ᠠᠮᠢ ᠠᠬᠤᠢ ᠣᠷᠴᠢᠨ ᠲᠣᠭᠣᠷᠢᠨ᠎ᠢ ᠤᠯᠠᠮ ᠴᠢᠨᠠᠭᠰᠢᠳᠠ ᠬᠠᠮᠠᠭ᠋ᠠᠯᠠᠨ ᠰᠠᠢ᠌ᠵᠢᠷᠠᠭᠤᠯᠵᠤ᠂ ᠠᠵᠢᠯ ᠲᠥᠷᠥᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠵᠤ᠂ ᠠᠮᠢ ᠠᠬᠤᠢ ᠵᠢᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠦᠬᠦ ᠬᠦᠴᠦᠨ ᠵᠶ᠋ᠠᠷ ᠪᠠᠲᠤ ᠴᠣᠭᠴᠠᠯᠠᠬᠤ ᠵᠢᠨ ᠲᠥᠯᠥᠭᠡ᠂ ᠲᠤᠰᠬᠠᠢ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ᠎ᠤᠨ ᠱᠠᠭ᠋ᠠᠷᠳᠠᠯᠭ᠎ᠠ ᠪᠠ ᠳᠡᠭᠡᠳᠦ ᠱᠠᠲᠤᠨ᠎ᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠶᠣᠰᠣᠭ᠋ᠠᠷ᠂ 2024 ᠣᠨ᠎ᠤ 7 ᠰᠠᠷ᠎ᠠ ᠵᠢᠨ 14᠎ᠤ ᠡᠳᠦᠷ᠎ᠠᠴᠠ 8 ᠰᠠᠷ᠎ᠠ ᠵᠢᠨ 2᠎ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ 2 ᠨᠡᠷᠡᠰ ᠲᠤᠬᠠᠢ᠌ᠯᠠᠭᠰᠠᠨ ᠠᠵᠢᠯ᠎ᠤᠨ ᠭᠣᠣᠯᠯᠠᠭᠴᠢ ᠬᠦᠴᠦᠨ᠎ᠢ ᠲᠣᠮᠢᠯᠠᠨ ᠬᠣᠶᠠᠳᠤᠭ᠋ᠠᠷ ᠠᠵᠢᠯᠯᠠᠬᠤ ᠳᠤᠭᠤᠢ᠌ᠯᠠᠩ᠎ᠳᠤ ᠣᠷᠣᠯᠴᠠᠭᠤᠯᠵᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠨ᠂ ᠪᠤᠭᠤᠲᠤ ᠬᠣᠲᠠ᠂ ᠤᠯᠠᠭ᠋ᠠᠨᠴᠠᠪ ᠬᠣᠲᠠ ᠵᠢᠴᠢ ᠦᠬᠠᠢ ᠬᠣᠲᠠ ᠵᠢ ᠱᠠᠯᠠᠪᠳᠠᠭᠤᠯᠤᠨ ᠪᠠᠢ᠌ᠴᠠᠭ᠋ᠠᠵᠤ ᠵᠢᠭ᠋ᠠᠨ ᠵᠢᠯᠤᠭᠣᠳᠴᠤ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠪᠠ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠪᠠ᠃
ᠱᠠᠯᠠᠪᠳᠠᠭᠤᠯᠤᠨ ᠪᠠᠢ᠌ᠴᠠᠭ᠋ᠠᠵᠤ ᠵᠢᠭ᠋ᠠᠨ ᠵᠢᠯᠤᠭᠣᠳᠬᠤ ᠬᠤᠭᠤᠴᠠᠭ᠋ᠠᠨ᠎ᠳᠤ᠂ ᠠᠵᠢᠯᠯᠠᠬᠤ ᠳᠤᠭᠤᠢ᠌ᠯᠠᠩ᠎ᠤᠨ᠎ᠬᠢᠨ ᠬᠠᠷᠢᠭᠤ ᠮᠡᠳᠡᠭᠦᠯᠦᠯᠲᠡ ᠵᠢ ᠰᠣᠨᠣᠰᠬᠤ᠂ ᠮᠠᠲ᠋ᠧᠷᠢᠶᠠᠯ ᠪᠠᠢ᠌ᠴᠠᠭ᠋ᠠᠨ ᠦᠵᠡᠬᠦ᠂ ᠶᠠᠷᠢᠯᠴᠠᠬᠤ᠂ ᠢᠯᠡ᠎ᠪᠠᠷ ᠪᠠᠢ᠌ᠴᠠᠭ᠋ᠠᠵᠤ ᠳᠠᠯᠳᠠᠭᠤᠷ ᠰᠤᠷᠪᠤᠯᠵᠢᠯᠠᠬᠤ ᠪᠠ ᠰᠠᠨᠠᠯ ᠵᠶ᠋ᠠᠨ ᠰᠣᠯᠢᠯᠴᠠᠬᠤ ᠵᠡᠷᠭᠡ ᠠᠷᠭ᠎ᠠ ᠬᠡᠯᠪᠡᠷᠢ᠎ᠪᠠᠷ ᠠᠵᠢᠯ ᠵᠶ᠋ᠠᠨ ᠥᠷᠨᠢᠭᠦᠯᠵᠦ᠂ ᠬᠠᠷᠢᠭᠤ ᠮᠡᠳᠡᠭᠦᠯᠦᠯᠲᠡ ᠵᠢ 5 ᠤᠳᠠᠭ᠎ᠠ ᠰᠣᠨᠣᠰᠴᠤ᠂ 4 ᠤᠳᠠᠭ᠎ᠠ ᠶᠠᠷᠢᠯᠴᠠᠵᠤ᠂ 50 ᠭᠠᠷᠤᠢ ᠬᠤᠪᠢ ᠮᠠᠲ᠋ᠧᠷᠢᠶᠠᠯ ᠪᠠᠢ᠌ᠴᠠᠭ᠋ᠠᠨ ᠦᠵᠡᠵᠦ᠂ ᠢᠯᠡ᠎ᠪᠠᠷ ᠪᠠᠢ᠌ᠴᠠᠭ᠋ᠠᠵᠤ ᠳᠠᠯᠳᠠᠭᠤᠷ ᠰᠤᠷᠪᠤᠯᠵᠢᠯᠠᠬᠤ᠎ᠪᠠᠷ 18 ᠭᠠᠵᠠᠷ᠎ᠲᠤ ᠬᠦᠷᠴᠦ᠂ ᠠᠰᠠᠭᠤᠳᠠᠯ᠎ᠢ ᠣᠯᠵᠤ ᠮᠡᠳᠡᠪᠡᠯ ᠪᠦᠬᠦᠨ᠎ᠢ ᠣᠷᠣᠨ ᠨᠤᠲᠤᠭ᠎ᠤᠨ᠎ᠬᠢᠨ᠎ᠳᠤ ᠬᠠᠷᠢᠭᠤ ᠲᠤᠰᠬᠠᠵᠤ ᠴᠡᠭᠴᠡᠯᠡᠨ ᠰᠠᠢ᠌ᠵᠢᠷᠠᠭᠤᠯᠪᠠ᠃
ᠲᠠᠷᠠᠭ᠋ᠠᠴᠢ ᠵᠢᠨ ᠠᠯᠬᠤᠮ᠎ᠳᠤ᠂ ᠰᠢᠭᠤᠳ ᠬᠠᠷᠢᠶ᠎ᠠ ᠠᠩᠭᠢ ᠵᠢᠨ᠎ᠬᠢᠨ ᠦᠷᠭᠦᠯᠵᠢᠯᠡᠨ ᠲᠤᠰᠬᠠᠢ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠲᠤᠰᠬᠠᠢ ᠠᠵᠢᠯᠯᠠᠭ᠎ᠠ ᠵᠢᠨ ᠱᠠᠯᠠᠪᠳᠠᠭᠤᠯᠤᠨ ᠪᠠᠢ᠌ᠴᠠᠭ᠋ᠠᠵᠤ ᠵᠢᠯᠤᠭᠣᠳᠬᠤ ᠠᠵᠢᠯ᠎ᠢ ᠥᠷᠨᠢᠭᠦᠯᠬᠦ᠎ᠳᠤ ᠢᠳᠡᠪᠬᠢᠲᠡᠢ ᠬᠠᠮᠵᠢᠯᠴᠠᠨ᠂ ᠠᠰᠠᠭᠤᠳᠠᠯ᠎ᠢ ᠭᠦᠨᠵᠡᠭᠡᠢ ᠡᠷᠢᠬᠦ ᠵᠢᠨ ᠬᠠᠮᠲᠤ ᠠᠶ᠋ᠢᠮᠠᠭ ᠬᠣᠲᠠ ᠵᠢ ᠬᠠᠪᠰᠤᠷᠤᠨ ᠨᠠᠷᠢᠯᠢᠭ ᠣᠨᠣᠴᠠᠲᠠᠢ᠎ᠪᠠᠷ ᠠᠵᠢᠯ ᠥᠷᠨᠢᠭᠦᠯᠵᠦ᠂ ᠲᠤᠰᠬᠠᠢ ᠠᠵᠢᠯᠯᠠᠭ᠎ᠠ ᠵᠢᠨ ᠪᠣᠳᠠᠲᠠᠢ ᠦᠷ᠎ᠡ ᠪᠦᠲᠦᠮᠵᠢ ᠣᠯᠬᠤ ᠵᠢ ᠠᠬᠢᠭᠤᠯᠬᠤ ᠵᠢᠨ ᠬᠠᠮᠲᠤ᠂ ᠨᠢᠭᠡᠳᠦᠭᠡᠷ ᠤᠳᠠᠭ᠋ᠠᠨ᠎ᠤ ᠱᠠᠯᠠᠪᠳᠠᠭᠤᠯᠤᠨ ᠵᠢᠯᠤᠭᠣᠳᠬᠤ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠪᠠᠶ᠋ᠢᠳᠠᠯ᠎ᠢ ᠮᠥᠷᠳᠡᠨ ᠱᠠᠯᠠᠪᠳᠠᠭᠤᠯᠵᠤ᠂ ᠠᠵᠢᠯ᠎ᠤᠨ ᠯᠠᠪᠳᠠᠭᠤᠨ ᠵᠶ᠋ᠠᠷ ᠠᠭᠢᠬᠤ ᠵᠢ ᠦᠨᠡᠨ ᠬᠦ᠌ ᠪᠠᠲᠤᠯᠠᠪᠠ᠃