8 ᠰᠠᠷ᠎ᠠ ᠵᠢᠨ 6᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ᠎ᠠᠴᠠ ᠭᠣᠣᠯᠯᠠᠨ ᠡᠷᠭᠢᠯᠡᠵᠦ᠂ ᠪᠤᠭᠤᠲᠤ ᠵᠢᠨ ᠬᠤᠪᠢᠶᠠᠷᠢ ᠥᠷᠲᠡᠭᠡ ᠳᠠᠭ᠋ᠠᠭ᠋ᠠᠴᠢᠯᠠᠨ ᠡᠷᠭᠢᠯᠡᠭᠰᠡᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠰᠢᠰᠲ᠋ᠧᠮ᠎ᠤᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠴᠢᠳᠠᠪᠤᠷᠢ ᠵᠢ ᠳᠡᠭᠡᠭᠰᠢᠯᠡᠭᠦᠯᠬᠦ ᠬᠣᠶᠠᠳᠤᠭ᠋ᠠᠷ ᠬᠤᠭᠤᠴᠠᠭ᠋ᠠᠨ᠎ᠤ ᠰᠤᠳᠤᠯᠤᠨ ᠶᠠᠷᠢᠯᠴᠠᠬᠤ ᠬᠤᠷᠠᠯ ᠪᠤᠭᠤᠲᠤ᠎ᠳᠤ ᠤᠷᠤᠭᠰᠢᠲᠠᠢ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠲᠢᠶᠠᠨ ᠶᠦᠩ ᠯᠢ ᠥᠷᠲᠡᠭᠡᠨ ᠳᠠᠷᠤᠭ᠎ᠠ᠂ ᠹᠠᠨ ᠴᠢᠩ ᠶᠦᠨ ᠳᠡᠳ᠋ ᠥᠷᠲᠡᠭᠡᠨ ᠳᠠᠷᠤᠭ᠎ᠠ᠂ ᠪᠤᠭᠤᠲᠤ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠳᠡᠳ᠋ ᠳᠠᠷᠤᠭ᠎ᠠ ᠯᠢ ᠭᠠᠩ ᠵᠢᠴᠢ ᠬᠣᠯᠪᠣᠭᠳᠠᠯ ᠪᠦᠬᠦᠢ ᠠᠶ᠋ᠢᠮᠠᠭ ᠬᠤᠳᠠ ᠵᠢᠨ ᠬᠤᠪᠢᠶᠠᠷᠢ ᠥᠷᠲᠡᠭᠡ ᠵᠢᠨ ᠤᠳᠤᠷᠢᠳᠤᠯᠭ᠎ᠠ ᠪᠣᠯᠣᠨ ᠬᠥᠮᠥᠰ ᠬᠤᠷᠠᠯ᠎ᠳᠤ ᠣᠷᠣᠯᠴᠠᠪᠠ᠃
ᠲᠣᠰ ᠬᠤᠭᠤᠴᠠᠭ᠋ᠠᠨ᠎ᠤ ᠰᠤᠳᠤᠯᠤᠨ ᠶᠠᠷᠢᠯᠴᠠᠬᠤ ᠬᠤᠷᠠᠯ᠎ᠤᠨ ᠭᠣᠣᠯ ᠰᠡᠳᠦᠪ ᠪᠣᠯ᠄ ᠰᠢᠨ᠎ᠡ ᠪᠣᠬᠢᠷᠲᠤᠯ ᠪᠣᠳᠠᠰ᠎ᠤᠨ ᠬᠢᠨᠠᠨ ᠬᠡᠮᠵᠢᠯᠲᠡ ᠵᠢ ᠴᠢᠩᠭ᠋ᠠᠳᠬᠠᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠲᠡᠢ᠌ᠨ᠎ᠳᠤ ᠬᠦᠴᠦ ᠨᠡᠮᠡᠷᠢᠯᠡᠨ᠎ᠡ᠃ ᠡᠭᠦᠨ᠎ᠤ ᠵᠣᠷᠢᠯᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠨᠠᠮ᠎ᠤᠨ ᠬᠣᠷᠢᠶ᠎ᠠ ᠵᠢᠨ ᠱᠠᠭ᠋ᠠᠷᠳᠠᠯᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ 〈ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ〉 ᠠᠵᠢᠯ᠎ᠤᠨ ᠲᠥᠰᠥᠯ》᠎ᠢ ᠬᠡᠷᠡᠭᠵᠢᠭᠦᠯᠬᠦ ᠵᠢ ᠨᠠᠩ ᠰᠠᠶ᠋ᠢᠲᠤᠷ ᠠᠬᠢᠭᠤᠯᠵᠤ᠂ ᠰᠢᠨ᠎ᠡ ᠪᠣᠬᠢᠷᠲᠤᠯ ᠪᠣᠳᠠᠰ᠎ᠢ ᠬᠢᠨᠠᠨ ᠬᠡᠮᠵᠢᠬᠦ ᠵᠢᠴᠢ ᠶᠠᠰᠤ ᠴᠢᠨᠠᠷ᠎ᠢ ᠡᠵᠡᠮᠳᠡᠬᠦ ᠴᠢᠳᠠᠪᠤᠷᠢ ᠵᠢᠨ ᠬᠢᠷᠢ ᠲᠦᠪᠰᠢᠨ᠎ᠢ ᠴᠢᠩᠭ᠋ᠠᠳᠬᠠᠨ᠂ ᠬᠣᠣᠷ ᠬᠥᠨᠥᠭᠡᠯ᠎ᠲᠠᠢ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢ ᠪᠦᠲᠦᠮᠵᠢᠲᠡᠢ ᠰᠡᠷᠭᠡᠢ᠌ᠯᠡᠨ ᠡᠵᠡᠮᠳᠡᠬᠦ ᠵᠢᠨ ᠲᠥᠯᠥᠭᠡ ᠶᠤᠮ᠃ ᠡᠭᠦᠨ᠎ᠤ ᠬᠠᠮᠲᠤ ᠠᠩᠬᠠᠳᠤᠭ᠋ᠠᠷ ᠬᠤᠭᠤᠴᠠᠭ᠋ᠠᠨ᠎ᠤ ᠰᠤᠳᠤᠯᠤᠨ ᠶᠠᠷᠢᠯᠴᠠᠬᠤ ᠬᠤᠷᠠᠯ᠎ᠤᠨ ᠪᠦᠯᠬᠦᠮᠳᠡᠨ ᠬᠠᠮᠲᠤᠷᠠᠯᠴᠠᠬᠤ᠂ ᠬᠠᠷᠢᠯᠴᠠᠨ ᠰᠤᠷᠤᠯᠴᠠᠬᠤ᠂ ᠬᠠᠮᠲᠤ᠎ᠪᠠᠷ ᠲᠠᠪᠰᠢᠬᠤ ᠵᠣᠷᠢᠭ ᠰᠠᠨᠠᠭ᠎ᠠ ᠵᠢ ᠤᠯᠠᠮᠵᠢᠯᠠᠨ ᠪᠠᠳᠠᠷᠠᠭᠤᠯᠵᠤ᠂ ᠬᠢᠨᠠᠨ ᠬᠡᠮᠵᠢᠬᠦ ᠠᠵᠢᠯᠲᠠᠨ᠎ᠤ ᠲᠤᠰᠬᠠᠢ ᠮᠡᠷᠭᠡᠵᠢᠯ᠎ᠤᠨ ᠤᠷ᠎ᠠ ᠴᠢᠳᠠᠪᠤᠷᠢ ᠵᠢ ᠳᠡᠭᠡᠭᠰᠢᠯᠡᠭᠦᠯᠵᠦ᠂ ᠶᠡᠷᠦᠩᠬᠡᠢ ᠥᠷᠲᠡᠭᠡ ᠵᠢᠴᠢ ᠡᠯ᠎ᠡ ᠬᠤᠪᠢᠶᠠᠷᠢ ᠥᠷᠲᠡᠭᠡ ᠵᠢᠨ ᠬᠣᠭᠤᠷᠤᠨᠳᠤᠬᠢ ᠲᠤᠬᠠᠢ᠌ᠯᠠᠭᠰᠠᠨ ᠠᠵᠢᠯ᠎ᠤᠨ ᠬᠠᠷᠢᠯᠴᠠᠨ ᠨᠡᠪᠲᠡᠷᠡᠯᠴᠡᠵᠦ ᠠᠭᠤᠰᠤᠯᠴᠠᠬᠤ ᠵᠢ ᠰᠠᠶ᠋ᠢᠲᠤᠷ ᠬᠢᠵᠦ᠂ ᠪᠦᠬᠦ ᠣᠷᠣᠨ᠎ᠤ ᠬᠢᠨᠠᠨ ᠬᠡᠮᠵᠢᠬᠦ ᠮᠡᠷᠭᠡᠵᠢᠯ᠎ᠤᠨ ᠵᠡᠷᠭᠡ᠎ᠪᠡᠷ ᠳᠡᠭᠡᠭᠰᠢᠯᠡᠬᠦ ᠵᠢ ᠠᠬᠢᠭᠤᠯᠤᠨ᠎ᠠ᠃
ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡᠨ᠎ᠤ ᠳ᠋ᠣᠺᠲ᠋ᠣᠷ ᠰᠢᠦᠢ ᡂᠢ ᠪᠣᠯᠣᠨ ᠰᠠᠢ ᠮᠥᠧᠧ ᠹᠧᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠺᠣᠮᠫᠠᠨᠢ ᠵᠢᠨ ᠱ᠌ᠢ ᠪᠢ ᠶᠦᠨ ᠢᠨᠵᠧᠨᠧᠷ ᠤᠷᠢᠯᠭ᠎ᠠ᠎ᠪᠠᠷ ᠬᠢᠴᠢᠶᠡᠯ ᠵᠢᠭ᠋ᠠᠬᠤ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢ ᠥᠷᠲᠡᠭᠡ ᠵᠢᠴᠢ ᠬᠥᠬᠡᠬᠣᠲᠠ᠂ ᠪᠤᠭᠤᠲᠤ᠂ ᠣᠷᠳᠣᠰ᠂ ᠤᠯᠠᠭ᠋ᠠᠨᠬᠠᠳᠠ᠂ ᠦᠬᠠᠢ᠂ ᠤᠯᠠᠭ᠋ᠠᠨᠴᠠᠪ᠂ ᠰᠢᠯᠢ ᠵᠢᠨ ᠭᠣᠣᠯ ᠵᠡᠷᠭᠡ ᠳᠣᠯᠣᠭ᠋ᠠᠨ ᠠᠶ᠋ᠢᠮᠠᠭ ᠬᠣᠲᠠ ᠵᠢᠨ ᠬᠤᠪᠢᠶᠠᠷᠢ ᠥᠷᠲᠡᠭᠡ ᠬᠤᠷᠠᠯ ᠳᠡᠭᠡᠷ᠎ᠡ ᠲᠤᠷᠰᠢᠯᠭ᠎ᠠ᠎ᠪᠠᠨ ᠬᠤᠪᠢᠶᠠᠯᠴᠠᠨ ᠰᠣᠯᠢᠯᠴᠠᠵᠤ᠂ ᠲᠣᠰ ᠭᠠᠵᠠᠷ ᠣᠷᠣᠨ᠂ ᠣᠨᠴᠠᠯᠢᠭᠲᠤ ᠠᠵᠤ ᠦᠢ᠍ᠯᠡᠰ᠂ ᠣᠲᠣ ᠵᠢᠨ ᠪᠠᠢ᠌ᠭ᠎ᠠ ᠬᠢᠨᠠᠨ ᠬᠡᠮᠵᠢᠬᠦ ᠮᠡᠷᠭᠡᠵᠢᠯ᠎ᠤᠨ ᠴᠢᠳᠠᠪᠤᠷᠢ ᠪᠠ ᠥᠷᠨᠢᠭᠦᠯᠵᠦ ᠪᠠᠢ᠌ᠭ᠎ᠠ ᠪᠠᠶ᠋ᠢᠳᠠᠯ ᠵᠢᠴᠢ ᠠᠵᠢᠯ᠎ᠤᠨ ᠰᠡᠳᠬᠢᠮᠵᠢ᠎ᠲᠠᠢ ᠤᠶᠠᠯᠳᠤᠭᠤᠯᠤᠨ᠂ ᠤᠯᠠᠨ ᠵᠶ᠋ᠠᠷ ᠵᠶ᠋ᠠᠨ ᠠᠳᠠᠯᠢ ᠪᠤᠰᠤ ᠲᠠᠯ᠎ᠠ ᠠᠴᠠ ᠰᠢᠨ᠎ᠡ ᠪᠣᠬᠢᠷᠲᠤᠯ ᠪᠣᠳᠠᠰ᠎ᠢ ᠬᠢᠨᠠᠨ ᠬᠡᠮᠵᠢᠬᠦ ᠮᠡᠷᠭᠡᠵᠢᠯ᠎ᠤᠨ ᠬᠥᠭᠵᠢᠯᠲᠡ ᠵᠢᠨ ᠬᠠᠨᠳᠤᠰᠢ᠂ ᠲᠤᠯᠭ᠋ᠠᠷᠠᠵᠤ ᠪᠠᠢ᠌ᠭ᠎ᠠ ᠥᠷᠢᠰᠥᠯᠳᠦᠭᠡᠨ ᠵᠢᠴᠢ ᠰᠢᠨ᠎ᠡ ᠵᠢ ᠡᠭᠦᠳᠦᠨ ᠰᠢᠢ᠍ᠳᠪᠦᠷᠢᠯᠡᠬᠦ ᠲᠥᠰᠥᠯ᠎ᠢ ᠭᠦᠨᠵᠡᠭᠡᠢ ᠵᠠᠳᠠᠯᠤᠨ ᠰᠢᠨᠵᠢᠯᠡᠪᠡ᠂ ᠡᠭᠦᠨ᠎ᠳᠤ ᠭᠣᠣᠯ ᠤᠷᠤᠰᠬᠠᠯ᠎ᠤᠨ ᠨᠠᠭᠤᠷ ᠴᠥᠭᠥᠷᠥᠮ᠎ᠤᠨ ᠭᠠᠵᠠᠷ ᠳᠡᠭᠡᠷᠡᠬᠢ ᠤᠰᠤᠨ᠎ᠤ ᠤᠰᠤᠨ ᠴᠣᠭᠴᠠ᠂ ᠹᠯᠣᠷ᠎ᠤᠨ ᠬᠢᠮᠢ ᠵᠢᠨ ᠠᠵᠤ ᠦᠢ᠍ᠯᠡᠳᠪᠦᠷᠢ᠂ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠂ ᠡᠮ ᠦᠢ᠍ᠯᠡᠳᠬᠦ ᠠᠵᠢᠯ ᠲᠥᠷᠥᠯ ᠵᠡᠷᠭᠡ ᠣᠨᠴᠠᠯᠢᠭᠲᠤ ᠵᠠᠳᠠᠯᠤᠯᠲᠠ ᠪᠠ ᠲᠦᠭᠰᠢᠭᠦᠷᠢ ᠵᠢᠨ ᠦᠨᠡᠯᠡᠯᠲᠡ ᠪᠠᠭᠲᠠᠨ᠎ᠠ; ᠰᠢᠨ᠎ᠡ ᠪᠣᠬᠢᠷᠲᠤᠯ ᠪᠣᠳᠠᠰ᠎ᠤᠨ ᠬᠠᠨᠳᠤᠯᠭ᠋ᠠᠲᠤ ᠬᠢᠨᠠᠨ ᠬᠡᠮᠵᠢᠵᠦ ᠰᠢᠭᠰᠢᠨ ᠪᠠᠢ᠌ᠴᠠᠭ᠋ᠠᠬᠤ ᠪᠠ ᠬᠠᠨᠳᠤᠯᠭ᠋ᠠᠲᠤ ᠪᠤᠰᠤ ᠰᠢᠭᠰᠢᠨ ᠪᠠᠢ᠌ᠴᠠᠭ᠋ᠠᠬᠤ ᠵᠢᠴᠢ ᠶᠠᠰᠤ ᠴᠢᠨᠠᠷ᠎ᠢ ᠡᠵᠡᠮᠳᠡᠬᠦ ᠮᠡᠷᠭᠡᠵᠢᠯ; ᠬᠠᠲᠤᠨ ᠭᠣᠣᠯ᠎ᠤᠨ ᠰᠠᠪᠠ ᠭᠠᠵᠠᠷ᠎ᠤᠨ ᠡᠬᠡ ᠭᠠᠵᠠᠷ᠎ᠤᠨ ᠪᠠᠢ᠌ᠴᠠᠭ᠋ᠠᠯᠲᠠ ᠪᠠ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢ ᠰᠢᠭᠰᠢᠨ ᠪᠠᠢ᠌ᠴᠠᠭ᠋ᠠᠬᠤ; ᠪᠢᠴᠢᠯ ᠰᠦᠯᠢᠶᠥᠦ ᠵᠢᠨ ᠤᠰᠤᠨ ᠴᠣᠭᠴᠠ ᠵᠢᠨ ᠲᠠᠷᠬᠠᠯᠲᠠ ᠵᠡᠷᠭᠡ ᠲᠠᠯ᠎ᠠ᠎ᠪᠠᠷ ᠴᠥᠮ ᠥᠪᠡᠷ ᠥᠪᠡᠷ᠎ᠤᠨ ᠵᠶ᠋ᠡᠨ ᠳᠠᠪᠠᠭᠤᠯᠢᠭ ᠣᠨᠴᠠᠯᠢᠭ᠎ᠲᠠᠢ ᠪᠠᠢ᠌ᠳᠠᠭ᠃
ᠳᠡᠳ᠋ ᠥᠷᠲᠡᠭᠡᠨ ᠳᠠᠷᠤᠭ᠎ᠠ ᠹᠠᠨ ᠴᠢᠩ ᠶᠦᠨ ᠄ ᠨᠢᠭᠡᠨᠲᠡ ᠠᠵᠢᠯᠯᠠᠬᠤ ᠴᠢᠳᠠᠪᠤᠷᠢ᠎ᠲᠠᠢ ᠪᠣᠯᠤᠭᠰᠠᠨ ᠪᠥᠭᠡᠳ ᠠᠵᠢᠯ ᠵᠶ᠋ᠠᠨ ᠥᠷᠨᠢᠭᠦᠯᠦᠭᠰᠡᠨ ᠬᠤᠪᠢᠶᠠᠷᠢ ᠥᠷᠲᠡᠭᠡ᠎ᠨᠢ ᠴᠠᠭ ᠲᠤᠬᠠᠢᠳᠤᠨᠢ ᠳ᠋ᠦᠩᠨᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠤᠰᠤᠳ ᠬᠤᠪᠢᠶᠠᠷᠢ ᠥᠷᠲᠡᠭᠡ ᠵᠢ ᠠᠯᠢ ᠲᠦᠷᠭᠡᠨ ᠵᠶ᠋ᠡᠷ ᠡᠬᠢᠯᠡᠭᠦᠯᠵᠦ᠂ ᠤᠯᠤᠰ᠎ᠤᠨ ᠡᠭᠦᠷᠭᠡ ᠵᠢ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
ᠥᠷᠲᠡᠭᠡᠨ ᠳᠠᠷᠤᠭ᠎ᠠ ᠲᠢᠶᠠᠨ ᠶᠦᠩ ᠯᠢ ᠄ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠂ ᠬᠦᠷᠢᠶᠡᠯᠡᠩ ᠲᠣᠭᠣᠷᠢᠭ᠂ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠂ ᠨᠠᠭᠤᠷ ᠴᠥᠭᠥᠷᠥᠮ᠂ ᠭᠣᠣᠯ ᠮᠥᠷᠡᠨ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠵᠡᠷᠭᠡ ᠵᠢᠷᠭᠤᠭ᠋ᠠᠨ ᠣᠷᠣᠨ ᠪᠦᠰᠡ ᠵᠢᠨ ᠰᠢᠨ᠎ᠡ ᠪᠣᠬᠢᠷᠲᠤᠯ ᠪᠣᠳᠠᠰ᠎ᠤᠨ ᠬᠢᠨᠠᠨ ᠬᠡᠮᠵᠢᠯᠲᠡ ᠣᠳᠣᠬᠠᠨ ᠠᠩᠬᠠᠨ᠎ᠤ ᠠᠯᠬᠤᠮ ᠵᠶ᠋ᠠᠨ ᠡᠬᠢᠯᠡᠪᠡ᠂ ᠬᠥᠬᠡᠬᠣᠲᠠ ᠵᠢᠨ ᠬᠤᠪᠢᠶᠠᠷᠢ ᠥᠷᠲᠡᠭᠡ᠎ᠳᠤ ᠨᠢᠭᠡᠨᠲᠡ ᠦᠨᠡᠯᠡᠨ ᠵᠢᠱ᠌ᠢᠯᠲᠡ ᠬᠢᠵᠦ᠂ ᠶᠡᠷᠦᠩᠬᠡᠢ ᠥᠷᠲᠡᠭᠡ᠎ᠠᠴᠠ ᠲᠥᠯᠥᠪᠯᠡᠭᠡ ᠵᠢᠨ ᠲᠣᠬᠢᠷᠠᠭᠤᠯᠤᠯᠲᠠ ᠬᠢᠵᠦ᠂ ᠬᠥᠮᠥᠨ᠂ ᠡᠳ᠋᠂ ᠬᠡᠮᠵᠢᠭᠦᠷᠯᠢᠭ᠎ᠤᠨ ᠨᠢᠭᠡᠳᠦᠯᠲᠡᠢ ᠲᠥᠯᠦᠪᠵᠢᠭᠦᠯᠭᠡ ᠵᠢ ᠵᠣᠬᠢᠴᠠᠭᠤᠯᠵᠤ᠂ ᠡᠯ᠎ᠡ ᠬᠤᠪᠢᠶᠠᠷᠢ ᠥᠷᠲᠡᠭᠡ᠎ᠳᠤ ᠭᠣᠣᠯᠳᠠᠯᠭ᠎ᠠ᠎ᠲᠠᠢ ᠪᠠᠢ᠌ᠯᠭ᠋ᠠᠵᠤ᠂ ᠠᠳᠠᠯᠢ ᠪᠤᠰᠤ ᠲᠥᠷᠥᠯ ᠬᠡᠯᠪᠡᠷᠢ ᠵᠢ ᠡᠭᠦᠷᠭᠡᠯᠡᠨ᠂ ᠬᠠᠲᠤᠨ ᠭᠣᠣᠯ᠎ᠤᠨ ᠰᠠᠪᠠ ᠭᠠᠵᠠᠷ᠎ᠤᠨ ᠰᠢᠨ᠎ᠡ ᠪᠣᠬᠢᠷᠲᠤᠯ ᠪᠣᠳᠠᠰ᠎ᠤᠨ ᠬᠢᠨᠠᠨ ᠬᠡᠮᠵᠢᠯᠲᠡ ᠵᠢᠨ ᠦᠷᠭᠦᠯᠵᠢᠯᠡᠬᠦ ᠴᠢᠨᠠᠷ ᠪᠠ ᠰᠢᠰᠲ᠋ᠧᠮᠲᠦ ᠴᠢᠨᠠᠷᠲᠠᠢ ᠪᠠᠶ᠋ᠢᠬᠤ ᠵᠢ ᠦᠨᠡᠨᠬᠦ ᠪᠠᠲᠤᠯᠠᠬᠤ ᠬᠡᠷᠡᠭᠲᠡᠶ ᠭᠡᠵᠦ ᠵᠢᠭ᠋ᠠᠭ᠋ᠠᠪᠤᠷᠢᠯᠠᠪᠠ᠃
ᠬᠠᠮᠤᠭ ᠰᠡᠭᠦᠯ᠎ᠳᠤ᠂ ᠲᠢᠶᠠᠨ ᠶᠦᠩ ᠯᠢ ᠭᠤᠷᠪᠠᠳᠤᠭ᠋ᠠᠷ ᠬᠤᠭᠤᠴᠠᠭ᠋ᠠᠨ᠎ᠤ ᠰᠤᠳᠤᠯᠤᠨ ᠶᠠᠷᠢᠯᠴᠠᠬᠤ ᠬᠤᠷᠠᠯ᠎ᠤᠨ ᠭᠣᠣᠯ ᠰᠡᠳᠦᠪ᠎ᠢ ᠠᠯᠤᠰ ᠰᠡᠷᠡᠯ᠎ᠤᠨ ᠬᠢᠨᠠᠨ ᠬᠡᠮᠵᠢᠯᠲᠡ ᠭᠡᠵᠦ ᠨᠡᠢ᠌ᠲᠡᠯᠡᠭᠰᠡᠨ ᠪᠥᠭᠡᠳ ᠪᠤᠤᠬᠢᠶ᠎ᠠ ᠵᠢ ᠲᠠᠷᠠᠭ᠋ᠠᠴᠢ ᠵᠢᠨ ᠳᠠᠭ᠋ᠠᠭ᠋ᠠᠨ ᠡᠷᠬᠢᠯᠡᠬᠦ ᠨᠢᠭᠡᠴᠢ ᠪᠣᠯᠬᠤ ᠰᠢᠯᠢ ᠵᠢᠨ ᠭᠣᠣᠯ᠎ᠤᠨ ᠬᠤᠪᠢᠶᠠᠷᠢ ᠥᠷᠲᠡᠭᠡ᠎ᠳᠤ ᠲᠤᠰᠢᠶᠠᠨ ᠥᠭᠴᠦ᠂ ᠬᠣᠶᠠᠳᠤᠭ᠋ᠠᠷ ᠬᠤᠭᠤᠴᠠᠭ᠋ᠠᠨ᠎ᠤ ᠰᠢᠨ᠎ᠡ ᠪᠣᠬᠢᠷᠲᠤᠯ ᠪᠣᠳᠠᠰ᠎ᠢ ᠬᠢᠨᠠᠨ ᠬᠡᠮᠵᠢᠬᠦ ᠮᠡᠷᠭᠡᠵᠢᠯ᠎ᠤᠨ ᠰᠤᠳᠤᠯᠤᠨ ᠶᠠᠷᠢᠯᠴᠠᠬᠤ ᠬᠤᠷᠠᠯ ᠲᠡᠭᠦᠰ ᠠᠮᠵᠢᠯᠲᠠ᠎ᠲᠠᠢ ᠥᠨᠳᠥᠷᠯᠡᠪᠡ᠃