ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠣᠯᠣᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢᠨ᠎ᠡ ᠴᠠᠭ ᠦᠶ᠎ᠡ ᠵᠢᠨ ᠠᠬᠠᠮᠠᠳ ᠺᠠᠳ᠋ᠷᠴᠤᠳ᠎ᠤᠨ ᠠᠵᠢᠯ᠎ᠢ ᠨᠠᠷᠢᠯᠢᠭ ᠪᠣᠳᠠᠲᠠᠢ ᠬᠢᠬᠦ ᠵᠢᠨ ᠲᠥᠯᠥᠭᠡ᠂ 8 ᠰᠠᠷ᠎ᠠ ᠵᠢᠨ 5᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠬᠠᠮᠲᠤ᠎ᠪᠠᠷ ᠠᠵᠢᠯ᠎ᠠᠴᠠ᠎ᠪᠠᠨ ᠠᠮᠠᠷᠠᠭᠰᠠᠨ ᠺᠠᠳ᠋ᠷ ᠵᠠᠩ ᠴᠢ ᠴᠧᠨ᠂ ᠶᠡᠷᠦᠩᠬᠡᠢ ᠥᠷᠲᠡᠭᠡ ᠵᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠳᠡᠳ᠋ ᠥᠷᠲᠡᠭᠡ ᠵᠢᠨ ᠳᠠᠷᠤᠭ᠎ᠠ ᠹᠠᠨ ᠴᠢᠩ ᠶᠦᠨ᠂ ᠬᠠᠮᠢᠶ᠎ᠠ ᠪᠦᠬᠦᠢ ᠭᠠᠵᠠᠷ᠎ᠤᠨ ᠬᠥᠮᠥᠰ ᠠᠵᠢᠯᠯᠠᠭ᠎ᠠ᠎ᠳᠤ ᠣᠷᠣᠯᠴᠠᠪᠠ᠃
ᠠᠵᠢᠯᠯᠠᠭ᠎ᠠ ᠵᠢᠨ ᠳᠤᠮᠳᠠ᠂ ᠬᠤᠷᠠᠯ᠎ᠳᠤ ᠣᠷᠣᠯᠴᠠᠭᠰᠠᠳ ᠵᠠᠩ ᠴᠢ ᠴᠧᠨᠤ ᠠᠵᠢᠯ᠎ᠤᠨ ᠥᠩᠭᠡᠷᠡᠯᠲᠡ ᠵᠢ ᠲᠠᠨᠢᠯᠴᠠᠭᠤᠯᠵᠤ᠂ ᠤᠯᠠᠨ ᠵᠶ᠋ᠠᠷ ᠵᠶ᠋ᠠᠨ ᠲᠡᠭᠦᠨ᠎ᠤ ᠠᠵᠢᠯ᠎ᠳᠠᠭᠠᠨ ᠠᠵᠢᠯᠴᠢ ᠬᠢᠴᠢᠶᠡᠩᠭᠦᠢ᠂ ᠡᠬᠡᠯ ᠵᠢᠷ᠎ᠤᠨ ᠠᠵᠢᠯ᠎ᠤᠨ ᠪᠠᠶ᠋ᠢᠷᠢ ᠳᠡᠭᠡᠷ᠎ᠡ᠎ᠪᠠᠨ ᠶᠡᠷᠦ ᠪᠤᠰᠤ ᠵᠢᠨ ᠠᠮᠵᠢᠯᠲᠠ ᠪᠦᠲᠦᠮᠵᠢ ᠭᠠᠷᠭ᠋ᠠᠭᠰᠠᠨ᠎ᠢ ᠪᠢᠰᠢᠷᠡᠵᠦ ᠪᠠᠶ᠋ᠢᠬᠤ᠎ᠪᠠᠨ ᠢᠯᠡᠳᠬᠡᠪᠡ᠃ ᠡᠭᠦᠨ᠎ᠤ ᠵᠡᠷᠭᠡ᠎ᠳᠤ ᠠᠵᠢᠯ᠎ᠠᠴᠠ᠎ᠪᠠᠨ ᠠᠮᠠᠷᠠᠭᠰᠠᠨ᠎ᠤ ᠳᠠᠷᠠᠭ᠋ᠠᠬᠢ ᠴᠠᠯᠢᠩ᠂ ᠨᠠᠰᠤᠵᠢᠯ᠎ᠤᠨ ᠠᠰᠠᠷᠠᠮᠵᠢ᠂ ᠡᠮ ᠡᠮᠨᠡᠯᠭᠡ ᠵᠢᠨ ᠳᠠᠭ᠋ᠠᠳᠬᠠᠯ ᠵᠡᠷᠭᠡ ᠵᠢ ᠣᠯᠭᠣᠬᠤ ᠪᠠᠷᠢᠮᠵᠢᠶ᠎ᠠ ᠵᠢᠴᠢ ᠲᠥᠷᠥ ᠵᠢᠨ ᠪᠣᠳᠣᠯᠭ᠎ᠠ ᠵᠢᠨ ᠲᠠᠯ᠎ᠠ᠎ᠪᠠᠷ ᠨᠠᠷᠢᠨ ᠲᠠᠢ᠌ᠯᠪᠤᠷᠢᠯᠠᠯᠲᠠ ᠬᠢᠵᠦ᠂ ᠠᠵᠢᠯ᠎ᠠᠴᠠ᠎ᠪᠠᠨ ᠠᠮᠠᠷᠠᠭᠰᠠᠨ᠎ᠤ ᠳᠠᠷᠠᠭ᠋ᠠᠬᠢ ᠨᠢᠭᠤᠴᠠ ᠵᠢ ᠬᠠᠮᠠᠭ᠋ᠠᠯᠠᠬᠤ ᠲᠤᠬᠠᠢ ᠰᠠᠬᠢᠯᠭ᠎ᠠ ᠪᠠᠲᠤ ᠵᠢᠨ ᠲᠠᠯ᠎ᠠ᠎ᠪᠠᠷ ᠰᠨᠠᠠᠭᠤᠯᠪᠠ᠃ ᠹᠠᠨ ᠴᠢᠩ ᠶᠦᠨ ᠵᠠᠩ ᠴᠢ ᠴᠧᠨ᠎ᠳᠤ ᠠᠵᠢᠯ᠎ᠠᠴᠠ᠎ᠪᠠᠨ ᠠᠮᠠᠷᠠᠭᠰᠠᠨ ᠢᠷᠠᠭᠤ ᠠᠯᠳᠠᠷᠲᠤ ᠳᠤᠷᠠᠰᠬᠠᠯ᠎ᠤᠨ ᠲᠡᠮᠳᠡᠭ ᠣᠯᠭᠣᠵᠤ᠂ ᠲᠡᠭᠦᠨ᠎ᠤ ᠬᠡᠳᠦᠨ ᠠᠷᠪᠠᠨ ᠵᠢᠯ᠎ᠢ ᠨᠢᠭᠡ ᠡᠳᠦᠷ ᠮᠡᠲᠦ᠎ᠪᠠᠷ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠡᠮᠦᠨ᠎ᠡ ᠹᠷᠣᠨᠲ᠎ᠲᠤ ᠦᠨᠳᠦᠰᠦᠯᠡᠵᠦ᠂ ᠦᠭᠡ ᠳᠠᠭᠤᠨ ᠦᠭᠡᠢ᠎ᠪᠠᠷ ᠠᠵᠢᠯᠯᠠᠵᠤ᠂ ᠬᠠᠷᠠᠮ ᠦᠭᠡᠢ ᠵᠢᠳᠬᠦᠭᠰᠡᠨ᠎ᠳᠤ ᠲᠠᠯᠠᠷᠬᠠᠵᠤ ᠪᠠᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢᠨ ᠲᠡᠮᠡᠴᠡᠭᠴᠢ᠂ ᠭᠡᠷᠡᠴᠢᠯᠡᠭᠴᠢ ᠪᠠ ᠠᠬᠢᠭᠤᠯᠤᠭᠴᠢ ᠪᠣᠯᠣᠨ᠎ᠠ᠂ ᠬᠣᠶ᠋ᠢᠰᠢᠳᠠ ᠲᠡᠭᠦᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯᠲᠠᠳ᠎ᠤᠨ ᠰᠢᠯᠢᠳᠡᠭ ᠰᠠᠢ᠍ᠢ᠍ᠨ ᠵᠠᠩ ᠰᠤᠷᠲᠠᠯ ᠪᠠ ᠢᠷᠠᠭᠤ ᠠᠯᠳᠠᠷᠲᠤ ᠤᠯᠠᠮᠵᠢᠯᠠᠯ ᠵᠶ᠋ᠠᠨ ᠦᠷᠭᠦᠯᠵᠢᠯᠡᠨ ᠪᠠᠳᠠᠷᠠᠭᠤᠯᠵᠤ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠰ᠎ᠤᠨ ᠡᠷᠡᠭᠦᠯ ᠵᠶ᠋ᠡᠷ ᠬᠥᠭᠵᠢᠬᠦ᠎ᠳᠤ ᠠᠷᠭ᠎ᠠ ᠤᠬᠠᠭ᠋ᠠᠨ ᠭᠠᠷᠭ᠋ᠠᠬᠤ ᠵᠢ ᠬᠦᠰᠡᠵᠦ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃
ᠵᠠᠩ ᠴᠢ ᠴᠧᠨ᠂ ᠶᠡᠷᠦᠩᠬᠡᠢ ᠥᠷᠲᠡᠭᠡ ᠵᠢᠨ ᠨᠠᠮ᠎ᠤᠨ ᠬᠣᠷᠢᠶ᠎ᠠ᠎ᠠᠴᠠ ᠲᠡᠭᠦᠨ᠎ᠳᠤ ᠨᠠᠷᠢᠨ ᠨᠢᠮᠪᠠᠢ ᠪᠡᠯᠡᠳᠬᠡᠭᠰᠡᠨ ᠠᠵᠢᠯ᠎ᠠᠴᠠ᠎ᠪᠠᠨ ᠠᠮᠠᠷᠠᠭᠰᠠᠳ᠎ᠢ ᠦᠳᠡᠨ ᠮᠣᠷᠳᠠᠭᠤᠯᠬᠤ ᠬᠤᠷᠠᠯ᠎ᠳᠤ ᠮᠠᠰᠢ ᠲᠠᠯᠠᠷᠬᠠᠵᠤ ᠪᠠᠢ᠌ᠨ᠎ᠠ᠂ ᠲᠡᠷᠡ ᠶᠡᠷᠦᠩᠬᠡᠢ ᠥᠷᠲᠡᠭᠡ ᠵᠢᠨ ᠨᠠᠮ᠎ᠤᠨ ᠬᠣᠷᠢᠶ᠎ᠠ᠎ᠳᠤ ᠲᠠᠯᠠᠷᠬᠠᠵᠤ ᠪᠠᠶ᠋ᠢᠬᠤ ᠰᠡᠳᠬᠢᠯᠭᠡ ᠪᠣᠯᠣᠨ ᠬᠠᠮᠲᠤ ᠠᠵᠢᠯᠯᠠᠭᠰᠠᠳ᠎ᠲᠠᠭᠠᠨ ᠰᠠᠯᠵᠤ ᠶᠠᠳᠠᠨ ᠪᠠᠶ᠋ᠢᠬᠤ ᠰᠡᠳᠬᠢᠯᠭᠡ᠎ᠪᠠᠨ ᠦᠨᠡᠨ ᠰᠡᠳᠬᠢᠯ᠎ᠠᠴᠠ᠎ᠪᠠᠨ ᠢᠯᠡᠳᠬᠡᠵᠡᠢ᠃ ᠲᠡᠷᠡᠴᠢᠯᠡᠨ ᠵᠣᠬᠢᠶᠠᠨ ᠪᠠᠢ᠌ᠭᠤᠯᠤᠯᠲᠠ ᠵᠢᠨ ᠤᠷᠢᠶᠠᠯᠠᠭ᠎ᠠ ᠵᠢ ᠴᠠᠭ ᠢᠮᠠᠭᠲᠠ ᠰᠣᠨᠣᠰᠴᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠢ ᠠᠬᠢᠭᠤᠯᠬᠤ᠎ᠳᠤ ᠦᠷᠭᠦᠯᠵᠢᠯᠡᠨ ᠦᠯᠡᠳᠡᠪᠦᠷᠢ ᠢᠯᠴᠢ᠎ᠪᠠᠨ ᠪᠠᠳᠠᠷᠠᠭᠤᠯᠵᠤ᠂ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠪᠡ᠃