠤᠷᠭ᠋ᠠᠨᠢᠭ ᠵᠶ᠋ᠠᠷ ᠵᠤᠯᠭ᠋ᠠᠭᠤᠯᠤᠨ ᠲᠤᠢ᠌ᠯ᠎ᠤᠨ ᠤᠨᠤᠪᠴᠢᠳᠠᠢ᠎ᠪᠠᠷ ᠬᠠᠤᠯᠢ ᠬᠡᠷᠡᠭᠵᠢᠭᠦᠯᠬᠦ᠎ᠪᠠᠷ ᠴᠢᠷᠮᠠᠢ᠌ᠵᠤ ᠪᠠᠢ᠌ᠨ᠎ᠠ
 
             蒙ICP备05000248号