ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠬᠢᠨᠠᠨ ᠪᠠᠶ᠋ᠢᠴᠠᠭᠠᠯᠲᠠ
ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ᠂ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠤᠨ ᠨᠠᠮ᠎ᠤᠨ ᠡᠭᠦᠷ 《ᠠᠴᠢ ᠵᠢ ᠰᠠᠨᠠᠵᠤ ᠡᠷᠡᠯᠬᠡᠭᠯᠡᠨ ᠴᠢᠷᠮᠠᠢ᠌ᠵᠤ ᠨᠠᠮ ᠵᠶ᠋ᠠᠨ ᠲᠠᠭ᠋ᠠᠵᠤ ᠤᠷᠤᠭᠰᠢᠯᠠᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-10-09

      ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠬᠦ ᠵᠢᠨ ᠲᠥᠯᠥᠭᠡ᠂ 8 ᠰᠠᠷ᠎ᠠ ᠵᠢᠨ 23᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠶᠡᠷᠦᠩᠬᠡᠢ᠌ᠯᠡᠭᠰᠡᠨ ᠪᠠᠲᠤᠯᠠᠪᠤᠷᠢ ᠵᠢᠨ ᠲᠥᠪ᠎ᠤᠨ 20 ᠭᠠᠷᠤᠢ ᠨᠠᠮ᠎ᠤᠨ ᠭᠡᠰᠢᠭᠦᠨ ᠺᠠᠳ᠋ᠷ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ ᠢᠷᠠᠵᠤ᠂ 《ᠠᠴᠢ ᠵᠢ ᠰᠠᠨᠠᠵᠤ ᠡᠷᠡᠯᠬᠡᠭᠯᠡᠨ ᠴᠢᠷᠮᠠᠢ᠌ᠵᠤ ᠨᠠᠮ ᠵᠶ᠋ᠠᠨ ᠲᠠᠭ᠋ᠠᠵᠤ ᠤᠷᠤᠭᠰᠢᠯᠠᠶ᠎ᠠ》 ᠭᠡᠬᠦ ᠭᠣᠣᠯ ᠰᠡᠳᠦᠪᠲᠦ ᠦᠵᠡᠰᠬᠦᠯᠡᠩ᠎ᠢ ᠲᠣᠭᠣᠷᠢᠨ ᠦᠵᠡᠪᠡ᠃
      ᠲᠤᠰ ᠤᠳᠠᠭ᠋ᠠᠨ᠎ᠤ ᠦᠵᠡᠭᠦᠯᠭᠡ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠠᠮᠢᠳᠤᠯᠢᠭ ᠰᠠᠢ᠌ᠬᠠᠨ ᠭᠡᠷᠡᠯ ᠵᠢᠷᠤᠭ᠎ᠤᠳ ᠵᠶ᠋ᠠᠷ᠂ ᠪᠠᠳᠠᠭ ᠪᠠᠳᠠᠭ ᠦᠨᠡᠨ ᠪᠣᠳᠠᠲᠠᠢ ᠦᠰᠦᠭ ᠪᠢᠴᠢᠭ ᠵᠶ᠋ᠠᠷ ᠳᠠᠮᠵᠢᠭᠤᠯᠤᠨ᠂ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠬᠢᠩᠭ᠋ᠠᠨ ᠠᠶ᠋ᠢᠮᠠᠭ᠎ᠤᠨ ᠥᠷᠭᠡᠨ ᠠᠭᠤᠳᠠᠮ ᠭᠠᠵᠠᠷ᠎ᠤᠨ ᠥᠩᠭᠡᠷᠡᠭᠦᠯᠦᠭᠰᠡᠨ ᠲᠡᠭᠷᠢ ᠭᠠᠵᠠᠷ᠎ᠢ ᠳᠣᠩᠰᠣᠯᠭ᠋ᠠᠮ᠎ᠠ ᠬᠤᠪᠢᠷᠠᠯᠲᠠ ᠪᠣᠯᠣᠨ ᠣᠯᠣᠭᠰᠠᠨ ᠭᠡᠷᠡᠯ ᠰᠠᠴᠤᠷᠠᠩᠭᠤᠢ ᠠᠮᠵᠢᠯᠲᠠ᠎ᠨᠢ ᠬᠢᠩᠭ᠋ᠠᠨ ᠠᠶ᠋ᠢᠮᠠᠭ᠎ᠤᠨ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ ᠡᠷᠡᠰ ᠭᠤᠶ᠋ᠢᠪᠢᠰᠢ ᠦᠭᠡᠢ᠎ᠪᠠᠷ ᠨᠠᠮ᠎ᠤᠨ ᠠᠴᠢ ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠵᠤ᠂ ᠮᠣᠩᠭᠣᠯ ᠮᠣᠷᠢᠨ᠎ᠤ ᠵᠣᠷᠢᠭ ᠰᠠᠨᠠᠭ᠎ᠠ ᠪᠣᠯᠣᠨ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠶᠡᠬᠡᠪᠡᠷ ᠪᠠᠳᠠᠷᠠᠭᠤᠯᠵᠤ᠂ ᠬᠣᠶᠠᠷ ᠶᠡᠬᠡ ᠶᠠᠪᠤᠳᠠᠯ᠎ᠢ ᠪᠦᠬᠦ ᠬᠦᠴᠦᠨ ᠵᠶ᠋ᠡᠷ ᠵᠶ᠋ᠡᠨ ᠰᠠᠶ᠋ᠢᠲᠤᠷ ᠬᠢᠵᠦ᠂ ᠡᠷᠡᠮᠡᠬᠡᠢ᠌ᠯᠡᠨ ᠴᠢᠷᠮᠠᠢ᠌ᠵᠤ᠂ ᠨᠠᠮ ᠵᠶ᠋ᠠᠨ ᠲᠠᠭ᠋ᠠᠵᠤ ᠤᠷᠤᠭᠰᠢᠯᠠᠭᠰᠠᠨ ᠠᠮᠢᠳᠤᠯᠢᠭ ᠦᠢ᠍ᠯᠡᠳᠦᠯᠭᠡ ᠵᠢ ᠢᠯᠡᠷᠡᠭᠦᠯᠦᠭᠰᠡᠨ ᠪᠠᠢ᠌ᠨ᠎ᠠ᠃
      ᠡᠨᠡ ᠤᠳᠠᠭ᠋ᠠᠨ᠎ᠤ ᠲᠣᠭᠣᠷᠢᠨ ᠦᠵᠡᠬᠦ ᠠᠵᠢᠯᠯᠠᠭ᠎ᠠ᠎ᠨᠢ ᠨᠠᠮ᠎ᠤᠨ ᠭᠡᠰᠢᠭᠦᠨ ᠺᠠᠳ᠋ᠷᠴᠤᠳ᠎ᠤᠨ ᠤᠯᠤᠰ ᠵᠶ᠋ᠠᠨ ᠬᠠᠢ᠌ᠷᠠᠯᠠᠬᠤ ᠬᠠᠯᠠᠭᠤᠨ ᠰᠡᠳᠬᠢᠯᠭᠡ ᠪᠠ ᠠᠵᠢᠯ᠎ᠤᠨ ᠬᠥᠳᠡᠯᠭᠡᠬᠦ ᠬᠦᠴᠦᠨ᠎ᠢ ᠤᠯᠠᠮ ᠨᠢᠭᠡ ᠠᠯᠬᠤᠮ ᠬᠥᠭᠵᠢᠭᠡᠭᠰᠡᠨ ᠪᠠᠢ᠌ᠨ᠎ᠠ᠃ ᠤᠯᠠᠨ ᠵᠶ᠋ᠠᠷ ᠵᠶ᠋ᠠᠨ᠂ ᠥᠪᠥᠷ ᠮᠣᠩᠭᠣᠯ᠎ᠤᠨ ᠬᠥᠭᠵᠢᠯᠲᠡ ᠵᠢᠨ ᠦᠷ᠎ᠡ ᠪᠦᠲᠦᠭᠡᠯ ᠪᠣᠯᠣᠨ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠰᠠᠢ᠍ᠢ᠍ᠨ ᠰᠠᠢ᠌ᠬᠠᠨ ᠠᠮᠢᠳᠤᠷᠠᠯ ᠬᠢᠯᠪᠠᠷ ᠪᠤᠰᠤ᠎ᠪᠠᠷ ᠢᠷᠡᠭᠰᠡᠨ ᠶᠤᠮ᠂ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ 《ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ᠎ᠠ》᠂ 《ᠡᠬᠡ ᠤᠯᠤᠰ᠎ᠤᠨ ᠤᠮᠠᠷᠠᠲᠤ ᠵᠢᠨ ᠲᠦᠮᠡᠨ ᠭᠠᠵᠠᠷ᠎ᠤᠨ ᠨᠣᠮᠢᠨ ᠨᠣᠭᠣᠭ᠋ᠠᠨ ᠤᠷᠳᠤ ᠴᠠᠭ᠋ᠠᠨ ᠬᠡᠷᠡᠮ᠎ᠢ ᠴᠣᠭᠴᠠᠯᠠᠨ᠎ᠠ》 ᠭᠡᠬᠦ ᠨᠠᠨᠳᠢᠨ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠥᠪᠥᠷ ᠮᠣᠩᠭᠣᠯ᠎ᠤᠨ ᠬᠥᠬᠡ ᠣᠭᠲᠠᠷᠭᠤᠢ ᠬᠥᠬᠡᠮᠳᠦᠭ ᠨᠣᠮᠢᠨ ᠠᠭᠤᠯᠠ ᠤᠰᠤ ᠵᠢ ᠰᠠᠬᠢᠨ ᠬᠠᠮᠠᠭ᠋ᠠᠯᠠᠬᠤ᠎ᠳᠤ ᠨᠡᠩ ᠶᠡᠬᠡ ᠬᠤᠪᠢ ᠨᠡᠮᠡᠷᠢ᠎ᠪᠠᠨ ᠦᠵᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ 《ᠨᠠᠮ᠎ᠤᠨ ᠡᠭᠦᠷ᠎ᠤᠨ ᠱᠦᠵᠢ ᠨᠠᠮ᠎ᠤᠨ ᠬᠢᠴᠢᠶᠡᠯ ᠣᠷᠣᠬᠤ》 ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ 《ᠡᠵᠢ ᠭᠣᠣᠯ᠎ᠲᠠᠢ ᠰᠡᠳᠬᠢᠯ ᠵᠶ᠋ᠡᠨ ᠬᠣᠯᠪᠣᠵᠤ ᠪᠣᠬᠢᠷᠲᠤᠯ ᠦᠭᠡᠢ ᠠᠮᠤᠷ ᠠᠮᠤᠭᠤᠯᠠᠩ᠎ᠢ ᠵᠢᠷᠤᠭᠯᠠᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠲᠤᠬᠠᠢ᠌ᠯᠠᠭᠰᠠᠨ ᠠᠵᠢᠯ᠎ᠤᠨ ᠴᠢᠳᠠᠪᠤᠷᠢ᠎ᠪᠠᠨ ᠳᠡᠭᠡᠭᠰᠢᠯᠡᠭᠦᠯᠵᠦ ᠡᠩᠨᠡᠭᠡ ᠵᠢᠨ ᠪᠠᠢ᠌ᠭᠤᠯᠤᠯᠲᠠ᠎ᠪᠠᠨ ᠴᠢᠩᠭ᠋ᠠᠳᠬᠠᠨ᠎ᠠ – ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ᠎ᠤᠨ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠠᠶ᠋ᠢᠷᠢ ᠵᠢᠨ ᠲᠤᠬᠠᠢ᠌ᠯᠠᠭᠰᠠᠨ ᠠᠵᠢᠯ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ 2024 ᠣᠨ᠎ᠤ ᠨᠠᠮ᠎ᠤᠨ ᠡᠭᠦᠷ᠎ᠤᠨ ᠱᠦᠵᠢ ᠵᠢᠨ ᠨᠠᠮ᠎ᠤᠨ ᠪᠠᠢ᠌ᠭᠤᠯᠤᠯᠲᠠ ᠵᠢ ᠠᠳᠬᠤᠭᠰᠠᠨ ᠲᠤᠰᠢᠶᠠᠯ᠎ᠤᠨ ᠮᠡᠳᠡᠭᠦᠯᠦᠯᠲᠡ ᠵᠢ ᠦᠨᠡᠯᠡᠬᠦ ᠬᠤᠷᠠᠯ ᠬᠤᠷᠠᠯᠳᠤᠭᠤᠯᠪᠠ
ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠨᠠᠮ᠎ᠤᠨ ᠭᠡᠰᠢᠭᠦᠨ ᠺᠠᠳ᠋ᠷᠴᠤᠳ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢ ᠨᠡᠢ᠌ᠭᠡᠮ ᠲᠣᠭᠣᠷᠢᠭ᠎ᠲᠤ ᠬᠦᠷᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
 
             蒙ICP备05000248号