ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠬᠢᠨᠠᠨ ᠪᠠᠶ᠋ᠢᠴᠠᠭᠠᠯᠲᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ 《ᠨᠠᠮ᠎ᠤᠨ ᠡᠭᠦᠷ᠎ᠤᠨ ᠱᠦᠵᠢ ᠨᠠᠮ᠎ᠤᠨ ᠬᠢᠴᠢᠶᠡᠯ ᠣᠷᠣᠬᠤ》 ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-11-01

      ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠪᠠᠢ᠌ᠩᠭᠤᠵᠢᠭᠤᠯᠵᠤ᠂ ᠤᠷᠲᠤ ᠬᠤᠭᠤᠴᠠᠭ᠎ᠠ ᠬᠦᠴᠦᠨ᠎ᠲᠠᠢ ᠪᠠᠢ᠌ᠯᠭ᠋ᠠᠬᠤ ᠵᠢ ᠠᠬᠢᠭᠤᠯᠬᠤ ᠵᠢᠨ ᠲᠥᠯᠥᠭᠡ᠂ 2024 ᠣᠨ᠎ᠤ 10 ᠰᠠᠷ᠎ᠠ ᠵᠢᠨ 9᠎ᠤ ᠡᠳᠦᠷ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ 《ᠨᠠᠮ᠎ᠤᠨ ᠡᠭᠦᠷ᠎ᠤᠨ ᠱᠦᠵᠢ ᠨᠠᠮ᠎ᠤᠨ ᠬᠢᠴᠢᠶᠡᠯ ᠣᠷᠣᠬᠤ》 ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠰᠢᠨ᠎ᠡ᠎ᠪᠠᠷ ᠲᠤᠰᠢᠶᠠᠯ᠎ᠳᠤ ᠭᠠᠷᠤᠭᠰᠠᠨ ᠨᠠᠮ᠎ᠤᠨ ᠡᠭᠦᠷ᠎ᠤᠨ ᠱᠦᠵᠢ ᠢᠦᠢ ᠬᠠᠢ᠎ᠠᠴᠠ ᠪᠦᠬᠦ ᠠᠩᠭᠢ ᠵᠢᠨ ᠨᠠᠮ᠎ᠤᠨ ᠭᠡᠰᠢᠭᠦᠨ ᠺᠠᠳ᠋ᠷᠴᠤᠳ᠎ᠲᠤ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠎ᠤᠨ ᠲᠠᠢ᠌ᠯᠤᠮᠵᠢ ᠬᠢᠵᠡᠢ᠃ ᠲᠤᠰ ᠤᠳᠠᠭ᠎ᠠ ᠵᠢᠨ ᠨᠠᠮ᠎ᠤᠨ ᠬᠢᠴᠢᠶᠡᠯ ᠵᠢᠭ᠋ᠠᠬᠤ ᠠᠵᠢᠯᠯᠠᠭ᠎ᠠ᠎ᠨᠢ ᠨᠠᠮ᠎ᠤᠨ ᠭᠡᠰᠢᠭᠦᠨ ᠺᠠᠳ᠋ᠷᠴᠤᠳ᠎ᠤᠨ ᠰᠠᠬᠢᠯᠭ᠎ᠠ ᠪᠠᠲᠤ ᠵᠢᠨ ᠤᠬᠠᠮᠰᠠᠷ ᠪᠣᠯᠣᠨ ᠠᠷᠢᠭᠤᠨ ᠴᠢᠬᠡᠴᠢ᠎ᠪᠠᠷ ᠪᠡᠶ᠎ᠡ᠎ᠪᠠᠨ ᠱᠠᠭ᠋ᠠᠷᠳᠠᠬᠤ ᠤᠬᠠᠮᠰᠠᠷᠲᠤ ᠴᠢᠨᠠᠷ᠎ᠢ ᠳᠡᠭᠡᠭᠰᠢᠯᠡᠭᠦᠯᠦᠭᠰᠡᠨ ᠵᠶ᠋ᠡᠷ ᠪᠠᠷᠠᠬᠤ ᠦᠭᠡᠢ ᠪᠠᠰᠠ ᠪᠦᠬᠦ ᠰᠢᠭᠤᠳ ᠬᠠᠷᠢᠶ᠎ᠠ ᠠᠩᠭᠢ᠎ᠳᠤ ᠰᠤᠷᠲᠠᠯ ᠴᠢᠬᠡᠴᠢ ᠣᠪᠣᠷ ᠲᠥᠪ ᠪᠠᠶ᠋ᠢᠬᠤ ᠤᠯᠤᠰ ᠲᠥᠷᠥ ᠵᠢᠨ ᠠᠮᠢ ᠠᠬᠤᠢ ᠪᠣᠯᠣᠨ ᠰᠠᠢ᠍ᠢ᠍ᠨ ᠰᠠᠢ᠌ᠬᠠᠨ ᠠᠵᠢᠯ᠎ᠤᠨ ᠣᠷᠴᠢᠨ ᠲᠣᠭᠣᠷᠢᠨ᠎ᠢ ᠪᠦᠷᠢᠯᠳᠦᠭᠦᠯᠵᠦ ᠥᠭᠴᠡᠢ᠃
      ᠨᠠᠮ᠎ᠤᠨ ᠬᠢᠴᠢᠶᠡᠯ ᠵᠶ᠋ᠡᠨ ᠲᠣᠰ ᠲᠣᠰ 《〈ᠳᠦᠷᠢᠮ〉᠎ᠳᠤ ᠵᠠᠰᠠᠪᠤᠷᠢ ᠣᠷᠣᠭᠤᠯᠤᠭᠰᠠᠨ᠎ᠤ ᠴᠢᠬᠤᠯᠠ ᠠᠴᠢ ᠬᠣᠯᠪᠣᠭᠳᠠᠯ》 《〈ᠳᠦᠷᠢᠮ〉᠎ᠳᠤ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠭᠣᠣᠯ ᠬᠤᠪᠢᠷᠠᠯᠲᠠ》 《ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ 〈ᠳᠦᠷᠢᠮ〉᠎ᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ᠎ᠢ ᠬᠡᠷᠬᠢᠨ ᠰᠠᠶ᠋ᠢᠲᠤᠷ ᠠᠳᠬᠤᠬᠤ ᠪᠤᠢ》 ᠭᠡᠬᠦ ᠭᠤᠷᠪᠠᠨ ᠪᠦᠯᠦᠭ ᠬᠡᠰᠡᠭ᠎ᠲᠤ ᠬᠤᠪᠢᠶᠠᠵᠤ᠂ ᠨᠠᠮ᠎ᠤᠨ ᠡᠭᠦᠷ᠎ᠤᠨ ᠱᠦᠵᠢ ᠢᠦᠢ ᠬᠠᠢ ᠪᠣᠳᠠᠲᠤ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ᠂ ᠪᠥᠬᠥ ᠨᠠᠮ᠎ᠤᠨ ᠭᠡᠰᠢᠭᠦᠨ ᠺᠠᠳ᠋ᠷᠴᠤᠳ᠎ᠲᠤ ᠨᠢᠭᠡᠨ ᠤᠳᠠᠭ᠋ᠠᠨ᠎ᠤ ᠭᠦᠨ ᠭᠦᠨᠵᠡᠭᠡᠢ ᠨᠠᠮ᠎ᠤᠨ ᠬᠢᠴᠢᠶᠡᠯ ᠣᠷᠣᠭᠰᠠᠨ ᠪᠠᠢ᠌ᠨ᠎ᠠ᠃
      ᠢᠦᠢ ᠬᠠᠢ᠂ ᠪᠥᠬᠥ ᠨᠥᠬᠥᠳ ᠡᠷᠬᠡᠪᠰᠢ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠰᠠᠬᠢᠯᠭ᠎ᠠ ᠪᠠᠲᠤ ᠪᠠ ᠶᠣᠰᠣ ᠳᠦᠷᠢᠮ ᠪᠣᠯ ᠲᠣᠯᠣᠭ᠋ᠠᠢ ᠳᠡᠭᠡᠷ᠎ᠡ᠎ᠪᠠᠨ ᠵᠡᠭᠦᠵᠦ ᠪᠠᠢ᠌ᠭ᠎ᠠ 《ᠲᠠᠷᠨᠢᠲᠤ ᠴᠠᠭ᠋ᠠᠷᠢᠭ》 ᠪᠣᠯᠬᠤ ᠵᠢ ᠦᠨᠡᠨᠬᠦ ᠣᠢ᠌ᠯᠠᠭ᠋ᠠᠵᠤ᠂ ᠨᠠᠩ ᠴᠤ᠌ ᠬᠠᠤᠯᠢ ᠵᠢ ᠵᠥᠷᠢᠴᠡᠵᠦ ᠶᠠᠯ᠎ᠠ ᠬᠢᠬᠦ ᠵᠢᠨ 《ᠠᠮᠤᠷ ᠲᠦᠪᠰᠢᠨ᠎ᠤ ᠨᠡᠭᠡᠯᠡᠭᠡᠢ》᠎ᠠᠴᠠ ᠬᠣᠯᠠ ᠪᠠᠶ᠋ᠢᠬᠤ ᠬᠡᠷᠡᠭᠲᠡᠶ ᠭᠡᠳᠡᠭ᠎ᠢ ᠦᠨᠡᠨᠬᠦ ᠣᠢ᠌ᠯᠠᠭ᠋ᠠᠬᠤ ᠬᠡᠷᠡᠭᠲᠡᠶ᠃ ᠬᠣᠶ᠋ᠢᠰᠢᠳᠠ ᠪᠦᠬᠦ ᠠᠩᠭᠢ᠎ᠪᠠᠷ ᠵᠶ᠋ᠠᠨ 《ᠳᠦᠷᠢᠮ》᠎ᠢ ᠰᠤᠷᠤᠯᠴᠠᠨ ᠲᠤᠭᠤᠰᠢᠯᠠᠭᠤᠯᠬᠤ ᠲᠠᠯ᠎ᠠ᠎ᠪᠠᠷ ᠤᠯᠠᠮ ᠨᠢᠭᠡ ᠠᠯᠬᠤᠮ ᠬᠦᠴᠦ ᠲᠠᠯᠪᠢᠵᠤ᠂ ᠦᠷ᠎ᠡ ᠪᠦᠲᠦᠮᠵᠢ ᠭᠠᠷᠭ᠋ᠠᠵᠤ᠂ ᠨᠠᠮ᠎ᠤᠨ ᠭᠡᠰᠢᠭᠦᠨ ᠺᠠᠳ᠋ᠷ ᠪᠣᠯᠤᠭᠰᠠᠨ᠎ᠤ ᠬᠤᠪᠢ᠎ᠳᠠᠬᠢ ᠴᠡᠪᠡᠷ ᠴᠢᠨᠠᠷ ᠪᠠ ᠲᠡᠷᠢᠭᠦᠨ᠎ᠤ ᠴᠢᠨᠠᠷ᠎ᠢ ᠰᠠᠶ᠋ᠢᠲᠤᠷ ᠪᠠᠲᠤᠯᠠᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ 《ᠡᠵᠢ ᠭᠣᠣᠯ᠎ᠲᠠᠢ ᠰᠡᠳᠬᠢᠯ ᠵᠶ᠋ᠡᠨ ᠬᠣᠯᠪᠣᠵᠤ ᠪᠣᠬᠢᠷᠲᠤᠯ ᠦᠭᠡᠢ ᠠᠮᠤᠷ ᠠᠮᠤᠭᠤᠯᠠᠩ᠎ᠢ ᠵᠢᠷᠤᠭᠯᠠᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠲᠤᠬᠠᠢ᠌ᠯᠠᠭᠰᠠᠨ ᠠᠵᠢᠯ᠎ᠤᠨ ᠴᠢᠳᠠᠪᠤᠷᠢ᠎ᠪᠠᠨ ᠳᠡᠭᠡᠭᠰᠢᠯᠡᠭᠦᠯᠵᠦ ᠡᠩᠨᠡᠭᠡ ᠵᠢᠨ ᠪᠠᠢ᠌ᠭᠤᠯᠤᠯᠲᠠ᠎ᠪᠠᠨ ᠴᠢᠩᠭ᠋ᠠᠳᠬᠠᠨ᠎ᠠ – ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ᠎ᠤᠨ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠠᠶ᠋ᠢᠷᠢ ᠵᠢᠨ ᠲᠤᠬᠠᠢ᠌ᠯᠠᠭᠰᠠᠨ ᠠᠵᠢᠯ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ 2024 ᠣᠨ᠎ᠤ ᠨᠠᠮ᠎ᠤᠨ ᠡᠭᠦᠷ᠎ᠤᠨ ᠱᠦᠵᠢ ᠵᠢᠨ ᠨᠠᠮ᠎ᠤᠨ ᠪᠠᠢ᠌ᠭᠤᠯᠤᠯᠲᠠ ᠵᠢ ᠠᠳᠬᠤᠭᠰᠠᠨ ᠲᠤᠰᠢᠶᠠᠯ᠎ᠤᠨ ᠮᠡᠳᠡᠭᠦᠯᠦᠯᠲᠡ ᠵᠢ ᠦᠨᠡᠯᠡᠬᠦ ᠬᠤᠷᠠᠯ ᠬᠤᠷᠠᠯᠳᠤᠭᠤᠯᠪᠠ
ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠨᠠᠮ᠎ᠤᠨ ᠭᠡᠰᠢᠭᠦᠨ ᠺᠠᠳ᠋ᠷᠴᠤᠳ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢ ᠨᠡᠢ᠌ᠭᠡᠮ ᠲᠣᠭᠣᠷᠢᠭ᠎ᠲᠤ ᠬᠦᠷᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠤᠰᠬᠠᠢ ᠰᠡᠳᠦᠪ ᠵᠶ᠋ᠡᠷ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ᠎ᠢ ᠵᠣᠬᠢᠶᠠᠨ ᠪᠠᠢ᠌ᠭᠤᠯᠤᠨ ᠥᠷᠨᠢᠭᠦᠯᠪᠡ
 
             蒙ICP备05000248号