62 ᠳ᠋ᠤᠭ᠋ᠠᠷ 《ᠯᠧᠢ ᠹᠧᠩ᠎ᠠᠴᠠ ᠰᠤᠷᠤᠯᠴᠠᠬᠤ ᠳᠤᠷᠠᠰᠬᠠᠯ᠎ᠤᠨ ᠡᠳᠦᠷ》 ᠬᠦᠷᠴᠦ ᠢᠷᠡᠬᠦ ᠲᠠᠰᠢᠷᠠᠮ᠎ᠳᠤ᠂ ᠯᠧᠢ ᠹᠧᠩ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠠᠵᠤ ᠠᠬᠤᠢ᠌ᠯᠠᠯ᠎ᠤᠨ ᠬᠥᠭᠵᠢᠯᠲᠡ᠎ᠳᠤ ᠬᠦᠴᠦᠨ ᠨᠡᠮᠡᠷᠢᠯᠡᠬᠦ ᠵᠢᠨ ᠲᠥᠯᠥᠭᠡ᠂ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠵᠢᠨ᠎ᠬᠢᠨ ᠠᠵᠤ ᠠᠬᠤᠢ᠌ᠯᠠᠯ᠎ᠢ ᠬᠠᠪᠰᠤᠷᠤᠨ ᠲᠡᠳᠬᠦᠬᠦ ᠠᠯᠢ ᠤᠯᠠᠨ ᠠᠵᠢᠯᠯᠠᠭ᠎ᠠ ᠵᠢ ᠥᠷᠨᠢᠭᠦᠯᠵᠦ᠂ ᠪᠣᠳᠠᠲᠠᠢ ᠠᠵᠢᠯᠯᠠᠭ᠎ᠠ᠎ᠪᠠᠷ ᠵᠶ᠋ᠠᠨ ᠰᠢᠨ᠎ᠡ ᠴᠠᠭ ᠦᠶ᠎ᠡ ᠵᠢᠨ ᠯᠧᠢ ᠹᠧᠩ᠎ᠤᠨ ᠵᠣᠷᠢᠭ ᠰᠠᠨᠠᠭ᠎ᠠ ᠵᠢ ᠲᠠᠢ᠌ᠯᠪᠤᠷᠢᠯᠠᠨ᠂ ᠠᠵᠤ ᠠᠬᠤᠢ᠌ᠯᠠᠯ᠎ᠤᠨ ᠬᠦᠴᠢᠷ ᠵᠣᠪᠠᠭᠤᠷᠢ ᠵᠢ ᠰᠢᠢ᠍ᠳᠪᠦᠷᠢᠯᠡᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠪᠡ᠃
ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠬᠠᠴᠢᠨ ᠦᠨᠦᠷ ᠭᠠᠷᠴᠤ ᠪᠠᠢ᠌ᠭ᠎ᠠ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠬᠦ ᠵᠢᠨ ᠲᠥᠯᠥᠭᠡ᠂ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠵᠢᠨ ᠠᠵᠢᠯᠲᠠᠳ ᠪᠦᠬᠦ ᠬᠤᠳᠠ ᠵᠢᠨ 12 ᠢᠰᠬᠡᠯᠲᠡ ᠵᠢᠨ ᠠᠵᠤ ᠠᠬᠤᠢ᠌ᠯᠠᠯ᠎ᠳᠤ ᠪᠦᠬᠦ ᠲᠠᠯ᠎ᠠ ᠵᠢᠨ ᠨᠠᠷᠢᠨ ᠨᠢᠮᠪᠠᠢ ᠬᠠᠪᠰᠤᠷᠤᠨ ᠲᠡᠳᠬᠦᠬᠦ ᠠᠵᠢᠯ ᠥᠷᠨᠢᠭᠦᠯᠪᠡ᠃ ᠲᠣᠰ ᠤᠳᠠᠭ᠋ᠠᠨ᠎ᠤ ᠠᠮᠢ ᠠᠬᠤᠢ ᠣᠷᠴᠢᠨ ᠲᠣᠭᠣᠷᠢᠨ᠎ᠤ ᠬᠠᠪᠰᠤᠷᠤᠨ ᠲᠡᠳᠬᠦᠬᠦ ᠠᠵᠢᠯ᠎ᠨᠢ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠨᠢᠭᠡ ᠤᠳᠠᠭ᠋ᠠᠨ᠎ᠤ ᠪᠥᠬᠥ ᠲᠠᠯ᠎ᠠ ᠵᠢᠨ ᠰᠢᠯᠭ᠋ᠠᠯᠲᠠ ᠪᠣᠯᠬᠤ᠎ᠪᠠᠷ ᠪᠠᠷᠠᠬᠤ ᠦᠭᠡᠢ᠂ ᠨᠠᠩ ᠴᠤ᠌ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠢᠶᠠᠷᠤᠯᠲᠠ ᠵᠢᠨ ᠬᠢᠷᠢ ᠲᠦᠪᠰᠢᠨ᠎ᠤ ᠳᠡᠭᠡᠭᠰᠢᠯᠡᠯᠲᠡ ᠵᠢ ᠲᠦᠯᠬᠢᠨ ᠠᠬᠢᠭᠤᠯᠵᠤ᠂ ᠲᠡᠭᠦᠨ᠎ᠤ ᠪᠣᠬᠢᠷᠲᠤᠯ ᠦᠭᠡᠢ ᠲᠡᠢ᠌ᠰᠢ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠬᠤ᠎ᠳᠤ ᠴᠢᠬᠤᠯᠠ ᠠᠵᠠ ᠲᠣᠬᠢᠶᠠᠯ ᠣᠯᠭᠣᠭᠰᠠᠨ ᠪᠠᠢ᠌ᠨ᠎ᠠ᠃
ᠬᠠᠪᠰᠤᠷᠤᠨ ᠲᠡᠳᠬᠦᠬᠦ ᠬᠤᠭᠤᠴᠠᠭ᠋ᠠᠨ᠎ᠳᠤ᠂ ᠬᠠᠤᠯᠢ ᠬᠡᠷᠡᠭᠵᠢᠭᠦᠯᠬᠦ ᠠᠵᠢᠯᠲᠠᠨ ᠤᠯᠤᠰ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠲᠣᠭᠲᠠᠭ᠋ᠠᠯ᠂ ᠲᠥᠷᠥ ᠵᠢᠨ ᠪᠣᠳᠣᠯᠭ᠎ᠠ᠂ ᠣᠷᠣᠨ ᠨᠤᠲᠤᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠷᠢᠮᠵᠢᠶ᠎ᠠ᠂ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠮᠡᠳᠡᠭᠦᠯᠦᠯᠲᠡ ᠪᠣᠯᠣᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠴᠢᠩᠭ᠎ᠠ ᠦᠨᠳᠦᠰᠦᠯᠡᠨ᠂ ᠠᠵᠤ ᠠᠬᠤᠢ᠌ᠯᠠᠯ᠎ᠤᠨ ᠦᠢ᠍ᠯᠡᠳᠪᠦᠷᠢᠯᠡᠯ᠎ᠤᠨ ᠲᠠᠰᠤᠭ᠎ᠤᠨ ᠲᠣᠭᠣᠷᠢᠨ᠎ᠳᠤ᠂ ᠲᠡᠳᠡᠨ᠎ᠤ ᠦᠢ᠍ᠯᠡᠳᠪᠦᠷᠢᠯᠡᠯ᠎ᠤᠨ ᠤᠷᠠᠯᠠᠯ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠲᠥᠬᠦᠭᠡᠷᠦᠮᠵᠢ ᠵᠢᠨ ᠠᠵᠢᠯᠯᠠᠭ᠋ᠠᠨ᠎ᠤ ᠪᠠᠶ᠋ᠢᠳᠠᠯ᠂ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠪᠠᠶ᠋ᠢᠳᠠᠯ ᠵᠡᠷᠭᠡ ᠲᠠᠯ᠎ᠠ᠎ᠳᠤ ᠪᠥᠬᠥ ᠲᠠᠯ᠎ᠠ ᠵᠢᠨ᠂ ᠴᠢᠩᠭ᠎ᠠ ᠨᠢᠮᠪᠠᠢ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠢ ᠥᠷᠨᠢᠭᠦᠯᠪᠡ᠃
ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠵᠢᠨ᠎ᠬᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠬᠤ ᠵᠢᠨ ᠬᠠᠮᠲᠤ᠂ ᠠᠵᠤ ᠠᠬᠤᠢ᠌ᠯᠠᠯ᠎ᠤᠨ ᠪᠣᠬᠢᠷᠲᠤᠯ ᠦᠭᠡᠢ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠠᠷᠢᠮᠲᠠᠯᠠᠨ ᠦᠢ᠍ᠯᠡᠳᠪᠦᠷᠢᠯᠡᠯ᠎ᠤᠨ ᠤᠷ᠎ᠠ ᠮᠡᠷᠭᠡᠵᠢᠯ ᠵᠶ᠋ᠡᠨ ᠳᠠᠰᠤᠷᠠᠯᠳᠠ ᠦᠭᠡᠢ ᠰᠢᠯᠢᠳᠡᠭᠵᠢᠭᠦᠯᠬᠦ ᠵᠢ ᠱᠠᠯᠠᠪᠳᠠᠭᠤᠯᠵᠤ᠂ ᠠᠵᠤ ᠠᠬᠤᠢ᠌ᠯᠠᠯ᠎ᠢ ᠢᠳᠡᠪᠬᠢᠲᠡᠢ ᠬᠠᠪᠰᠤᠷᠤᠨ ᠲᠤᠰᠬᠠᠢ ᠪᠡᠯᠡ ᠮᠥᠩᠭᠥ ᠣᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠦᠵᠡᠰᠬᠦᠯᠡᠩᠲᠦ ᠰᠠᠢ᠌ᠬᠠᠨ ᠣᠷᠣᠨ᠎ᠤ ᠬᠤᠳᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃