ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠲᠧᠭᠨᠢᠭ᠎ᠢᠶᠠᠷ ᠰᠢᠯᠭᠠᠨ ᠲᠣᠭᠲᠠᠭᠠᠬᠤ
2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠲᠤᠰᠬᠠᠢ ᠲᠥᠷᠥᠯ ᠵᠦᠢᠯ᠎ᠢ ᠡᠬᠢᠯᠡᠨ ᠬᠡᠷᠡᠭᠵᠢᠭᠦᠯᠪᠡ
ᠨᠡᠶ᠋ᠢᠲᠡᠯᠡᠭᠰᠡᠨ ᠴᠠᠭ᠄ 2025-11-06

 ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ ᠴᠢᠬᠤᠯᠠ ᠶᠡᠬᠡ ᠤᠯᠤᠰ ᠲᠥᠷᠥ᠎ᠶᠢᠨ ᠬᠠᠷᠢᠭᠤᠴᠠᠯᠭ᠎ᠠ᠎ᠶᠢ ᠨᠡᠩ ᠰᠠᠢᠲᠤᠷ ᠡᠭᠦᠷᠭᠡᠯᠡᠵᠦ ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢᠨ ᠴᠢᠬᠤᠯᠠ ᠶᠡᠬᠡ ᠤᠯᠤᠰ᠎ᠤᠨ ᠪᠠᠢᠯᠳᠤᠬᠤ ᠪᠣᠳᠣᠯᠭ᠎ᠠ᠎ᠶᠢ ᠰᠠᠢᠲᠤᠷ ᠬᠡᠷᠡᠭᠵᠢᠭᠦᠯᠬᠦ᠎ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠢ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠡᠬᠢ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠲᠦᠷᠭᠡᠳᠬᠡᠨ ᠪᠠᠢᠷᠢᠰᠢᠭᠤᠯᠵᠤ ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠦᠨ ᠲᠤᠯᠭᠠᠭᠤᠷᠢᠯᠠᠬᠤ ᠰᠢᠰᠲᠧᠮᠵᠢ᠎ᠶᠢ ᠪᠠᠢᠭᠤᠯᠤᠨ ᠪᠦᠷᠢᠨᠰᠢᠭᠦᠯᠵᠦ ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ( ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ )᠎ᠶᠢᠨ ᠲᠤᠰᠬᠠᠢ ᠵᠦᠢᠯ᠎ᠢ ᠠᠩᠬ᠎ᠠ ᠤᠳᠠᠭ᠎ᠠ ᠭᠠᠷᠭᠠᠬᠤ᠎ᠶᠢ ᠠᠬᠢᠭᠤᠯᠵᠤ ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠲᠤᠰᠬᠠᠢ ᠲᠥᠷᠥᠯ ᠵᠦᠢᠯ᠎ᠦᠨ ᠪᠡᠯᠡ ᠮᠥᠩᠭᠥ᠎ᠶᠢ 3000 ᠲᠦᠮᠡᠨ ᠲᠥᠭᠥᠷᠢᠭ ᠲᠥᠪᠯᠡᠷᠡᠭᠦᠯᠦᠨ ᠲᠣᠬᠢᠷᠠᠭᠤᠯᠵᠤ ᠲᠥᠷᠥᠯ ᠵᠦᠢᠯ᠎ᠢ ᠬᠡᠷᠡᠭᠵᠢᠭᠦᠯᠬᠦ᠎ᠳᠦ ᠲᠡᠮᠵᠢᠪᠡ᠃

 ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ ᠂ ᠬᠠᠲᠤᠨ ᠭᠣᠣᠯ᠎ᠤᠨ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ ᠂ 《 ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠮᠡᠷᠭᠡᠵᠢᠯ᠎ᠦᠨ ᠰᠤᠳᠤᠯᠤᠨ ᠨᠡᠭᠡᠭᠡᠯᠲᠡ ᠬᠢᠭᠡᠳ ᠵᠢᠱ᠌ᠢᠶ᠎ᠡ ᠦᠵᠡᠭᠦᠯᠬᠦ 》 《 ᠠᠮᠢ ᠠᠬᠤᠢ᠎ᠶᠢᠨ ᠠᠮᠤᠷ ᠲᠦᠪᠰᠢᠨ᠎ᠦ ᠲᠦᠭᠰᠢᠭᠦᠷᠢ᠎ᠶᠢᠨ ᠰᠢᠰᠲᠧᠮ᠎ᠦᠨ ᠰᠡᠷᠭᠡᠢᠯᠡᠨ ᠡᠵᠡᠮᠳᠡᠬᠦ ᠮᠡᠷᠭᠡᠵᠢᠯ᠎ᠦᠨ ᠰᠤᠳᠤᠯᠭᠠᠨ 》 《 ᠬᠠᠲᠤᠨ ᠭᠣᠣᠯ᠎ᠤᠨ ᠰᠠᠪᠠ ᠭᠠᠵᠠᠷ᠎ᠤᠨ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠣᠶᠤᠨᠴᠢ ᠳᠠᠭᠤᠷᠢᠶᠠᠮᠠᠯ ᠬᠢᠭᠡᠳ ᠬᠡᠷᠡᠭᠯᠡᠭᠡᠨ᠎ᠦ ᠵᠢᠱ᠌ᠢᠶ᠎ᠡ ᠦᠵᠡᠭᠦᠯᠬᠦ 》 《 ᠤᠯᠠᠭᠠᠨᠰᠤᠬᠠᠢ ᠨᠠᠭᠤᠷ᠎ᠤᠨ ᠠᠮᠢ ᠠᠬᠤᠢ᠎ᠶᠢᠨ ᠰᠡᠷᠭᠦᠭᠡᠯᠲᠡ ᠬᠢᠭᠡᠳ ᠴᠢᠳᠠᠮᠵᠢ᠎ᠶᠢ ᠳᠡᠭᠡᠭᠰᠢᠯᠡᠭᠦᠯᠬᠦ ᠮᠡᠷᠭᠡᠵᠢᠯ᠎ᠦᠨ ᠰᠤᠳᠤᠯᠤᠨ ᠨᠡᠭᠡᠭᠡᠯᠲᠡ ᠬᠢᠭᠡᠳ ᠬᠡᠷᠡᠭᠯᠡᠯᠲᠡ 》 ᠵᠡᠷᠭᠡ 4 ᠲᠥᠷᠥᠯ ᠵᠦᠢᠯ᠎ᠢ ᠲᠣᠰ ᠤᠳᠠᠭᠠᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠲᠤᠰᠬᠠᠢ ᠵᠦᠢᠯ᠎ᠳᠦ ᠣᠷᠣᠭᠤᠯᠬᠤ᠎ᠶᠢ ᠰᠢᠰᠲᠧᠮ᠎ᠲᠠᠢ ᠲᠥᠯᠥᠪᠯᠡᠨ ᠠᠬᠢᠭᠤᠯᠵᠤ ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠲᠤᠰᠬᠠᠢ ᠵᠦᠢᠯ᠎ᠦᠨ ᠪᠡᠯᠡ ᠮᠥᠩᠭᠥ᠎ᠶᠢ 2400 ᠲᠦᠮᠡᠨ ᠲᠥᠭᠥᠷᠢᠭ ᠣᠯᠵᠤ ᠂ ᠲᠥᠷᠥᠯ ᠵᠦᠢᠯ᠎ᠦᠨ ᠰᠤᠳᠤᠯᠭᠠᠨ᠎ᠤ ᠵᠢᠱ᠌ᠢᠶ᠎ᠡ ᠦᠵᠡᠭᠦᠯᠬᠦ᠎ᠶᠢ ᠨᠢᠭᠡ ᠴᠣᠭᠴᠠᠵᠢᠭᠤᠯᠤᠨ ᠥᠷᠨᠢᠭᠦᠯᠵᠦ ᠂ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠨ᠎ᠡ ᠃

 ᠳᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠬᠢᠨ ᠪᠦᠬᠦ ᠶᠠᠪᠤᠴᠠ᠎ᠳᠤ ᠣᠷᠣᠯᠴᠠᠵᠤ᠂ ᠪᠦᠬᠦ ᠡᠯᠧᠮᠧᠨ᠋ᠲ᠎ᠢᠶᠡᠷ ᠪᠠᠲᠤᠯᠠᠵᠤ᠂ ᠪᠦᠬᠦ ᠬᠡᠯᠬᠢᠶ᠎ᠡ᠎ᠪᠡᠷ ᠲᠦᠷᠦᠯ ᠵᠦᠢᠯ᠎ᠦᠨ ᠬᠡᠷᠡᠭᠵᠢᠭᠦᠯᠦᠯᠲᠡ᠎ᠶᠢ ᠠᠬᠢᠭᠤᠯᠵᠤ᠂ ᠰᠤᠳᠤᠯᠭᠠᠨ᠎ᠤ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭᠯᠡᠬᠦ᠎ᠶᠢ ᠪᠦᠬᠦ ᠬᠦᠴᠦᠨ᠎ᠢᠶᠡᠷ ᠠᠬᠢᠭᠤᠯᠵᠤ᠂ ᠲᠦᠷᠦᠯ ᠵᠦᠢᠯ᠎ᠦᠨ ᠦᠷ᠎ᠡ ᠪᠦᠲᠦᠭᠡᠯ᠎ᠢ 《 ᠬᠡᠷᠡᠭᠯᠡᠵᠦ ᠳᠡᠶ᠋ᠢᠯᠬᠦ᠂ ᠰᠠᠢᠲᠤᠷ ᠬᠡᠷᠡᠭᠯᠡᠬᠦ 》 ᠶ᠋ᠢ ᠪᠠᠲᠤᠯᠠᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠡᠪᠳᠡᠷᠡᠰᠢ ᠦᠭᠡᠢ ᠪᠠᠲᠤ ᠪᠡᠬᠢ ᠪᠠᠶ᠋ᠢᠭᠤᠯᠬᠤ᠎ᠪᠠᠷ ᠴᠢᠷᠮᠠᠢᠨ᠎ᠠ᠃
Https://kjt.nmg.gov.cn/kjdt/tzgg/202504/t20250417_2705139.html

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号