ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠬᠢᠨᠠᠨ ᠪᠠᠶ᠋ᠢᠴᠠᠭᠠᠯᠲᠠ
ᠬᠡᠷᠡᠭ ᠵᠶ᠋ᠡᠷ ᠲᠣᠯᠢ ᠪᠣᠯᠭ᠋ᠠᠵᠤ ᠬᠡᠵᠢᠶᠡᠳᠡ ᠰᠡᠷᠡᠮᠵᠢ᠎ᠲᠠᠢ ᠪᠠᠢ᠌ᠶ᠎ᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ᠎ᠠᠴᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ᠎ᠤᠨ ᠭᠣᠣᠯ ᠰᠡᠳᠦᠪᠲᠦ ᠨᠠᠮ᠎ᠤᠨ ᠡᠳᠦᠷ᠎ᠢ ᠵᠣᠬᠢᠶᠠᠨ ᠪᠠᠢ᠌ᠭᠤᠯᠤᠨ ᠥᠷᠨᠢᠭᠦᠯᠪᠡ
ᠨᠡᠶ᠋ᠢᠲᠡᠯᠡᠭᠰᠡᠨ ᠴᠠᠭ᠄ 2024-09-14

      ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠬᠠᠷᠠᠯᠲᠠ ᠱᠠᠭ᠋ᠠᠷᠳᠠᠯᠭ᠎ᠠ ᠶᠣᠰᠣᠭ᠋ᠠᠷ᠂ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠪᠦᠬᠦ ᠨᠠᠮ᠎ᠤᠨ ᠭᠡᠰᠢᠭᠦᠨ ᠺᠠᠳ᠋ᠷᠴᠤᠳ᠎ᠤᠨ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠤᠬᠠᠮᠰᠠᠷ᠎ᠢ ᠦᠨᠡᠨᠬᠦ ᠴᠢᠩᠭ᠋ᠠᠳᠬᠠᠵᠤ᠂ ᠢᠯᠵᠢᠷᠡᠯ᠎ᠢ ᠡᠰᠡᠷᠭᠦᠴᠡᠵᠦ ᠴᠢᠨᠠᠷ ᠬᠤᠪᠢᠷᠠᠬᠤ ᠵᠢ ᠰᠡᠷᠭᠡᠢ᠌ᠯᠡᠬᠦ ᠦᠵᠡᠯ ᠰᠠᠨᠠᠭ᠋ᠠᠨ᠎ᠤ ᠰᠡᠷᠭᠡᠢ᠌ᠯᠡᠯᠲᠡ ᠵᠢᠨ ᠱᠤᠭᠤᠮ᠎ᠢ ᠪᠡᠬᠢᠵᠢᠭᠦᠯᠬᠦ ᠵᠢᠨ ᠲᠥᠯᠥᠭᠡ᠂ 2024 ᠣᠨ᠎ᠤ 8 ᠰᠠᠷ᠎ᠠ ᠵᠢᠨ 6᠎ᠤ ᠡᠳᠦᠷ᠂ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ᠎ᠠᠴᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ᠃
      ᠡᠩ ᠲᠡᠷᠢᠭᠦᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠤᠰᠬᠠᠢ ᠠᠩᠭᠢ ᠵᠢᠨ ᠱᠠᠭ᠋ᠠᠷᠳᠠᠯᠭ᠎ᠠ ᠶᠣᠰᠣᠭ᠋ᠠᠷ᠂ ᠠᠩᠭᠢ ᠵᠢᠨ ᠨᠠᠮ᠎ᠤᠨ ᠡᠭᠦᠷ᠎ᠤᠨ ᠱᠦᠵᠢ ᠢᠦᠢ ᠬᠠᠢ 《ᠰᠠᠬᠢᠯᠭ᠎ᠠ ᠪᠠᠲᠤ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠰᠠᠶ᠋ᠢᠲᠤᠷ ᠬᠡᠷᠡᠭᠯᠡᠬᠦ ᠲᠤᠬᠠᠢ ᠮᠡᠳᠡᠭᠳᠡᠯ》᠎ᠢ ᠤᠯᠠᠮᠵᠢᠯᠠᠵᠤ᠂ ᠰᠢᠭᠤᠳ ᠬᠠᠷᠢᠶ᠎ᠠ ᠠᠩᠭᠢ ᠵᠢᠨ ᠨᠥᠬᠥᠳ᠎ᠢ ᠬᠡᠷᠡᠭ ᠵᠶ᠋ᠡᠷ ᠲᠣᠯᠢ ᠪᠣᠯᠭ᠋ᠠᠵᠤ᠂ ᠰᠡᠷᠡᠮᠵᠢ ᠵᠢᠨ ᠳᠣᠬᠢᠶ᠎ᠠ ᠵᠢ ᠪᠠᠢ᠌ᠩᠭᠤ ᠳᠤᠤᠭ᠋ᠠᠷᠭ᠋ᠠᠬᠤ ᠬᠡᠷᠡᠭᠲᠡᠶ ᠭᠡᠵᠦ ᠱᠠᠭ᠋ᠠᠷᠳᠠᠪᠠ᠃ ᠳᠠᠷᠠᠭ᠎ᠠ᠎ᠳᠤᠨᠢ ᠪᠦᠬᠦ ᠨᠠᠮ᠎ᠤᠨ ᠭᠡᠰᠢᠭᠦᠨ ᠺᠠᠳ᠋ᠷᠴᠤᠳ ᠢᠯᠵᠠᠷᠠᠯ᠎ᠢ ᠡᠰᠡᠷᠭᠦᠴᠡᠬᠦ ᠰᠡᠳᠦᠪ᠎ᠲᠠᠢ ᠲᠤᠰᠬᠠᠢ ᠰᠡᠳᠦᠪᠲᠦ ᠹᠢᠯᠢᠮ 《ᠭᠡᠷ᠎ᠤᠨ ᠳᠠᠭᠤᠨ》 ᠪᠣᠯᠣᠨ 《ᠰᠢᠨ᠎ᠡ ᠮᠠᠶᠢᠭ᠎ᠤᠨ ᠢᠯᠵᠠᠷᠠᠯ ᠪᠠ ᠳᠠᠯᠳᠠ ᠢᠯᠵᠠᠷᠠᠯ᠎ᠤᠨ ᠨᠡᠢ᠌ᠲᠡᠯᠢᠭ ᠬᠡᠷᠡᠭ᠎ᠤᠨ ᠰᠡᠷᠡᠮᠵᠢ ᠵᠢᠨ ᠲᠡᠮᠳᠡᠭᠯᠡᠯ》᠎ᠢ ᠬᠠᠮᠲᠤ᠎ᠪᠠᠷ ᠦᠵᠡᠪᠡ᠃ ᠲᠤᠰᠬᠠᠢ ᠰᠡᠳᠦᠪᠲᠦ ᠹᠢᠯᠢᠮ᠎ᠳᠤ ᠤᠯᠠᠨ ᠬᠡᠷᠡᠭ᠎ᠤᠨ ᠵᠢᠱ᠌ᠢᠶ᠎ᠡ ᠵᠢ ᠰᠣᠩᠭᠣᠨ ᠠᠪᠴᠤ᠂ ᠬᠡᠷᠡᠭ᠎ᠤᠨ ᠵᠢᠱ᠌ᠢᠶ᠎ᠡ ᠵᠢ ᠪᠣᠳᠠᠲᠠᠢ᠎ᠪᠠᠷ ᠲᠡᠮᠳᠡᠭᠯᠡᠬᠦ᠂ ᠵᠠᠳᠠᠯᠤᠨ ᠰᠢᠨᠵᠢᠯᠡᠵᠦ ᠦᠨᠡᠯᠡᠬᠦ ᠠᠷᠭ᠎ᠠ᠎ᠪᠠᠷ ᠮᠠᠨ᠎ᠤ ᠨᠠᠮ᠎ᠤᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠢᠮᠠᠭᠲᠠ ᠪᠠᠷᠢᠮᠲᠠᠯᠠᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠵᠤ ᠢᠯᠵᠠᠷᠠᠯ᠎ᠢ ᠡᠰᠡᠷᠭᠦᠴᠡᠭᠰᠡᠨ ᠥᠯᠢᠭᠡᠷ᠎ᠢ ᠠᠮᠢᠳᠤᠯᠢᠭ ᠵᠶ᠋ᠠᠷ ᠶᠠᠷᠢᠵᠠᠢ᠃ ᠠᠮᠢᠳᠤ ᠴᠣᠪᠣᠭᠣᠯᠢᠭ ᠨᠡᠢ᠌ᠲᠡᠯᠢᠭ ᠬᠡᠷᠡᠭ᠎ᠤᠳ ᠵᠶ᠋ᠡᠷ ᠳᠠᠮᠵᠢᠭᠤᠯᠤᠨ᠂ ᠨᠠᠮ᠎ᠤᠨ ᠭᠡᠰᠢᠭᠦᠨ ᠺᠠᠳ᠋ᠷᠴᠤᠳ᠎ᠲᠤ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠎ᠤᠨ ᠭᠣᠣᠯ ᠵᠣᠷᠢᠯᠲᠠ ᠴᠢᠬᠤᠯᠠ ᠠᠭᠤᠯᠭ᠎ᠠ ᠵᠢ ᠭᠦᠨᠵᠡᠭᠡᠢ ᠣᠢ᠌ᠯᠠᠭ᠋ᠠᠭᠤᠯᠵᠤ᠂ ᠨᠠᠮ᠎ᠤᠨ ᠰᠠᠬᠢᠯᠭ᠎ᠠ ᠪᠠᠲᠤ ᠵᠢ ᠤᠬᠠᠮᠰᠠᠷ᠎ᠠᠴᠠ᠎ᠪᠠᠨ ᠰᠡᠳᠬᠢᠯ᠎ᠳᠡᠭᠡᠨ ᠬᠠᠳᠠᠩᠰᠢᠭᠤᠯᠵᠤ᠂ ᠦᠢ᠍ᠯᠡ ᠠᠵᠢᠯᠯᠠᠭ᠎ᠠ᠎ᠳᠠᠭᠠᠨ ᠬᠠᠳᠠᠩᠰᠢᠭᠤᠯᠪᠠ᠃
      ᠳᠠᠷᠠᠭ᠋ᠠᠴᠢ ᠵᠢᠨ ᠠᠯᠬᠤᠮ᠎ᠳᠤ᠂ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ᠎ᠤᠨ᠎ᠬᠢᠨ ᠰᠡᠷᠡᠮᠵᠢᠯᠡᠭᠦᠯᠬᠦ ᠬᠥᠮᠦᠵᠢᠯ᠎ᠤᠨ ᠡᠷᠴᠢᠮ ᠵᠶ᠋ᠡᠨ ᠴᠢᠩᠭ᠋ᠠᠷᠠᠭᠤᠯᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠬᠤ ᠵᠢ ᠦᠷᠭᠦᠯᠵᠢᠯᠡᠨ ᠪᠣᠳᠠᠲᠠᠢ ᠠᠳᠬᠤᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠠᠷᠢᠭᠤᠨ ᠴᠢᠬᠡᠴᠢ ᠵᠢᠨ ᠤᠬᠠᠮᠰᠠᠷ᠎ᠢ ᠲᠠᠰᠤᠷᠠᠯᠲᠠ ᠦᠭᠡᠢ ᠴᠢᠩᠭ᠋ᠠᠳᠬᠠᠵᠤ᠂ ᠠᠷᠢᠭᠤᠨ ᠴᠢᠬᠡᠴᠢ ᠵᠢᠨ ᠰᠠᠬᠢᠯᠭ᠎ᠠ ᠪᠠᠲᠤ ᠵᠢ ᠴᠢᠩᠭ᠎ᠠ ᠰᠠᠬᠢᠵᠤ᠂ ᠠᠷᠢᠭᠤᠨ ᠴᠢᠬᠡᠴᠢ ᠰᠣᠶᠣᠯ᠎ᠢ ᠡᠳᠦᠷ ᠲᠤᠲᠤᠮ᠎ᠤᠨ ᠠᠮᠢᠳᠤᠷᠠᠯ ᠪᠠ ᠦᠢ᠍ᠯᠡ ᠠᠵᠢᠯᠯᠠᠭ᠎ᠠ ᠵᠢᠨ ᠵᠢᠷᠤᠮᠵᠢᠯ᠎ᠳᠤ ᠠᠭᠤᠰᠬᠠᠵᠤ᠂ ᠢᠯᠵᠢᠷᠠᠬᠤ ᠵᠣᠷᠢᠭ ᠦᠭᠡᠢ᠂ ᠢᠯᠵᠢᠷᠡᠵᠦ ᠪᠣᠯᠬᠤ ᠦᠭᠡᠢ᠂ ᠢᠯᠵᠢᠷᠠᠬᠤ ᠵᠢ ᠪᠤᠳᠤᠬᠤ ᠦᠭᠡᠢ ᠪᠠᠶ᠋ᠢᠬᠤ ᠵᠢ ᠨᠢᠭᠡ ᠴᠣᠭᠴᠠᠵᠢᠭᠤᠯᠤᠨ ᠠᠬᠢᠭᠤᠯᠬᠤ ᠵᠢ ᠪᠠᠷᠢᠮᠲᠠᠯᠠᠵᠤ᠂ 《ᠬᠠᠳᠠᠭ᠋ᠠᠰᠤ ᠬᠠᠳᠠᠬᠤ》 ᠵᠣᠷᠢᠭ ᠰᠠᠨᠠᠭ᠎ᠠ᠎ᠪᠠᠷ ᠳᠥᠷᠪᠡᠨ ᠰᠤᠷᠲᠠᠯ᠎ᠢ ᠵᠠᠯᠠᠷᠠᠭᠤᠯᠵᠤ᠂ ᠰᠢᠨ᠎ᠡ ᠰᠤᠷᠲᠠᠯ᠎ᠢ ᠪᠤᠢ ᠪᠣᠯᠭ᠋ᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2024 ᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠪᠠᠢ᠌ᠴᠠᠭ᠋ᠠᠬᠤ ᠠᠵᠢᠯ ᠥᠷᠨᠢᠭᠦᠯᠪᠡ
ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ᠂ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠤᠨ ᠨᠠᠮ᠎ᠤᠨ ᠡᠭᠦᠷ 《ᠠᠴᠢ ᠵᠢ ᠰᠠᠨᠠᠵᠤ ᠡᠷᠡᠯᠬᠡᠭᠯᠡᠨ ᠴᠢᠷᠮᠠᠢ᠌ᠵᠤ ᠨᠠᠮ ᠵᠶ᠋ᠠᠨ ᠲᠠᠭ᠋ᠠᠵᠤ ᠤᠷᠤᠭᠰᠢᠯᠠᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ 《ᠨᠠᠮ᠎ᠤᠨ ᠡᠭᠦᠷ᠎ᠤᠨ ᠱᠦᠵᠢ ᠨᠠᠮ᠎ᠤᠨ ᠬᠢᠴᠢᠶᠡᠯ ᠣᠷᠣᠬᠤ》 ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ 《ᠡᠵᠢ ᠭᠣᠣᠯ᠎ᠲᠠᠢ ᠰᠡᠳᠬᠢᠯ ᠵᠶ᠋ᠡᠨ ᠬᠣᠯᠪᠣᠵᠤ ᠪᠣᠬᠢᠷᠲᠤᠯ ᠦᠭᠡᠢ ᠠᠮᠤᠷ ᠠᠮᠤᠭᠤᠯᠠᠩ᠎ᠢ ᠵᠢᠷᠤᠭᠯᠠᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠲᠤᠬᠠᠢ᠌ᠯᠠᠭᠰᠠᠨ ᠠᠵᠢᠯ᠎ᠤᠨ ᠴᠢᠳᠠᠪᠤᠷᠢ᠎ᠪᠠᠨ ᠳᠡᠭᠡᠭᠰᠢᠯᠡᠭᠦᠯᠵᠦ ᠡᠩᠨᠡᠭᠡ ᠵᠢᠨ ᠪᠠᠢ᠌ᠭᠤᠯᠤᠯᠲᠠ᠎ᠪᠠᠨ ᠴᠢᠩᠭ᠋ᠠᠳᠬᠠᠨ᠎ᠠ – ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ᠎ᠤᠨ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠠᠶ᠋ᠢᠷᠢ ᠵᠢᠨ ᠲᠤᠬᠠᠢ᠌ᠯᠠᠭᠰᠠᠨ ᠠᠵᠢᠯ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠬᠢᠯᠡᠪᠡ
 
             蒙ICP备05000248号