ᠰᠢᠨ᠎ᠡ ᠪᠠᠶ᠋ᠢᠳᠠᠯ᠎ᠤᠨ ᠳᠣᠣᠷᠠᠬᠢ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠩᠨᠡᠭᠡ ᠵᠢᠨ ᠪᠠᠢ᠌ᠭᠤᠯᠤᠯᠲᠠ ᠵᠢ ᠦᠨᠡᠨ ᠬᠦ᠌ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠦᠷᠢᠶ᠎ᠡ ᠴᠠᠷᠠᠭ᠎ᠠ ᠵᠢᠨ ᠲᠤᠰᠬᠠᠢ ᠮᠡᠷᠭᠡᠵᠢᠯ᠎ᠤᠨ ᠬᠡᠯᠪᠡᠷᠢ ᠵᠢᠨ᠂ ᠤᠷ᠎ᠠ ᠮᠡᠷᠭᠡᠵᠢᠯ᠎ᠤᠨ ᠬᠡᠯᠪᠡᠷᠢ ᠵᠢᠨ ᠴᠢᠳᠠᠪᠤᠷᠢᠲᠠᠨ᠎ᠢ ᠬᠥᠮᠥᠵᠢᠭᠦᠯᠬᠦ ᠵᠢ ᠲᠦᠷᠭᠡᠳᠬᠡᠨ ᠠᠬᠢᠭᠤᠯᠬᠤ ᠵᠢᠨ ᠲᠥᠯᠥᠭᠡ᠂ 2024 ᠣᠨ᠎ᠤ 11 ᠰᠠᠷ᠎ᠠ ᠵᠢᠨ 26᠎ᠠᠴᠠ 11 ᠰᠠᠷ᠎ᠠ ᠵᠢᠨ 29᠎ᠤ ᠡᠳᠦᠷ ᠪᠣᠯᠲᠠᠯ᠎ᠠ᠂ ᠵᠡᠭᠦᠨ ᠬᠡᠰᠡᠭ ᠤᠨ ᠰᠢᠭᠤᠳ ᠬᠠᠷᠢᠶ᠎ᠠ ᠠᠩᠭᠢ ᠲᠦᠩᠯᠢᠶᠣᠣ ᠬᠣᠲᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ᠎ᠤᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠠᠶ᠋ᠢᠷᠢ ᠵᠢᠨ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠭᠢᠯᠡᠵᠦ᠂ ᠤᠯᠠᠭ᠋ᠠᠨᠬᠠᠳᠠ ᠬᠤᠳᠠ᠂ ᠬᠥᠯᠥᠨ ᠪᠣᠢ᠌ᠷ ᠬᠤᠳᠠ᠂ ᠬᠢᠩᠭ᠋ᠠᠨ ᠠᠶ᠋ᠢᠮᠠᠭ᠂ ᠲᠦᠩᠯᠢᠶᠣᠣ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠪᠣᠯᠣᠨ ᠡᠯ᠎ᠡ ᠬᠣᠰᠢᠭᠤ ᠰᠢᠶᠠᠨ ᠲᠣᠭᠣᠷᠢᠭ ᠬᠤᠳᠠ ᠵᠢᠨ ᠶᠡᠬᠡ ᠠᠩᠭᠢ ᠵᠢᠴᠢ ᠳᠤᠮᠳᠠ ᠬᠡᠰᠡᠭ᠂ ᠪᠠᠷᠠᠭᠤᠨ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ ᠬᠠᠮᠢᠶ᠎ᠠ ᠪᠦᠬᠦᠢ ᠤᠳᠤᠷᠢᠳᠤᠯᠭ᠎ᠠ ᠪᠣᠯᠣᠨ ᠲᠤᠬᠠᠢ᠌ᠯᠠᠭᠰᠠᠨ ᠠᠵᠢᠯ᠎ᠤᠨ ᠭᠣᠣᠯᠯᠠᠭᠴᠢ ᠠᠵᠢᠯᠲᠠᠨ ᠨᠠᠢ᠌ᠳᠠ 87 ᠬᠥᠮᠥᠨ ᠪᠣᠯᠪᠠᠰᠤᠷᠠᠯ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠹᠠᠨ ᠮᠢᠩ ᠱ᠌ᠢ ᠵᠢᠴᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠳᠠᠷᠤᠭ᠎ᠠ ᠴᠧᠨ ᠵᠢᠶᠦ᠋ᠨ᠂ ᠲᠦᠩᠯᠢᠶᠣᠣ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠪᠠᠢ ᠬᠠᠢ ᠳ᠋ᠦᠩ ᠠᠩᠭᠢ ᠡᠬᠢᠯᠡᠬᠦ ᠶᠣᠰᠣᠯᠠᠯ᠎ᠳᠤ ᠣᠷᠣᠯᠴᠠᠵᠤ᠂ ᠹᠠᠨ ᠮᠢᠩ ᠱ᠌ᠢ ᠨᠥᠬᠥᠷ ᠳᠠᠢ᠌ᠴᠢᠯᠠᠯᠲᠠ ᠵᠢᠨ ᠶᠠᠷᠢᠶ᠎ᠠ ᠲᠠᠯᠪᠢᠵᠠᠢ᠃
ᠹᠠᠨ ᠮᠢᠩ ᠱ᠌ᠢ᠂ ᠡᠯ᠎ᠡ ᠱᠠᠲᠤᠨ᠎ᠤ ᠬᠠᠤᠯᠢ ᠬᠡᠷᠡᠭᠵᠢᠭᠦᠯᠬᠦ ᠠᠵᠢᠯᠲᠠᠳ ᠲᠣᠰ ᠤᠳᠠᠭ᠋ᠠᠨ᠎ᠤ ᠰᠤᠷᠤᠯᠴᠠᠵᠤ ᠰᠣᠯᠢᠯᠴᠠᠬᠤ ᠲᠠᠪᠴᠠᠩ᠎ᠢ ᠰᠠᠨᠠᠭ᠋ᠠᠴᠢᠯᠠᠭ᠎ᠠ᠎ᠠᠴᠠ᠎ᠪᠠᠨ ᠰᠠᠶ᠋ᠢᠲᠤᠷ ᠠᠰᠢᠭᠯᠠᠵᠤ᠂ ᠪᠠᠭᠰᠢ ᠵᠢᠨ ᠬᠢᠴᠢᠶᠡᠯᠯᠡᠬᠦ ᠵᠢ ᠬᠢᠨᠠᠮᠠᠭ᠋ᠠᠢ ᠰᠤᠷᠤᠯᠴᠠᠭᠰᠠᠨ ᠰᠠᠭᠤᠷᠢᠨ ᠳᠡᠭᠡᠷ᠎ᠡ ᠬᠠᠷᠢᠯᠴᠠᠨ ᠰᠤᠷᠤᠯᠴᠠᠵᠤ ᠬᠠᠷᠢᠯᠴᠠᠨ ᠬᠠᠪᠰᠤᠷᠤᠯᠴᠠᠵᠤ᠂ ᠲᠤᠷᠰᠢᠯᠭ᠎ᠠ᠎ᠪᠠᠨ ᠰᠣᠯᠢᠯᠴᠠᠬᠤ ᠬᠡᠷᠡᠭᠲᠡᠶ; ᠬᠠᠷᠢᠭᠰᠠᠨ᠎ᠤ᠎ᠪᠠᠨ ᠳᠠᠷᠠᠭ᠎ᠠ᠂ ᠠᠵᠢᠯᠯᠠᠬᠤ ᠳᠤᠮᠳᠠ᠎ᠪᠠᠨ ᠰᠤᠷᠤᠯᠴᠠᠵᠤ᠂ ᠰᠤᠷᠤᠯᠴᠠᠬᠤ ᠳᠤᠮᠳᠠ᠎ᠪᠠᠨ ᠠᠵᠢᠯᠯᠠᠵᠤ᠂ ᠰᠡᠳᠬᠢᠯ ᠳᠣᠲᠣᠷ᠎ᠠ᠎ᠪᠠᠨ ᠰᠠᠭᠤᠷᠢ᠎ᠲᠠᠢ᠂ ᠢᠲᠡᠭᠡᠯ ᠵᠣᠷᠢᠭᠲᠠᠢ᠂ ᠤᠯᠤᠰ ᠲᠥᠷᠥ ᠵᠢᠨ ᠲᠠᠯ᠎ᠠ᠎ᠪᠠᠷ ᠴᠢᠩᠭ᠎ᠠ᠂ ᠡᠷᠳᠡᠮ ᠴᠢᠳᠠᠪᠤᠷᠢ ᠥᠨᠳᠥᠷ᠂ ᠣᠪᠣᠷ ᠰᠤᠷᠲᠠᠯ ᠴᠢᠩᠭ᠎ᠠ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ ᠰᠢᠯᠢᠳᠡᠭ ᠬᠡᠪ ᠪᠣᠯᠪᠠᠰᠤᠷᠠᠯ᠎ᠢ ᠪᠦᠷᠢᠯᠳᠦᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ᠎ᠤᠨ ᠡᠯ᠎ᠡ ᠱᠠᠲᠤᠨ᠎ᠤ ᠬᠠᠤᠯᠢ ᠬᠡᠷᠡᠭᠵᠢᠭᠦᠯᠬᠦ ᠡᠩᠨᠡᠭᠡ ᠵᠢᠨ᠎ᠬᠢᠨ ᠬᠠᠷᠢᠭᠤᠴᠠᠯᠭ᠎ᠠ ᠡᠭᠦᠷᠭᠡᠯᠡᠬᠦ᠎ᠪᠠᠨ ᠴᠢᠨᠠᠭᠰᠢᠳᠠ ᠴᠢᠩᠭ᠋ᠠᠳᠬᠠᠵᠤ᠂ ᠵᠣᠭᠰᠣᠴᠠ᠎ᠪᠠᠨ ᠳᠡᠭᠡᠭᠰᠢᠯᠡᠭᠦᠯᠵᠦ᠂ ᠬᠠᠷᠠᠭ᠎ᠠ᠎ᠪᠠᠨ ᠥᠷᠭᠡᠳᠬᠡᠵᠦ᠂ ᠡᠷᠴᠢᠮ ᠵᠶ᠋ᠡᠨ ᠴᠢᠩᠭ᠋ᠠᠷᠠᠭᠤᠯᠵᠤ᠂ ᠤᠬᠠᠮᠰᠠᠷ᠎ᠲᠠᠢ᠂ ᠪᠣᠳᠠᠲᠤ ᠬᠦᠴᠦᠨ᠎ᠲᠠᠢ᠂ ᠡᠷᠬᠡ ᠰᠦᠷᠲᠦ ᠴᠢᠨᠠᠷᠲᠠᠢ ᠬᠠᠤᠯᠢ ᠬᠡᠷᠡᠭᠵᠢᠭᠦᠯᠬᠦ ᠲᠡᠮᠦᠷ ᠠᠷᠮᠢ ᠵᠢ ᠪᠠᠢ᠌ᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠪᠣᠯᠪᠠᠰᠤᠷᠠᠯ᠎ᠨᠢ ᠭᠣᠣᠯᠳᠠᠭᠤ ᠲᠤᠬᠠᠢ ᠵᠢᠨ ᠲᠠᠯᠠᠪᠤᠷ᠎ᠤᠨ ᠬᠠᠤᠯᠢ ᠬᠡᠷᠡᠭᠵᠢᠭᠦᠯᠬᠦ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢᠨ ᠳᠡᠭᠡᠭᠰᠢᠯᠡᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢᠨ ᠠᠵᠢᠯ᠎ᠤᠨ ᠳᠤᠮᠳᠠᠬᠢ ᠳᠤᠲᠠᠭᠤᠳᠠᠯ ᠪᠠ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠵᠤ᠂ ᠤᠯᠤᠰ᠎ᠤᠨ ᠳᠣᠲᠣᠭ᠋ᠠᠳᠤ ᠵᠢᠨ ᠬᠠᠮᠢᠶ᠎ᠠ ᠪᠦᠬᠦᠢ ᠠᠵᠢᠯ ᠳᠦᠷᠦᠯ᠎ᠳᠡᠭᠡᠨ ᠴᠠᠭ᠋ᠠᠷᠠᠭᠰᠠᠳᠢ ᠤᠷᠢᠵᠤ᠂ ᠰᠤᠷᠤᠭᠴᠢᠳ᠎ᠲᠤ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠬᠡᠷᠡᠭ᠎ᠢ ᠪᠠᠢ᠌ᠴᠠᠭ᠋ᠠᠵᠤ ᠭᠡᠷᠡᠴᠢ ᠠᠪᠬᠤ ᠵᠢᠷᠤᠮᠵᠢᠯ ᠵᠢᠴᠢ ᠤᠷ᠎ᠠ ᠮᠡᠷᠭᠡᠵᠢᠯ᠂ ᠨᠡᠭᠦᠳᠡᠯ ᠡᠬᠢ ᠰᠤᠷᠪᠤᠯᠵᠢ ᠵᠢᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢᠨ ᠭᠣᠣᠯᠳᠠᠯᠭ᠎ᠠ ᠵᠢᠴᠢ ᠬᠤᠳᠠᠯ ᠬᠠᠭᠤᠷᠮᠠᠭ ᠵᠶ᠋ᠠᠷ ᠵᠣᠬᠢᠶᠠᠭᠰᠠᠨ ᠨᠡᠢ᠌ᠲᠡᠯᠢᠭ ᠬᠡᠷᠡᠭ᠎ᠤᠨ ᠵᠢᠱ᠌ᠢᠶ᠎ᠡ᠂ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠪᠠᠢ᠌ᠴᠠᠭ᠋ᠠᠵᠤ ᠰᠢᠢ᠍ᠳᠪᠦᠷᠢᠯᠡᠬᠦ ᠭᠣᠣᠯᠳᠠᠯᠭ᠎ᠠ᠂ ᠭᠤᠷᠪᠠᠳᠠᠭᠢ ᠡᠲᠡᠭᠡᠳ (ᠣᠷᠴᠢᠨ ᠲᠣᠭᠣᠷᠢᠨ᠎ᠤ ᠨᠥᠯᠥᠭᠡ ᠵᠢᠨ ᠦᠨᠡᠯᠡᠯᠲᠡ᠂ ᠬᠢᠨᠠᠨ ᠬᠡᠮᠵᠢᠯᠲᠡ)᠎ᠤᠨ ᠬᠤᠳᠠᠯ ᠬᠠᠭᠤᠷᠮᠠᠭ ᠵᠶ᠋ᠠᠷ ᠵᠣᠬᠢᠶᠠᠨ ᠦᠢ᠍ᠯᠡᠳᠦᠭᠰᠡᠨ ᠠᠵᠢᠯᠯᠠᠭ᠎ᠠ᠎ᠳᠤ ᠴᠣᠬᠢᠯᠲᠠ ᠥᠭᠴᠦ ᠪᠠᠢ᠌ᠴᠠᠭ᠋ᠠᠵᠤ ᠰᠢᠢ᠍ᠳᠪᠦᠷᠢᠯᠡᠬᠦ ᠭᠣᠣᠯᠳᠠᠯᠭ᠎ᠠ᠂ ᠪᠣᠬᠢᠷᠲᠤᠯ᠎ᠤᠨ ᠡᠬᠢ ᠰᠤᠷᠪᠤᠯᠵᠢ ᠵᠢ ᠠᠦ᠋ᠲ᠋ᠣ᠋ ᠬᠢᠨᠠᠨ ᠡᠵᠡᠮᠳᠡᠬᠦ ᠲᠤᠬᠠᠢ ᠵᠢᠨ ᠲᠠᠯᠠᠪᠠᠢ ᠵᠢᠨ ᠬᠠᠤᠯᠢ ᠬᠡᠷᠡᠭᠵᠢᠭᠦᠯᠦᠯᠲᠡ ᠵᠢᠨ ᠭᠣᠣᠯᠳᠠᠯᠭ᠎ᠠ ᠵᠡᠷᠭᠡ 5 ᠵᠦᠢ᠍ᠯ᠎ᠤᠨ ᠬᠢᠴᠢᠶᠡᠯ᠎ᠤᠨ ᠠᠭᠤᠯᠭ᠎ᠠ ᠵᠢ ᠶᠠᠷᠢᠵᠤ᠂ ᠡᠭᠦᠨ᠎ᠤ ᠬᠠᠮᠲᠤ ᠲᠤᠬᠠᠢ ᠵᠢᠨ ᠲᠠᠯᠠᠪᠠᠶ᠎ᠳᠤ ᠮᠠᠳᠠᠭ᠎ᠲᠠᠢ ᠠᠰᠠᠭᠤᠯᠲᠠ ᠵᠢ ᠬᠠᠷᠢᠭᠤᠯᠵᠠᠢ᠃ ᠲᠣᠰ ᠤᠳᠠᠭ᠋ᠠᠨ᠎ᠤ ᠪᠣᠯᠪᠠᠰᠤᠷᠠᠯ᠎ᠤᠨ ᠭᠣᠣᠯᠳᠠᠯᠭ᠎ᠠ᠎ᠨᠢ ᠲᠣᠪᠣᠢ᠌ᠮ᠎ᠠ᠂ ᠠᠭᠤᠯᠭ᠎ᠠ᠎ᠨᠢ ᠨᠠᠷᠢᠨ ᠪᠣᠳᠠᠲᠠᠢ ᠪᠠᠢ᠌ᠵᠤ᠂ ᠮᠠᠰᠢ ᠴᠢᠩᠭ᠎ᠠ ᠬᠠᠨᠳᠤᠯᠭ᠋ᠠᠲᠤ ᠴᠢᠨᠠᠷ᠂ ᠵᠢᠯᠤᠭᠣᠳᠬᠤ ᠴᠢᠨᠠᠷ ᠪᠠ ᠬᠡᠷᠡᠭᠯᠡᠭᠡᠨ᠎ᠤ ᠴᠢᠨᠠᠷᠲᠠᠢ᠃
ᠳᠠᠷᠠᠭ᠋ᠠᠴᠢ ᠵᠢᠨ ᠠᠯᠬᠤᠮ᠎ᠳᠤ᠂ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ᠎ᠬᠢᠨ ᠬᠠᠷᠢᠭᠤᠴᠠᠯᠭ᠎ᠠ ᠡᠭᠦᠷᠭᠡᠯᠡᠯ ᠵᠶ᠋ᠡᠨ ᠦᠷᠭᠦᠯᠵᠢᠯᠡᠨ ᠴᠢᠩᠭ᠋ᠠᠳᠬᠠᠵᠤ᠂ ᠲᠤᠬᠠᠢ᠌ᠯᠠᠭᠰᠠᠨ ᠠᠵᠢᠯ ᠵᠶ᠋ᠠᠨ ᠰᠠᠶ᠋ᠢᠲᠤᠷ ᠬᠢᠭᠰᠡᠨ ᠰᠠᠭᠤᠷᠢᠨ ᠳᠡᠭᠡᠷ᠎ᠡ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠡᠷ ᠬᠡᠷᠡᠭᠵᠢᠭᠦᠯᠵᠦ᠂ ᠦᠨᠳᠦᠰᠦᠨ ᠱᠠᠲᠤᠨ᠎ᠤ ᠬᠠᠤᠯᠢ ᠬᠡᠷᠡᠭᠵᠢᠭᠦᠯᠬᠦ ᠡᠩᠨᠡᠭᠡ ᠵᠢ ᠤᠯᠠᠮ ᠴᠢᠨᠠᠭᠰᠢᠳᠠ ᠬᠠᠪᠰᠤᠷᠤᠨ ᠶᠡᠷᠦᠩᠬᠡᠢ᠌ᠯᠡᠭᠰᠡᠨ ᠬᠡᠪ ᠴᠢᠨᠠᠷ᠎ᠢ᠎ᠨᠢ ᠳᠡᠭᠡᠭᠰᠢᠯᠡᠭᠦᠯᠵᠦ᠂ ᠬᠠᠷᠢᠯᠴᠠᠨ ᠠᠬᠢᠭᠤᠯᠵᠤ᠂ ᠬᠠᠮᠲᠤ᠎ᠪᠠᠷ ᠳᠡᠭᠡᠭᠰᠢᠯᠡᠭᠦᠯᠬᠦ ᠵᠢ ᠴᠢᠷᠮᠠᠢ᠌ᠨ ᠪᠡᠶᠡᠯᠡᠭᠦᠯᠵᠦ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠥᠨᠳᠥᠷ ᠲᠦᠪᠰᠢᠨ ᠵᠶ᠋ᠡᠷ ᠬᠠᠮᠠᠭ᠋ᠠᠯᠠᠬᠤ᠎ᠳᠤ ᠬᠦᠴᠦᠲᠡᠢ ᠪᠠᠲᠤᠯᠠᠭ᠎ᠠ ᠬᠠᠩᠭ᠋ᠠᠨ᠎ᠠ᠃