3 ᠳ᠋ᠤᠭᠠᠷ ᠰᠠᠷ᠎ᠠ᠎ᠶᠢᠨ 27᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ 2025 ᠣᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ 《 ᠪᠦᠰᠡᠯᠡᠯᠲᠡ᠎ᠶᠢ ᠰᠢᠪᠲᠤᠯᠬᠤ 》 ᠢᠨᠵᠧᠨᠧᠷᠢᠩ᠎ᠦᠨ 《 ᠵᠣᠬᠢᠶᠠᠮᠠᠯ ᠣᠶᠤᠨ ᠴᠢᠳᠠᠪᠤᠷᠢ 》 + 《 ᠲᠤᠰᠬᠠᠢ ᠵᠦᠢᠯ᠎ᠢᠶᠡᠷ ᠮᠠᠩᠯᠠᠢᠯᠠᠭᠤᠯᠬᠤ 》 ᠲᠥᠷᠥᠯ ᠵᠦᠢᠯ᠎ᠦᠨ ᠮᠡᠷᠭᠡᠵᠢᠯ᠎ᠦᠨ ᠨᠡᠷᠡᠰ᠎ᠦᠨ ᠵᠢᠭ᠍ᠰᠠᠭᠠᠯᠲᠠ᠎ᠶᠢ ᠵᠢᠩᠬᠢᠨᠢ᠎ᠪᠡᠷ ᠨᠡᠢᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠤᠬᠠᠭᠠᠯᠠᠨ ᠲᠥᠯᠥᠪᠯᠡᠭᠰᠡᠨ 《 ᠥᠪᠥᠷ ᠮᠣᠩᠭᠣᠯ᠎ᠤᠨ ᠠᠮᠢ ᠠᠬᠤᠢ᠎ᠶᠢᠨ ᠠᠮᠤᠷ ᠲᠦᠪᠰᠢᠨ᠎ᠦ ᠣᠶᠤᠨᠴᠢ ᠬᠢᠨᠠᠯᠲᠠ ᠬᠠᠮᠢᠶᠠᠷᠤᠯᠲᠠ᠎ᠶᠢᠨ ᠵᠠᠩᠭᠢᠯᠠᠭ᠎ᠠ᠎ᠶᠢᠨ ᠮᠡᠷᠭᠡᠵᠢᠯ᠎ᠦᠨ ᠰᠤᠳᠤᠯᠤᠨ ᠨᠡᠭᠡᠭᠡᠯᠲᠡ ᠬᠢᠭᠡᠳ ᠵᠢᠱ᠌ᠢᠶ᠎ᠡ ᠦᠵᠡᠭᠦᠯᠦᠨ ᠬᠡᠷᠡᠭᠯᠡᠬᠦ 》 ᠲᠥᠷᠥᠯ ᠵᠦᠢᠯ ᠠᠮᠵᠢᠯᠲᠠ᠎ᠲᠠᠢ᠎ᠪᠠᠷ ᠨᠡᠷᠡᠰ᠎ᠦᠨ ᠵᠢᠭ᠍ᠰᠠᠭᠠᠯᠲᠠ᠎ᠳᠤ ᠣᠷᠣᠪᠠ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《 ᠵᠣᠬᠢᠶᠠᠮᠠᠯ ᠣᠶᠤᠨ ᠴᠢᠳᠠᠪᠤᠷᠢ + ᠠᠮᠢ ᠠᠬᠤᠢ 》᠎ᠶᠢᠨ ᠰᠢᠨᠵᠢᠯᠡᠬᠦ ᠤᠬᠠᠭᠠᠨ ᠮᠡᠷᠭᠡᠵᠢᠯ᠎ᠦᠨ ᠴᠢᠳᠠᠪᠤᠷᠢ ᠣᠯᠭᠣᠬᠤ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ ᠪᠠ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢᠨ ᠬᠡᠷᠡᠭᠴᠡᠭᠡ᠎ᠳᠦ ᠰᠠᠭᠤᠷᠢᠯᠠᠨ ᠂ ᠪᠠᠷᠠᠭᠠᠯᠬᠢᠯᠠᠯᠳᠤ ᠴᠢᠨᠠᠷ ᠂ ᠪᠣᠯᠣᠮᠵᠢᠲᠤ ᠴᠢᠨᠠᠷ ᠂ ᠰᠢᠨᠵᠢᠯᠡᠬᠦ ᠤᠬᠠᠭᠠᠨᠴᠢ ᠴᠢᠨᠠᠷ᠎ᠢ ᠣᠷᠭᠠᠨᠢᠭ᠋᠎ᠢᠶᠠᠷ ᠠᠭᠤᠰᠤᠯᠴᠠᠭᠤᠯᠵᠤ ᠂ 《 ᠥᠪᠥᠷ ᠮᠣᠩᠭᠣᠯ᠎ᠤᠨ ᠠᠮᠢ ᠠᠬᠤᠢ᠎ᠶᠢᠨ ᠠᠮᠤᠷ ᠲᠦᠪᠰᠢᠨ᠎ᠦ ᠣᠶᠤᠨᠴᠢ ᠬᠢᠨᠠᠯᠲᠠ ᠬᠠᠮᠢᠶᠠᠷᠤᠯᠲᠠ᠎ᠶᠢᠨ ᠵᠠᠩᠭᠢᠯᠠᠭ᠎ᠠ᠎ᠶᠢᠨ ᠮᠡᠷᠭᠡᠵᠢᠯ᠎ᠢ ᠰᠤᠳᠤᠯᠤᠨ ᠨᠡᠭᠡᠭᠡᠬᠦ ᠪᠠ ᠵᠢᠱ᠌ᠢᠶ᠎ᠡ ᠦᠵᠡᠭᠦᠯᠦᠨ ᠬᠡᠷᠡᠭᠯᠡᠬᠦ 》 ᠲᠥᠷᠥᠯ ᠵᠦᠢᠯ᠎ᠢ ᠬᠢᠨᠠᠮᠠᠭᠠᠢ ᠰᠤᠳᠤᠯᠵᠤ ᠂ ᠰᠢᠨᠵᠢᠯᠡᠬᠦ ᠤᠬᠠᠭᠠᠨᠴᠢ᠎ᠪᠠᠷ ᠰᠦᠪᠡᠭᠴᠢᠯᠡᠬᠦ᠎ᠶᠢᠨ ᠬᠠᠮᠲᠤ ᠠᠮᠵᠢᠯᠲᠠ᠎ᠲᠠᠢ᠎ᠪᠠᠷ ᠨᠡᠷᠡᠰ᠎ᠦᠨ ᠵᠢᠭ᠍ᠰᠠᠭᠠᠯᠲᠠ᠎ᠳᠤ ᠣᠷᠣᠭᠤᠯᠵᠤ ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ 《 ᠪᠦᠰᠡᠯᠡᠯᠲᠡ᠎ᠶᠢ ᠰᠢᠪᠲᠤᠯᠬᠤ 》 ᠢᠨᠵᠧᠨᠧᠷᠢᠩ᠎ᠦᠨ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠡᠬᠢ ᠴᠡᠭ ᠪᠠᠢᠷᠢ᠎ᠶᠢᠨ 《 ᠲᠡᠭ 》 ᠰᠢᠪᠲᠤᠯᠤᠯᠲᠠ᠎ᠶᠢ ᠪᠡᠶᠡᠯᠡᠭᠦᠯᠪᠡ᠃
ᠲᠣᠰ ᠲᠥᠷᠥᠯ ᠵᠦᠢᠯ᠎ᠦᠨ ᠶᠡᠷᠦᠩᠬᠡᠢ ᠪᠡᠯᠡ ᠣᠷᠣᠭᠤᠯᠤᠯᠲᠠ ᠨᠢ 3000 ᠭᠠᠷᠤᠢ ᠲᠦᠮᠡᠨ ᠲᠥᠭᠥᠷᠢᠭ ᠪᠠᠢᠵᠤ ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠲᠤᠰᠬᠠᠢ ᠪᠡᠯᠡ ᠣᠷᠣᠭᠤᠯᠤᠯᠲᠠ᠎ᠶᠢᠨ ᠪᠡᠯᠡ ᠣᠷᠣᠭᠤᠯᠤᠯᠲᠠ ᠨᠢ 1000 ᠲᠦᠮᠡᠨ ᠲᠥᠭᠥᠷᠢᠭ ᠪᠠᠢᠵᠤ ᠂ ᠠᠵᠤ ᠠᠬᠤᠢᠯᠠᠯ᠎ᠤᠨ ᠥᠪᠡᠷ᠎ᠢᠶᠡᠨ ᠴᠤᠭᠯᠠᠭᠤᠯᠤᠭᠰᠠᠨ ᠪᠡᠯᠡ ᠣᠷᠣᠭᠤᠯᠤᠯᠲᠠ ᠨᠢ 2000 ᠲᠦᠮᠡᠨ ᠲᠥᠭᠥᠷᠢᠭ᠎ᠡᠴᠡ ᠳᠣᠣᠷ᠎ᠠ ᠪᠠᠢᠵᠤ ᠪᠣᠯᠬᠤ ᠦᠭᠡᠢ᠃ ᠬᠥᠳᠡᠯᠦᠩᠭᠦᠢ᠎ᠪᠡᠷ ᠰᠡᠷᠡᠵᠦ ᠮᠡᠳᠡᠬᠦ ᠪᠠ ᠲᠦᠷᠭᠡᠨ ᠢᠯᠭᠠᠨ ᠲᠠᠨᠢᠬᠤ ᠵᠠᠭᠪᠤᠷ᠂ ᠵᠣᠬᠢᠶᠠᠮᠠᠯ ᠣᠶᠤᠨᠯᠢᠭ᠋᠎ᠤᠨ ᠲᠣᠮᠣ᠌ ᠳ᠋ᠠᠢᠲ᠋ᠠ᠎ᠶᠢᠨ ᠵᠠᠭᠪᠤᠷ᠎ᠢ ᠪᠠᠶ᠋ᠢᠭᠤᠯᠬᠤ ᠂ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠣᠶᠤᠨᠴᠢ ᠬᠢᠨᠠᠯᠲᠠ ᠬᠠᠮᠢᠶᠠᠷᠤᠯᠲᠠ᠎ᠶᠢᠨ ᠬᠢᠨᠠᠨ ᠬᠡᠮᠵᠢᠬᠦ ᠤᠷᠢᠳᠴᠢᠯᠠᠨ ᠰᠡᠷᠡᠮᠵᠢᠯᠡᠭᠦᠯᠬᠦ ᠦᠨᠡᠯᠡᠨ ᠵᠢᠱ᠌ᠢᠬᠦ ᠲᠠᠪᠴᠠᠩ᠎ᠢ ᠪᠠᠶ᠋ᠢᠭᠤᠯᠬᠤ ᠂ ᠣᠶᠤᠨᠴᠢ ᠬᠢᠨᠠᠯᠲᠠ ᠬᠠᠮᠢᠶᠠᠷᠤᠯᠲᠠ᠎ᠶᠢᠨ ᠵᠢᠱ᠌ᠢᠶ᠎ᠡ ᠦᠵᠡᠭᠦᠯᠦᠨ ᠬᠡᠷᠡᠭᠯᠡᠬᠦ ᠵᠡᠷᠭᠡ᠎ᠶᠢ ᠥᠷᠨᠢᠭᠦᠯᠬᠦ᠎ᠪᠡᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ᠎ᠢᠶᠡᠷ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠦᠨ᠎ᠡ᠃