ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠲᠧᠭᠨᠢᠭ᠎ᠢᠶᠠᠷ ᠰᠢᠯᠭᠠᠨ ᠲᠣᠭᠲᠠᠭᠠᠬᠤ
2025 ᠣᠨ᠎ᠤ ᠠᠯᠪᠠᠳᠠᠯᠭ᠎ᠠ᠎ᠶᠢᠨ ᠴᠢᠨᠠᠷᠲᠠᠢ ᠠᠷᠢᠭᠤᠨ ᠴᠡᠪᠡᠷ ᠦᠢᠯᠡᠳᠪᠦᠷᠢᠯᠡᠯ᠎ᠢ ᠬᠢᠨᠠᠨ ᠬᠠᠷᠭᠤᠭᠤᠯᠬᠤ᠎ᠶᠢ ᠬᠡᠷᠡᠭᠵᠢᠭᠦᠯᠬᠦ ᠠᠵᠤ ᠠᠬᠤᠢᠯᠠᠯ᠎ᠤᠨ ᠨᠡᠷᠡᠰ᠎ᠢ ᠨᠡᠢᠲᠡᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2025-04-15

ᠡᠯ᠎ᠡ ᠠᠢᠮᠠᠭ ᠬᠣᠲᠠ᠎ᠶᠢᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠂ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ ᠄
      《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠢᠭᠤᠨ ᠴᠡᠪᠡᠷ ᠦᠢᠯᠡᠳᠪᠦᠷᠢᠯᠡᠯ᠎ᠢ ᠠᠬᠢᠭᠤᠯᠬᠤ ᠬᠠᠤᠯᠢ》 《 ᠠᠷᠢᠭᠤᠨ ᠴᠡᠪᠡᠷ ᠦᠢᠯᠡᠳᠪᠦᠷᠢᠯᠡᠯ᠎ᠢ ᠬᠢᠨᠠᠨ ᠬᠠᠷᠭᠤᠭᠤᠯᠬᠤ ᠠᠷᠭ᠎ᠠ》 《 ᠭᠣᠣᠯᠳᠠᠯᠭ᠎ᠠ᠎ᠲᠠᠢ ᠠᠵᠢᠯ ᠲᠥᠷᠥᠯ᠎ᠦᠨ ᠠᠷᠢᠭᠤᠨ ᠴᠡᠪᠡᠷ ᠦᠢᠯᠡᠳᠪᠦᠷᠢᠯᠡᠯ᠎ᠢ ᠬᠢᠨᠠᠨ ᠬᠠᠷᠭᠤᠭᠤᠯᠬᠤ ᠠᠵᠢᠯ᠎ᠢ ᠭᠦᠨᠵᠡᠭᠡᠢ ᠠᠬᠢᠭᠤᠯᠬᠤ ᠲᠤᠬᠠᠢ ᠮᠡᠳᠡᠭᠳᠡᠯ 》 ( ᠣᠷᠴᠢᠨ ᠲᠣᠭᠣᠷᠢᠨ᠎ᠤ ᠠᠯᠪᠠᠨ ᠭᠡᠷ ᠰᠢᠨᠵᠢᠯᠡᠬᠦ ᠤᠬᠠᠭᠠᠨ ᠡᠳ᠋᠎ᠦᠨ ᠵᠠᠰᠠᠭ [ 2020 ] 27 ᠳ᠋ᠤᠭᠠᠷ ᠲᠣᠭᠠᠲᠤ ) ᠪᠣᠯᠣᠨ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠢᠭᠤᠨ ᠴᠡᠪᠡᠷ ᠦᠢᠯᠡᠳᠪᠦᠷᠢᠯᠡᠯ᠎ᠢ ᠬᠢᠨᠠᠨ ᠬᠠᠷᠭᠤᠭᠤᠯᠵᠤ ᠦᠨᠡᠯᠡᠨ ᠵᠢᠱ᠌ᠢᠬᠦ ᠪᠠ ᠰᠢᠯᠭᠠᠨ ᠠᠪᠬᠤ ᠵᠦᠭᠯᠡᠭᠦᠷ 》 ( ᠥᠪᠥᠷ ᠬᠥᠭᠵᠢᠭᠦᠯᠦᠯᠲᠡ ᠪᠠ ᠥᠭᠡᠷᠡᠴᠢᠯᠡᠯᠲᠡ ᠣᠷᠴᠢᠨ ᠲᠣᠭᠣᠷᠢᠨ᠎ᠤ ᠡᠬᠢ ᠪᠠᠶᠠᠯᠢᠭ᠋ ᠥᠰᠥᠭ [ 2024 ] 706 ᠳ᠋ᠤᠭᠠᠷ ᠲᠣᠭᠠᠲᠤ ) ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ᠎ᠶᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ ᠠᠷᠪᠢᠯᠠᠬᠤ ᠪᠠ ᠪᠣᠬᠢᠷᠲᠤᠯ᠎ᠢ ᠰᠡᠷᠭᠡᠢᠯᠡᠨ ᠵᠠᠰᠠᠬᠤ ᠡᠭᠦᠷᠭᠡ᠎ᠲᠠᠢ ᠨᠢᠭ᠍ᠲᠠ ᠤᠶᠠᠯᠳᠤᠭᠤᠯᠤᠨ᠂ ᠡᠨᠧᠷᠭᠢ᠂ ᠲᠡᠮᠦᠷᠯᠢᠭ ᠪᠣᠯᠪᠠᠰᠤᠷᠠᠭᠤᠯᠬᠤ ᠂ ᠬᠡᠦᠷᠰᠢᠭᠦᠯᠬᠦ ᠂ ᠪᠠᠷᠢᠯᠭ᠎ᠠ᠎ᠶᠢᠨ ᠮᠠᠲᠧᠷᠢᠶᠠᠯ᠂ ᠥᠩᠭᠡᠲᠦ ᠲᠡᠮᠦᠷᠯᠢᠭ᠂ ᠬᠢᠮᠢ᠎ᠶᠢᠨ ᠠᠵᠤ ᠦᠢᠯᠡᠳᠪᠦᠷᠢ᠂ ᠳᠠᠷᠤᠮᠠᠯᠯᠠᠨ ᠪᠤᠳᠤᠬᠤ᠂ ᠴᠠᠭᠠᠰᠤ ᠬᠢᠬᠦ᠂ ᠲᠦᠭᠦᠬᠡᠢ ᠮᠠᠲᠧᠷᠢᠶᠠᠯ᠎ᠤᠨ ᠡᠮ᠂ ᠴᠠᠬᠢᠯᠭᠠᠨ᠎ᠢᠶᠠᠷ ᠥᠩᠭᠡᠯᠡᠬᠦ᠂ ᠲᠠᠷᠢᠶᠠᠯᠠᠩ ᠲᠤᠰᠠᠯᠠᠬᠤ ᠢᠳᠡᠭᠡᠨ᠎ᠢ ᠡᠳ᠋ᠰᠢᠭᠦᠯᠬᠦ᠂ ᠠᠵᠤ ᠦᠢᠯᠡᠳᠪᠦᠷᠢ᠎ᠶᠢᠨ ᠲᠦᠷᠬᠢᠨ ᠪᠣᠭᠣᠳᠠᠯᠯᠠᠬᠤ ᠂ ᠪᠣᠭᠣᠳᠠᠯᠯᠠᠨ ᠳᠠᠷᠤᠮᠠᠯᠯᠠᠬᠤ ᠵᠡᠷᠭᠡ ᠠᠵᠢᠯ ᠲᠥᠷᠥᠯ᠎ᠢᠶᠡᠷ ᠬᠢᠨᠠᠨ ᠬᠠᠷᠭᠤᠭᠤᠯᠬᠤ ᠭᠣᠣᠯᠳᠠᠯᠭ᠎ᠠ ᠪᠣᠯᠭᠠᠵᠤ ᠂ ᠭᠣᠣᠯᠳᠠᠯᠭ᠎ᠠ᠎ᠲᠠᠢ ᠠᠵᠢᠯ ᠲᠥᠷᠥᠯ᠎ᠦᠨ ᠠᠯᠪᠠᠳᠠᠯᠭ᠎ᠠ᠎ᠶᠢᠨ ᠴᠢᠨᠠᠷᠲᠠᠢ ᠠᠷᠢᠭᠤᠨ ᠴᠡᠪᠡᠷ ᠦᠢᠯᠡᠳᠪᠦᠷᠢᠯᠡᠯ᠎ᠦᠨ ᠬᠢᠨᠠᠨ ᠬᠠᠷᠭᠤᠭᠤᠯᠬᠤ᠎ᠶᠢ ᠭᠦᠨᠵᠡᠭᠡᠢ ᠠᠬᠢᠭᠤᠯᠤᠨ᠎ᠠ ᠃ ᠰᠢᠯᠢᠨ ᠰᠣᠩᠭᠣᠵᠤ ᠬᠢᠨᠠᠨ ᠬᠠᠷᠭᠤᠭᠤᠯᠬᠤ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠡᠴᠡ 2025 ᠣᠨ᠎ᠤ ᠠᠯᠪᠠᠳᠠᠯᠭ᠎ᠠ᠎ᠶᠢᠨ ᠴᠢᠨᠠᠷᠲᠠᠢ ᠠᠷᠢᠭᠤᠨ ᠴᠡᠪᠡᠷ ᠦᠢᠯᠡᠳᠪᠦᠷᠢᠯᠡᠯ᠎ᠦᠨ ᠬᠢᠨᠠᠨ ᠬᠠᠷᠭᠤᠭᠤᠯᠤᠯᠲᠠ᠎ᠶᠢ ᠬᠡᠷᠡᠭᠵᠢᠭᠦᠯᠬᠦ ᠠᠵᠤ ᠠᠬᠤᠢᠯᠠᠯ᠎ᠤᠨ ᠨᠡᠷᠡᠰ᠎ᠢ ᠬᠠᠮᠲᠤ᠎ᠪᠠᠷ ᠲᠣᠭᠲᠠᠭᠠᠪᠠ᠂ ᠡᠳᠦᠭᠡ ᠨᠡᠢᠲᠡᠯᠡᠬᠦ᠎ᠶᠢᠨ ᠬᠠᠮᠲᠤ ᠳᠣᠣᠷᠠᠬᠢ ᠮᠡᠲᠦ ᠱᠠᠭᠠᠷᠳᠠᠯᠭ᠎ᠠ᠎ᠶᠢ ᠳᠤᠷᠠᠳᠪᠠ᠄
      ᠨᠢᠭᠡ᠂ ᠠᠷᠢᠭᠤᠨ ᠴᠡᠪᠡᠷ ᠦᠢᠯᠡᠳᠪᠦᠷᠢᠯᠡᠯ᠎ᠢ ᠬᠢᠨᠠᠨ ᠬᠠᠷᠭᠤᠭᠤᠯᠵᠤ ᠬᠢᠨᠠᠯᠲᠠ ᠲᠠᠯᠪᠢᠬᠤ ᠪᠠ ᠵᠢᠯᠤᠭᠣᠳᠬᠤ᠎ᠶᠢ ᠴᠢᠩᠭᠠᠳᠬᠠᠨ᠎ᠠ᠃ ᠡᠯ᠎ᠡ ᠠᠢᠮᠠᠭ ᠬᠣᠲᠠ᠎ᠶᠢᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠴᠢ ᠠᠵᠢᠯ ᠲᠥᠷᠥᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠲᠣᠰ ᠬᠠᠷᠢᠶ᠎ᠠ ᠣᠷᠣᠨ᠎ᠤ ᠳᠣᠲᠣᠷᠠᠬᠢ ᠠᠵᠤ ᠠᠬᠤᠢᠯᠠᠯ᠎ᠤᠨ ᠠᠯᠪᠠᠳᠠᠯᠭ᠎ᠠ᠎ᠶᠢᠨ ᠴᠢᠨᠠᠷᠲᠠᠢ ᠠᠷᠢᠭᠤᠨ ᠴᠡᠪᠡᠷ ᠦᠢᠯᠡᠳᠪᠦᠷᠢᠯᠡᠯ᠎ᠢ ᠬᠢᠨᠠᠨ ᠬᠠᠷᠭᠤᠭᠤᠯᠬᠤ ᠠᠵᠢᠯ ᠥᠷᠨᠢᠭᠦᠯᠬᠦ᠎ᠳᠦ ᠬᠢᠨᠠᠯᠲᠠ ᠲᠠᠯᠪᠢᠬᠤ ᠪᠠ ᠵᠢᠯᠤᠭᠣᠳᠬᠤ᠎ᠪᠠᠨ ᠴᠢᠩᠭᠠᠳᠬᠠᠵᠤ᠂ ᠬᠠᠷᠢᠶ᠎ᠠ ᠣᠷᠣᠨ᠎ᠤ ᠵᠠᠷᠴᠢᠮ ᠶᠣᠰᠣᠭᠠᠷ ᠬᠠᠷᠢᠶ᠎ᠠ ᠣᠷᠣᠨ᠎ᠤ ᠳᠣᠲᠣᠷᠠᠬᠢ ᠬᠠᠮᠢᠶ᠎ᠠ ᠪᠦᠬᠦᠢ ᠠᠵᠤ ᠠᠬᠤᠢᠯᠠᠯ᠎ᠳᠤ ᠴᠠᠭ ᠲᠤᠬᠠᠢ ᠳ᠋ᠤᠨᠢ ᠪᠢᠴᠢᠭ᠎ᠢᠶᠡᠷ ᠮᠡᠳᠡᠭᠳᠡᠵᠦ ᠂ ᠠᠵᠤ ᠠᠬᠤᠢᠯᠠᠯ᠎ᠢ ᠵᠢᠯᠣᠭᠣᠳᠤᠨ ᠬᠠᠪᠰᠤᠷᠴᠤ ᠪᠠᠢᠭᠠᠳ ᠠᠷᠢᠭᠤᠨ ᠴᠡᠪᠡᠷ ᠦᠢᠯᠡᠳᠪᠦᠷᠢᠯᠡᠯ᠎ᠦᠨ ᠬᠠᠮᠢᠶᠠᠷᠤᠯᠲᠠ᠎ᠶᠢᠨ ᠬᠢᠷᠢ ᠬᠡᠮᠵᠢᠶ᠎ᠡ᠎ᠶᠢ ᠨᠢ ᠳᠡᠭᠡᠭᠰᠢᠯᠡᠭᠦᠯᠵᠦ ᠂ ᠠᠵᠤ ᠠᠬᠤᠢᠯᠠᠯ᠎ᠤᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ᠎ᠢ ᠳᠠᠢᠴᠢᠯᠠᠬᠤ ᠬᠡᠷᠡᠭᠲᠡᠢ᠃
      ᠬᠣᠶᠠᠷ᠂ ᠠᠵᠤ ᠠᠬᠤᠢᠯᠠᠯ᠎ᠤᠨ ᠠᠷᠢᠭᠤᠨ ᠴᠡᠪᠡᠷ ᠦᠢᠯᠡᠳᠪᠦᠷᠢᠯᠡᠯ᠎ᠢ ᠬᠢᠨᠠᠨ ᠬᠠᠷᠭᠤᠭᠤᠯᠬᠤ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠤᠨ᠎ᠠ᠃ ᠠᠯᠪᠠᠳᠠᠯᠭ᠎ᠠ᠎ᠶᠢᠨ ᠴᠢᠨᠠᠷᠲᠠᠢ ᠠᠷᠢᠭᠤᠨ ᠴᠡᠪᠡᠷ ᠦᠢᠯᠡᠳᠪᠦᠷᠢᠯᠡᠯ᠎ᠦᠨ ᠬᠢᠨᠠᠨ ᠬᠠᠷᠭᠤᠭᠤᠯᠤᠯᠲᠠ᠎ᠶᠢ ᠬᠡᠷᠡᠭᠵᠢᠭᠦᠯᠵᠦ ᠪᠠᠢᠭ᠎ᠠ ᠠᠵᠤ ᠠᠬᠤᠢᠯᠠᠯ᠎ᠤᠳ 《 ᠠᠷᠢᠭᠤᠨ ᠴᠡᠪᠡᠷ ᠦᠢᠯᠡᠳᠪᠦᠷᠢᠯᠡᠯ᠎ᠦᠨ ᠬᠢᠨᠠᠨ ᠬᠠᠷᠭᠤᠭᠤᠯᠤᠯᠲᠠ᠎ᠶᠢᠨ ᠠᠷᠭ᠎ᠠ 》᠎ᠶᠢᠨ ᠱᠠᠭᠠᠷᠳᠠᠯᠭ᠎ᠠ᠎ᠶᠢ ᠴᠢᠩᠭ᠎ᠠ ᠵᠢᠷᠤᠮᠯᠠᠨ᠂ ᠲᠤᠰ ᠮᠡᠳᠡᠭᠳᠡᠯ᠎ᠢ ᠨᠡᠢᠲᠡᠯᠡᠭᠰᠡᠨ ᠡᠳᠦᠷ᠎ᠡᠴᠡ ᠡᠬᠢᠯᠡᠨ 1 ᠰᠠᠷ᠎ᠠ᠎ᠶᠢᠨ ᠳᠣᠲᠣᠷ᠎ᠠ᠂ ᠲᠤᠬᠠᠢ᠎ᠶᠢᠨ ᠭᠠᠵᠠᠷ᠎ᠤᠨ ᠭᠣᠣᠯ ᠵᠠᠭᠤᠴᠢᠯᠠᠭᠤᠷ᠂ ᠠᠵᠤ ᠠᠬᠤᠢᠯᠠᠯ᠎ᠤᠨ ᠠᠯᠪᠠᠨ᠎ᠤ ᠲᠠᠯ᠎ᠠ᠎ᠶᠢᠨ ᠰᠦᠯᠵᠢᠶᠡᠨ ᠦᠷᠳᠡᠭᠡ ᠪᠤᠶᠤ ᠤᠯᠠᠨ ᠨᠡᠶ᠋ᠢᠲᠡ᠎ᠳᠦ ᠮᠡᠳᠡᠭᠳᠡᠬᠦ᠎ᠳᠦ ᠲᠦᠬᠦᠮ ᠪᠤᠰᠤᠳ ᠠᠷᠭ᠎ᠠ ᠮᠠᠶᠢᠭ᠋᠎ᠢ ᠠᠪᠴᠤ ᠪᠠᠢᠭᠠᠳ ᠠᠵᠤ ᠠᠬᠤᠢᠯᠠᠯ᠎ᠤᠨ ᠬᠣᠯᠪᠣᠭᠳᠠᠯ ᠪᠦᠬᠦᠢ ᠮᠡᠳᠡᠭᠡ ᠵᠠᠩᠭᠢ᠎ᠶᠢ ᠨᠡᠢᠲᠡᠯᠡᠬᠦ ᠬᠡᠷᠡᠭᠲᠡᠢ ; 2 ᠰᠠᠷ᠎ᠠ᠎ᠶᠢᠨ ᠳᠣᠲᠣᠷ᠎ᠠ᠂ ᠥᠪᠡᠷ᠎ᠢᠶᠡᠨ ᠪᠤᠶᠤ ᠬᠢᠷᠢ ᠬᠡᠮ᠎ᠲᠠᠢ ᠯᠠᠪᠯᠠᠯᠭ᠎ᠠ ᠥᠭᠬᠦ ᠪᠠᠢᠭᠤᠯᠤᠮᠵᠢ᠎ᠳᠤ ᠨᠠᠢᠳᠠᠵᠤ ᠬᠢᠨᠠᠨ ᠬᠠᠷᠭᠤᠭᠤᠯᠬᠤ ᠠᠵᠢᠯ᠎ᠢ ᠬᠠᠮᠵᠢᠨ ᠥᠷᠨᠢᠭᠦᠯᠬᠦ ᠬᠡᠷᠡᠭᠲᠡᠢ᠃
      ᠭᠤᠷᠪᠠ᠂ 2025 ᠣᠨ᠎ᠤ ᠠᠯᠪᠠᠳᠠᠯᠭ᠎ᠠ᠎ᠶᠢᠨ ᠴᠢᠨᠠᠷᠲᠠᠢ ᠠᠷᠢᠭᠤᠨ ᠴᠡᠪᠡᠷ ᠦᠢᠯᠡᠳᠪᠦᠷᠢᠯᠡᠯ᠎ᠢ ᠬᠢᠨᠠᠨ ᠬᠠᠷᠭᠤᠭᠤᠯᠬᠤ ᠨᠡᠷᠡᠰ᠎ᠲᠦ ᠵᠢᠭ᠍ᠰᠠᠭᠠᠭᠳᠠᠭᠰᠠᠨ 《 ᠡᠨᠧᠷᠭᠢ᠎ᠶᠢᠨ ᠬᠣᠷᠣᠭᠳᠠᠯ ᠶᠡᠬᠡᠲᠡᠢ 》 ᠠᠵᠤ ᠠᠬᠤᠢᠯᠠᠯ᠎ᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠡᠴᠡ ᠬᠠᠷᠢᠭᠤᠴᠠᠨ ᠬᠠᠮᠢᠶᠠᠷᠴᠤ᠂ 《ᠬᠣᠶᠠᠷ᠎ᠢ ᠳᠠᠪᠠᠭᠰᠠᠨ 》᠂ ᠲᠡᠮᠦᠷ ᠬᠠᠢᠯᠤᠭᠤᠯᠬᠤ ᠪᠣᠯᠣᠳ ᠬᠠᠢᠯᠤᠭᠤᠯᠬᠤ ᠂ ᠥᠩᠭᠡᠲᠦ ᠲᠡᠮᠦᠷᠯᠢᠭ ᠬᠠᠢᠯᠤᠭᠤᠯᠬᠤ ᠂ ᠮᠠᠰᠢᠨ ᠲᠡᠷᠭᠡ ᠦᠢᠯᠡᠳᠬᠦ ᠵᠡᠷᠭᠡ ᠠᠵᠢᠯ ᠲᠥᠷᠥᠯ ᠵᠢᠴᠢ ᠶᠡᠷᠦᠩᠬᠡᠢᠯᠡᠭᠰᠡᠨ ᠲᠥᠷᠥᠯ ᠬᠡᠯᠪᠡᠷᠢ᠎ᠶᠢᠨ ᠠᠵᠤ ᠠᠬᠤᠢᠯᠠᠯ᠎ᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠡᠴᠡ ᠬᠠᠷᠢᠭᠤᠴᠠᠨ ᠬᠠᠮᠢᠶᠠᠷᠤᠨ᠎ᠠ ᠃ ᠪᠤᠰᠤᠳ ᠨᠡᠷᠡᠰ᠎ᠦᠨ ᠳᠣᠲᠣᠷᠠᠬᠢ ᠠᠵᠤ ᠠᠬᠤᠢᠯᠠᠯ᠎ᠢ ᠬᠠᠷᠢᠶ᠎ᠠ ᠭᠠᠵᠠᠷ᠎ᠤᠨ ᠵᠠᠷᠴᠢᠮ ᠶᠣᠰᠣᠭᠠᠷ ᠡᠯ᠎ᠡ ᠠᠢᠮᠠᠭ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠬᠠᠷᠢᠭᠤᠴᠠᠨ ᠬᠠᠮᠢᠶᠠᠷᠤᠨ᠎ᠠ᠃
      ᠳᠥᠷᠪᠡ᠂ ᠠᠵᠤ ᠠᠬᠤᠢᠯᠠᠯ᠎ᠤᠨ ᠠᠷᠢᠭᠤᠨ ᠴᠡᠪᠡᠷ ᠦᠢᠯᠡᠳᠪᠦᠷᠢᠯᠡᠯ᠎ᠢ ᠬᠢᠨᠠᠨ ᠬᠠᠷᠭᠤᠭᠤᠯᠬᠤ ᠦᠷ᠎ᠡ ᠪᠦᠲᠦᠮᠵᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ᠎ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠬᠠᠮᠢᠶᠠᠷᠤᠯᠲᠠ᠎ᠶᠢᠨ ᠬᠡᠪᠴᠢᠶᠡᠨ᠎ᠳᠦ ᠣᠷᠣᠭᠤᠯᠤᠭᠰᠠᠨ ᠠᠵᠤ ᠠᠬᠤᠢᠯᠠᠯ᠎ᠳᠤ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠢᠭᠤᠨ ᠴᠡᠪᠡᠷ ᠦᠢᠯᠡᠳᠪᠦᠷᠢᠯᠡᠯ᠎ᠢ ᠬᠢᠨᠠᠨ ᠬᠠᠷᠭᠤᠭᠤᠯᠵᠤ ᠦᠨᠡᠯᠡᠨ ᠵᠢᠱ᠌ᠢᠬᠦ ᠪᠠ ᠰᠢᠯᠭᠠᠨ ᠠᠪᠬᠤ ᠵᠦᠭᠯᠡᠭᠦᠷ 》᠎ᠤᠨ ᠱᠠᠭᠠᠷᠳᠠᠯᠭ᠎ᠠ ᠶᠣᠰᠣᠭᠠᠷ ᠪᠦᠬᠦᠨ᠎ᠢ ᠦᠨᠡᠯᠡᠨ ᠵᠢᠱ᠌ᠢᠵᠦ ᠰᠢᠯᠭᠠᠨ ᠠᠪᠬᠤ ᠠᠵᠢᠯ᠎ᠢ ᠥᠷᠨᠢᠭᠦᠯᠦᠨ᠎ᠡ ; ᠠᠢᠮᠠᠭ ᠬᠣᠲᠠ᠎ᠶᠢᠨ ᠬᠠᠮᠢᠶᠠᠷᠤᠯᠲᠠ᠎ᠶᠢᠨ ᠬᠡᠪᠴᠢᠶᠡᠨ᠎ᠳᠦ ᠣᠷᠣᠭᠤᠯᠤᠭᠰᠠᠨ ᠠᠵᠤ ᠠᠬᠤᠢᠯᠠᠯ᠂ ᠡᠭᠦᠨ᠎ᠳᠦ ᠬᠦᠨᠳᠦ ᠲᠡᠮᠦᠷᠯᠢᠭ᠎ᠲᠦ ᠬᠣᠯᠪᠣᠭᠳᠠᠬᠤ ᠠᠵᠢᠯ ᠲᠥᠷᠥᠯ᠎ᠦᠨ ᠠᠵᠤ ᠠᠬᠤᠢᠯᠠᠯ᠎ᠢ ᠡᠯ᠎ᠡ ᠠᠢᠮᠠᠭ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠢᠭᠤᠨ ᠴᠡᠪᠡᠷ ᠦᠢᠯᠡᠳᠪᠦᠷᠢᠯᠡᠯ᠎ᠢ ᠬᠢᠨᠠᠨ ᠬᠠᠷᠭᠤᠭᠤᠯᠵᠤ ᠦᠨᠡᠯᠡᠨ ᠵᠢᠱ᠌ᠢᠬᠦ ᠪᠠ ᠰᠢᠯᠭᠠᠨ ᠠᠪᠬᠤ ᠵᠦᠭᠯᠡᠭᠦᠷ 》᠎ᠤᠨ ᠱᠠᠭᠠᠷᠳᠠᠯᠭ᠎ᠠ ᠶᠣᠰᠣᠭᠠᠷ ᠦᠨᠡᠯᠡᠨ ᠵᠢᠱ᠌ᠢᠵᠦ ᠰᠢᠯᠭᠠᠨ ᠠᠪᠬᠤ ᠠᠵᠢᠯ᠎ᠢ ᠥᠷᠨᠢᠭᠦᠯᠦᠨ᠎ᠡ ; ᠪᠤᠰᠤᠳ ᠠᠵᠤ ᠠᠬᠤᠢᠯᠠᠯ᠎ᠢ ᠡᠯ᠎ᠡ ᠠᠢᠮᠠᠭ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠎ᠠᠴᠠ 《 ᠠᠷᠢᠭᠤᠨ ᠴᠡᠪᠡᠷ ᠦᠢᠯᠡᠳᠪᠦᠷᠢᠯᠡᠯ᠎ᠢ ᠬᠢᠨᠠᠨ ᠬᠠᠷᠭᠤᠭᠤᠯᠬᠤ ᠠᠷᠭ᠎ᠠ 》 ᠶᠣᠰᠣᠭᠠᠷ ᠦᠨᠡᠯᠡᠨ ᠵᠢᠱ᠌ᠢᠵᠦ ᠰᠢᠯᠭᠠᠨ ᠠᠪᠬᠤ ᠠᠵᠢᠯ᠎ᠢ ᠥᠷᠨᠢᠭᠦᠯᠦᠨ᠎ᠡ᠃
      ᠲᠠᠪᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠡᠴᠡ ᠦᠨᠡᠯᠡᠨ ᠵᠢᠱ᠌ᠢᠵᠦ ᠰᠢᠯᠭᠠᠨ ᠠᠪᠬᠤ᠎ᠶᠢ ᠬᠠᠷᠢᠭᠤᠴᠠᠬᠤ ᠠᠵᠤ ᠠᠬᠤᠢᠯᠠᠯ ᠨᠢ᠂ ᠲᠣᠰ ᠮᠡᠳᠡᠭᠳᠡᠯ᠎ᠢ ᠨᠡᠢᠲᠡᠯᠡᠭᠰᠡᠨ ᠡᠳᠦᠷ᠎ᠡᠴᠡ ᠡᠬᠢᠯᠡᠨ 4 ᠰᠠᠷ᠎ᠠ ᠪᠠ 1 ᠵᠢᠯ᠎ᠦᠨ ᠳᠣᠲᠣᠷ᠎ᠠ᠂ ᠠᠷᠢᠭᠤᠨ ᠴᠡᠪᠡᠷ ᠦᠢᠯᠡᠳᠪᠦᠷᠢᠯᠡᠯ᠎ᠢ ᠬᠢᠨᠠᠨ ᠬᠠᠷᠭᠤᠭᠤᠯᠵᠤ ᠦᠨᠡᠯᠡᠨ ᠵᠢᠱ᠌ᠢᠭᠰᠡᠨ ᠮᠡᠳᠡᠭᠦᠯᠦᠯᠲᠡ ᠪᠠ ᠠᠷᠢᠭᠤᠨ ᠴᠡᠪᠡᠷ ᠦᠢᠯᠡᠳᠪᠦᠷᠢᠯᠡᠯ᠎ᠢ ᠬᠢᠨᠠᠨ ᠬᠠᠷᠭᠤᠭᠤᠯᠵᠤ ᠰᠢᠯᠭᠠᠨ ᠠᠪᠤᠭᠰᠠᠨ ᠮᠡᠳᠡᠭᠦᠯᠦᠯᠲᠡ᠎ᠶᠢ ᠲᠣᠰ ᠲᠣᠰ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠪᠤᠶᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠦ ᠮᠡᠳᠡᠭᠦᠯᠦᠨ ᠬᠦᠷᠭᠡᠬᠦ ᠬᠡᠷᠡᠭᠲᠡᠢ ; ᠨᠠᠷᠢᠨ ᠬᠠᠭᠤᠳᠠᠰᠤ᠎ᠳᠠᠬᠢ ᠠᠢᠮᠠᠭ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠦᠨᠡᠯᠡᠨ ᠵᠢᠱ᠌ᠢᠵᠦ ᠰᠢᠯᠭᠠᠨ ᠠᠪᠬᠤ᠎ᠶᠢ ᠬᠠᠷᠢᠭᠤᠴᠠᠨ ᠥᠷᠨᠢᠭᠦᠯᠦᠭᠰᠡᠨ ᠠᠵᠤ ᠠᠬᠤᠢᠯᠠᠯ᠎ᠤᠳ ᠲᠣᠰ ᠮᠡᠳᠡᠭᠳᠡᠯ᠎ᠢ ᠨᠡᠢᠲᠡᠯᠡᠭᠰᠡᠨ ᠡᠳᠦᠷ᠎ᠡᠴᠡ ᠡᠬᠢᠯᠡᠨ 1 ᠵᠢᠯ᠎ᠦᠨ ᠳᠣᠲᠣᠷ᠎ᠠ ᠠᠷᠢᠭᠤᠨ ᠴᠡᠪᠡᠷ ᠦᠢᠯᠡᠳᠪᠦᠷᠢᠯᠡᠯ᠎ᠦᠨ ᠬᠢᠨᠠᠨ ᠬᠠᠷᠭᠤᠭᠤᠯᠤᠭᠰᠠᠨ ᠮᠡᠳᠡᠭᠦᠯᠦᠯᠲᠡ᠎ᠪᠡᠨ ᠠᠢᠮᠠᠭ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ ᠮᠡᠳᠡᠭᠦᠯᠦᠨ ᠬᠦᠷᠭᠡᠬᠦ ᠬᠡᠷᠡᠭᠲᠡᠢ ; ᠡᠯ᠎ᠡ ᠠᠢᠮᠠᠭ ᠬᠣᠲᠠ᠎ᠨᠤᠭᠤᠳ ᠦᠨᠡᠯᠡᠨ ᠵᠢᠱ᠌ᠢᠵᠦ ᠰᠢᠯᠭᠠᠨ ᠠᠪᠬᠤ ᠠᠵᠢᠯ᠎ᠢ ᠥᠷᠨᠢᠭᠦᠯᠦᠭᠰᠡᠨ᠎ᠦ ᠳᠠᠷᠠᠭ᠎ᠠ ᠂ ᠰᠢᠯᠭᠠᠨ ᠠᠪᠤᠭᠰᠠᠨ ᠦᠷ᠎ᠡ ᠳ᠋ᠦᠩ᠎ᠢᠶᠡᠨ ᠴᠠᠭ ᠲᠤᠬᠠᠢ ᠳ᠋ᠤᠨᠢ ᠥᠪᠡᠷᠲᠡᠭᠡᠨ ᠵᠠᠰᠠᠬᠤ ᠣᠷᠣᠨ᠎ᠳᠤ ᠮᠡᠳᠡᠭᠦᠯᠵᠦ ᠂ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠢ ᠨᠡᠢᠲᠡᠯᠡᠬᠦ ᠬᠡᠷᠡᠭᠲᠡᠢ᠃
      ᠵᠢᠷᠭᠤᠭ᠎ᠠ ᠂ ᠠᠵᠤ ᠠᠬᠤᠢᠯᠠᠯ᠎ᠤᠨ ᠦᠨᠡᠯᠡᠨ ᠵᠢᠱ᠌ᠢᠬᠦ᠎ᠪᠡᠷ ᠳᠡᠮᠵᠢᠨ ᠲᠣᠭᠲᠠᠭᠠᠭᠰᠠᠨ ᠠᠷᠢᠭᠤᠨ ᠴᠡᠪᠡᠷ ᠦᠢᠯᠡᠳᠪᠦᠷᠢᠯᠡᠯ᠎ᠦᠨ ᠬᠢᠨᠠᠨ ᠬᠠᠷᠭᠤᠭᠤᠯᠬᠤ ᠭᠣᠣᠯᠳᠠᠯᠭ᠎ᠠ᠂ ᠬᠠᠷᠠᠯᠲᠠ ᠵᠢᠴᠢ ᠲᠥᠰᠥᠯ᠎ᠢᠶᠡᠨ ᠤᠴᠢᠷ ᠰᠢᠯᠲᠠᠭᠠᠨ ᠦᠭᠡᠢ᠎ᠪᠡᠷ ᠬᠤᠪᠢᠷᠠᠭᠤᠯᠵᠤ ᠂ ᠬᠠᠰᠤᠵᠤ᠂ ᠤᠳᠠᠭᠠᠰᠢᠷᠠᠭᠤᠯᠤᠨ ᠬᠡᠷᠡᠭᠵᠢᠭᠦᠯᠵᠦ ᠪᠣᠯᠬᠤ ᠦᠭᠡᠢ᠂ ᠬᠡᠷᠡᠭᠵᠢᠭᠦᠯᠬᠦ ᠦᠶᠡᠯᠡᠯ᠎ᠦᠨ ᠬᠤᠭᠤᠴᠠᠭ᠎ᠠ ᠨᠢ ᠨᠡᠯᠢᠶᠡᠳ ᠣᠷᠳᠣ᠌ ᠵᠡᠷᠭᠡ ᠪᠤᠰᠤᠳᠴᠢ ᠰᠢᠯᠲᠠᠭᠠᠨ᠎ᠠᠴᠠ ᠪᠣᠯᠵᠤ ᠪᠡᠶᠡᠯᠡᠭᠦᠯᠬᠦ᠎ᠶᠢᠨ ᠠᠷᠭ᠎ᠠ ᠦᠭᠡᠢ ᠪᠤᠶᠤ ᠬᠣᠢᠰᠢᠯᠠᠭᠤᠯᠤᠨ ᠪᠡᠶᠡᠯᠡᠭᠦᠯᠬᠦ ᠴᠢᠬᠤᠯᠠ ᠲᠠᠢ ᠪᠠᠢᠪᠠᠯ᠂ ᠠᠵᠤ ᠠᠬᠤᠢᠯᠠᠯ ᠨᠢ ᠱᠠᠭᠠᠷᠳᠠᠭᠰᠠᠨ ᠰᠢᠯᠭᠠᠨ ᠠᠪᠬᠤ ᠴᠠᠭ ᠬᠤᠭᠤᠴᠠᠭ᠎ᠠ᠎ᠶᠢᠨ ᠵᠠᠩᠭᠢᠯᠠᠭ᠎ᠠ᠎ᠶᠢᠨ ᠴᠡᠭ᠎ᠡᠴᠡ ᠡᠮᠦᠨ᠎ᠡ ᠲᠥᠰᠥᠯ᠎ᠢ ᠬᠤᠪᠢᠷᠠᠭᠤᠯᠬᠤ ᠪᠤᠶᠤ ᠬᠣᠢᠰᠢᠯᠠᠭᠤᠯᠤᠨ ᠰᠢᠯᠭᠠᠨ ᠠᠪᠬᠤ ᠭᠤᠶᠤᠴᠢᠯᠠᠯ᠎ᠢᠶᠠᠨ ᠳᠤᠷᠠᠳᠬᠤ ᠬᠡᠷᠡᠭᠲᠡᠢ᠃
      ᠳᠣᠯᠣᠭ᠎ᠠ᠂ ᠬᠠᠷᠢᠯᠴᠠᠬᠤ ᠬᠥᠮᠥᠨ ᠵᠢᠴᠢ ᠬᠠᠷᠢᠯᠴᠠᠬᠤ ᠠᠷᠭ᠎ᠠ ᠬᠡᠯᠪᠡᠷᠢ
      ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠬᠠᠷᠢᠯᠴᠠᠬᠤ ᠠᠷᠭ᠎ᠠ ᠬᠡᠯᠪᠡᠷᠢ᠄ ᠸᠠᠩ ᠮᠧᠩ  0471-6651890
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠬᠠᠷᠢᠯᠴᠠᠬᠤ ᠠᠷᠭ᠎ᠠ ᠬᠡᠯᠪᠡᠷᠢ᠄ ᠱᠧᠨ ᠶᠠᠨ ᠮᠢᠨ  0471 ︱ 4632073
      ᠳᠠᠭᠠᠯᠳᠤᠭᠤᠯᠤᠯ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠠᠯᠪᠠᠳᠠᠯᠭ᠎ᠠ᠎ᠶᠢᠨ ᠴᠢᠨᠠᠷᠲᠠᠢ ᠠᠷᠢᠭᠤᠨ ᠴᠡᠪᠡᠷ ᠦᠢᠯᠡᠳᠪᠦᠷᠢᠯᠡᠯ᠎ᠢ ᠬᠢᠨᠠᠨ ᠬᠠᠷᠭᠤᠭᠤᠯᠬᠤ ᠠᠵᠤ ᠠᠬᠤᠢᠯᠠᠯ᠎ᠤᠨ ᠨᠡᠷᠡᠰ

          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ 
          ᠵᠥᠪᠯᠡᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
                   2025 ᠣᠨ᠎ᠤ 4 ᠰᠠᠷ᠎ᠠ᠎ᠶᠢᠨ 15᠎ᠤ ᠡᠳᠦᠷ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号