ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢᠨ ᠲᠤᠬᠠᠢ ᠰᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢ ᠯᠠᠪᠳᠠᠭᠤᠨ ᠪᠠᠲᠤᠲᠠᠢ ᠠᠬᠢᠭᠤᠯᠬᠤ ᠵᠢᠨ ᠲᠥᠯᠥᠭᠡ᠂ 11 ᠰᠠᠷ᠎ᠠ ᠵᠢᠨ 15᠎ᠤ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ ᠪᠣᠯᠣᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠨᠠᠮ᠎ᠤᠨ ᠡᠭᠦᠷ᠂ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠭᠠᠵᠠᠷ᠎ᠤᠨ ᠨᠠᠮ᠎ᠤᠨ ᠡᠭᠦᠷ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ᠎ᠲᠠᠢ ᠬᠠᠮᠲᠤᠷᠠᠨ 《ᠡᠵᠢ ᠭᠣᠣᠯ᠎ᠲᠠᠢ ᠰᠡᠳᠬᠢᠯ ᠵᠶ᠋ᠡᠨ ᠬᠣᠯᠪᠣᠵᠤ ᠪᠣᠬᠢᠷᠲᠤᠯ ᠦᠭᠡᠢ ᠠᠮᠤᠷ ᠠᠮᠤᠭᠤᠯᠠᠩ᠎ᠢ ᠵᠢᠷᠤᠭᠯᠠᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃
ᠠᠵᠢᠯᠯᠠᠭ᠎ᠠ᠎ᠳᠤ ᠣᠷᠣᠯᠴᠠᠭᠰᠠᠨ ᠪᠦᠬᠦ ᠬᠥᠮᠥᠰ ᠬᠠᠲᠤᠨ ᠭᠣᠣᠯ · ᠬᠥᠬᠡᠮᠥ᠋ᠷᠡᠨ᠎ᠤ ᠤᠰᠤᠨ᠎ᠤ ᠠᠮᠢ ᠠᠬᠤᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠵᠡᠰᠬᠦᠯᠡᠩ᠎ᠤᠨ ᠣᠷᠳᠣᠨ᠎ᠳᠤ ᠬᠦᠷᠴᠦ᠂ ᠲᠠᠢ᠌ᠯᠪᠤᠷᠢᠯᠠᠭᠴᠢ ᠵᠢᠨ ᠳᠠᠭ᠋ᠠᠭᠤᠯᠭ᠎ᠠ ᠪᠠᠷ᠂ ᠤᠯᠠᠨ ᠵᠶ᠋ᠠᠷ ᠵᠶ᠋ᠠᠨ ᠣᠢ᠌ᠷ᠎ᠠ ᠵᠠᠢ᠎ᠠᠴᠠ 《ᠮᠠᠨᠵᠤᠤᠷ ᠬᠣᠲᠠ ᠵᠢᠨ ᠤᠰᠤ ᠬᠠᠩᠭ᠋ᠠᠬᠤ ᠪᠠ ᠤᠰᠤ ᠵᠠᠯᠠᠬᠤ ᠵᠢ ᠨᠢᠭᠡ ᠴᠣᠭᠴᠠᠵᠢᠭᠤᠯᠬᠤ ᠲᠥᠷᠥᠯ ᠵᠦᠢ᠍ᠯ》᠎ᠤᠨ ᠡᠯᠡᠰᠦᠨ ᠴᠠᠷ᠎ᠠ ᠵᠡᠷᠭᠡ ᠡᠯ᠎ᠡ ᠲᠥᠷᠥᠯ᠎ᠤᠨ ᠪᠡᠯᠡᠳᠬᠡᠮᠵᠢ ᠲᠥᠬᠦᠭᠡᠷᠦᠮᠵᠢ ᠵᠢ ᠲᠣᠭᠣᠷᠢᠨ ᠦᠵᠡᠵᠦ᠂ ᠬᠠᠲᠤᠨ ᠭᠣᠣᠯ ᠬᠥᠬᠡᠮᠥ᠋ᠷᠡᠨ᠎ᠤ ᠰᠠᠪᠠ ᠭᠠᠵᠠᠷ᠎ᠤᠨ 20 ᠮᠤᠵᠢ ᠣᠷᠣᠨ᠎ᠤ ᠤᠰᠤᠨ᠎ᠤ ᠡᠬᠢ ᠪᠠᠶᠠᠯᠢᠭ᠎ᠤᠨ ᠠᠰᠢᠭᠯᠠᠯᠲᠠ ᠵᠢᠴᠢ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠠᠰᠠᠯᠲᠠ ᠵᠢᠨ ᠦᠷ᠎ᠡ ᠪᠦᠲᠦᠭᠡᠯ ᠵᠢᠴᠢ ᠥᠪᠥᠷ ᠮᠣᠩᠭᠣᠯ᠎ᠤᠨ ᠬᠠᠲᠤᠨ ᠭᠣᠣᠯ ᠳᠠᠭ᠋ᠠᠤ ᠵᠢᠨ 7 ᠲᠤᠰᠬᠠᠢ ᠣᠷᠣᠨ᠎ᠤ ᠲᠠᠰ᠎ᠤᠨ ᠬᠣᠲᠠ ᠵᠢᠨ ᠤᠰᠤᠨ᠎ᠤ ᠠᠮᠢ ᠠᠬᠤᠢ ᠵᠢᠨ ᠬᠠᠮᠠᠭ᠋ᠠᠯᠠᠯᠲᠠ ᠵᠢᠴᠢ 《ᠭᠤᠷᠪᠠᠨ ᠨᠠᠭᠤᠷ》᠎ᠤᠨ ᠤᠰᠤᠨ᠎ᠤ ᠠᠮᠢ ᠠᠬᠤᠢ ᠣᠷᠴᠢᠨ ᠲᠣᠭᠣᠷᠢᠨ ᠢᠯᠡᠳᠲᠡ ᠰᠠᠢ᠌ᠵᠢᠷᠠᠭᠰᠠᠨ ᠪᠠᠶ᠋ᠢᠳᠠᠯ᠎ᠢ ᠣᠢ᠌ᠯᠠᠭ᠋ᠠᠬᠤ ᠵᠢᠨ ᠬᠠᠮᠲᠤ᠂ ᠲᠤᠬᠠᠢ ᠵᠢᠨ ᠲᠠᠯᠠᠪᠤᠷ᠎ᠲᠤ 《ᠠᠷᠠᠳ᠎ᠤᠨ ᠠᠮᠢᠳᠤᠷᠠᠯ᠎ᠢ ᠳᠡᠭᠡᠳᠦᠯᠡᠵᠦ ᠤᠰᠤ ᠵᠢ ᠵᠠᠰᠠᠬᠤ ᠵᠢ ᠴᠢᠬᠤᠯᠠᠴᠢᠯᠠᠶ᠎ᠠ》 《ᠲᠣᠮᠣ ᠤᠯᠤᠰ᠎ᠤᠨ ᠠᠮᠢᠨ ᠰᠤᠳᠠᠰᠤ》 ᠵᠡᠷᠭᠡ ᠤᠬᠠᠭᠤᠯᠭ᠎ᠠ ᠵᠢᠨ ᠹᠢᠯᠢᠮ᠎ᠢ ᠰᠣᠨᠢᠷᠬᠠᠪᠠ᠃ ᠲᠣᠭᠣᠷᠢᠨ ᠦᠵᠡᠵᠦ ᠳᠠᠭᠤᠰᠤᠭᠰᠠᠨ᠎ᠤ ᠳᠠᠷᠠᠭ᠎ᠠ᠂ ᠡᠯ᠎ᠡ ᠨᠠᠮ᠎ᠤᠨ ᠡᠭᠦᠷ 《ᠰᠢ ᠵᠢᠨ ᠫᠢᠩ᠎ᠤᠨ ᠤᠰᠤ ᠵᠠᠰᠠᠬᠤ ᠲᠤᠬᠠᠢ ᠥᠭᠦᠯᠡᠯᠲᠡ ᠵᠢᠨ ᠲᠡᠭᠦᠪᠦᠷᠢ》᠂ ᠶᠡᠷᠦᠩᠬᠡᠢ ᠱᠦᠵᠢ ᠰᠢ ᠵᠢᠨ ᠫᠢᠩ᠎ᠤᠨ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠣᠨ ᠴᠢᠨᠠᠷ ᠰᠠᠢ᠌ᠲᠠᠢ ᠬᠥᠭᠵᠢᠯᠲᠡ ᠵᠢ ᠪᠦᠬᠦ ᠲᠠᠯ᠎ᠠ᠎ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢᠨ ᠲᠣᠭᠣᠷᠢᠨ᠎ᠳᠤ ᠬᠠᠮᠲᠤ ᠵᠢᠨ ᠰᠤᠷᠤᠯᠴᠠᠯᠭ᠎ᠠ ᠥᠷᠨᠢᠭᠦᠯᠵᠡᠢ᠃
ᠲᠣᠰ ᠤᠳᠠᠭ᠋ᠠᠨ᠎ᠤ ᠨᠠᠮ᠎ᠤᠨ ᠡᠳᠦᠷ᠎ᠤᠨ ᠠᠵᠢᠯᠯᠠᠭ᠎ᠠ᠎ᠨᠢ ᠨᠠᠮ᠎ᠤᠨ ᠭᠡᠰᠢᠭᠦᠨ ᠺᠠᠳ᠋ᠷᠴᠤᠳ᠎ᠲᠤ ᠬᠠᠲᠤᠨ ᠭᠣᠣᠯ᠎ᠤᠨ ᠰᠣᠶᠣᠯ᠎ᠳᠤ ᠠᠭᠤᠯᠤᠭᠳᠠᠵᠤ ᠪᠠᠢ᠌ᠭ᠎ᠠ ᠴᠠᠭ ᠦᠶ᠎ᠡ ᠵᠢᠨ ᠦᠨ᠎ᠡ ᠥᠷᠲᠡᠭ᠎ᠢ ᠣᠢ᠌ᠷ᠎ᠠ᠎ᠠᠴᠠ ᠮᠡᠳᠡᠷᠡᠭᠦᠯᠵᠦ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢᠨ ᠲᠤᠬᠠᠢ ᠲᠠᠨᠢᠯᠲᠠ ᠵᠢ ᠭᠦᠨᠵᠡᠭᠡᠢ᠌ᠷᠡᠭᠦᠯᠵᠡᠢ᠃ ᠤᠯᠠᠨ ᠵᠶ᠋ᠠᠷ ᠵᠶ᠋ᠠᠨ᠂ ᠰᠢ ᠵᠢᠨ ᠫᠢᠩ ᠶᠡᠷᠦᠩᠬᠡᠢ ᠱᠦᠵᠢ ᠵᠢᠨ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠣᠨ ᠴᠢᠨᠠᠷ ᠰᠠᠢ᠌ᠲᠠᠢ ᠬᠥᠭᠵᠢᠯᠲᠡ ᠵᠢᠨ ᠲᠤᠬᠠᠢ ᠰᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠦᠷᠭᠦᠯᠵᠢᠯᠡᠨ ᠰᠠᠶ᠋ᠢᠲᠤᠷ ᠰᠤᠷᠤᠯᠴᠠᠨ ᠲᠤᠭᠤᠰᠢᠯᠠᠭᠤᠯᠵᠤ᠂ ᠲᠤᠬᠠᠢ᠌ᠯᠠᠭᠰᠠᠨ ᠠᠵᠢᠯ᠎ᠤᠨ ᠪᠠᠶ᠋ᠢᠷᠢ᠎ᠳᠠᠭᠠᠨ ᠰᠠᠭᠤᠷᠢᠯᠠᠵᠤ᠂ ᠭᠣᠣᠯ ᠬᠠᠷᠢᠭᠤᠴᠠᠯᠭ᠎ᠠ ᠭᠣᠣᠯ ᠠᠵᠢᠯ᠎ᠳᠠᠭᠠᠨ ᠠᠩᠬᠠᠷᠤᠯ ᠵᠶ᠋ᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃