ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠬᠢᠨᠠᠨ ᠪᠠᠶ᠋ᠢᠴᠠᠭᠠᠯᠲᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2024 ᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠪᠠᠢ᠌ᠴᠠᠭ᠋ᠠᠬᠤ ᠠᠵᠢᠯ ᠥᠷᠨᠢᠭᠦᠯᠪᠡ
ᠨᠡᠶ᠋ᠢᠲᠡᠯᠡᠭᠰᠡᠨ ᠴᠠᠭ᠄ 2024-09-27

      ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠩᠨᠡᠭᠡᠨ᠎ᠤ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ ᠵᠢ ᠪᠠᠢ᠌ᠴᠠᠭ᠋ᠠᠬᠤ ᠡᠭᠦᠷᠭᠡ ᠴᠢᠳᠠᠪᠬᠢ ᠵᠢ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ ᠵᠢᠨ ᠶᠠᠰᠤ ᠴᠢᠨᠠᠷ ᠪᠠ ᠦᠷ᠎ᠡ ᠪᠦᠲᠦᠮᠵᠢ ᠵᠢ ᠳᠡᠬᠡᠭᠰᠢᠯᠡᠬᠦᠯᠬᠦ ᠵᠢᠨ ᠲᠥᠯᠥᠭᠡ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠣᠯᠪᠣᠭᠳᠠᠯ ᠪᠦᠬᠦᠢ ᠱᠠᠭ᠋ᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠠᠵᠢᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ᠎ᠠᠴᠠ ᠡᠯ᠎ᠡ ᠠᠶ᠋ᠢᠮᠠᠭ ᠬᠣᠲᠠ ᠵᠢᠨ ᠬᠠᠤᠯᠢ ᠬᠡᠷᠡᠭᠵᠢᠭᠦᠯᠵᠦ ᠮᠥᠷᠳᠡᠨ ᠪᠠᠢ᠌ᠴᠠᠭ᠋ᠠᠬᠤ ᠲᠤᠬᠠᠢ᠌ᠯᠠᠭᠰᠠᠨ ᠠᠵᠢᠯ᠎ᠤᠨ ᠭᠣᠣᠯᠯᠠᠭᠴᠢ ᠬᠦᠴᠦᠨ᠎ᠢ ᠲᠠᠲᠠᠵᠤ ᠪᠠᠢ᠌ᠴᠠᠭ᠋ᠠᠬᠤ ᠳᠤᠭᠤᠢ᠌ᠯᠠᠩ ᠪᠦᠷᠢᠯᠳᠦᠭᠦᠯᠵᠦ᠂ ᠰᠣᠯᠪᠢᠴᠠᠨ ᠬᠠᠷᠢᠯᠴᠠᠨ ᠪᠠᠢ᠌ᠴᠠᠭ᠋ᠠᠬᠤ ᠠᠷᠭ᠎ᠠ ᠮᠠᠶᠢᠭ ᠵᠶ᠋ᠠᠷ ᠲᠦᠩᠯᠢᠶᠣᠣ ᠬᠣᠲᠠ᠂ ᠤᠯᠠᠭ᠋ᠠᠨᠴᠠᠪ ᠬᠣᠲᠠ᠂ ᠪᠠᠶᠠᠨᠨᠠᠭᠤᠷ ᠬᠣᠲᠠ᠂ ᠦᠬᠠᠢ ᠬᠣᠲᠠ ᠵᠢᠴᠢ 8 ᠲᠣᠮᠢᠯᠠᠭᠰᠠᠨ ᠪᠠᠢ᠌ᠭᠤᠯᠤᠮᠵᠢ ᠵᠢᠨ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ ᠵᠢ ᠪᠠᠢ᠌ᠴᠠᠭ᠋ᠠᠬᠤ ᠠᠵᠢᠯ ᠥᠷᠨᠢᠭᠦᠯᠪᠡ᠃
      ᠲᠤᠰ ᠤᠳᠠᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ᠎ᠳᠤ ᠡᠳᠦᠷ ᠲᠤᠲᠤᠮ᠎ᠤᠨ ᠪᠠᠢ᠌ᠴᠠᠭ᠋ᠠᠯᠲᠠ ᠪᠠ ᠲᠤᠰᠬᠠᠢ ᠲᠥᠷᠥᠯ᠎ᠤᠨ ᠪᠠᠢ᠌ᠴᠠᠭ᠋ᠠᠯᠲᠠ ᠵᠢ ᠤᠶᠠᠯᠳᠤᠭᠤᠯᠬᠤ ᠬᠡᠯᠪᠡᠷᠢ ᠵᠢ ᠠᠪᠴᠤ᠂ 2022 ᠣᠨ ᠎ᠠᠴᠠ ᠨᠠᠭ᠋ᠠᠰᠢᠬᠢ ᠡᠯ᠎ᠡ ᠠᠶ᠋ᠢᠮᠠᠭ ᠬᠣᠲᠠ ᠵᠢᠨ ᠲᠤᠬᠠᠢ ᠵᠢᠨ ᠲᠠᠯᠠᠪᠤᠷ᠎ᠤᠨ ᠬᠠᠤᠯᠢ ᠬᠡᠷᠡᠭᠵᠢᠭᠦᠯᠦᠯᠲᠡ ᠵᠢᠨ ᠵᠢᠷᠤᠮᠵᠢᠯᠳᠤ ᠴᠢᠨᠠᠷ᠂ ᠬᠠᠤᠯᠢ ᠬᠡᠷᠡᠭᠵᠢᠭᠦᠯᠦᠯᠲᠡ ᠵᠢᠨ ᠬᠡᠷᠡᠭ᠎ᠤᠨ ᠡᠪᠬᠡᠮᠡᠯ᠎ᠤᠨ ᠶᠠᠰᠤ ᠴᠢᠨᠠᠷ᠂ ᠨᠡᠭᠦᠳᠡᠯ ᠬᠠᠤᠯᠢ ᠬᠡᠷᠡᠭᠵᠢᠭᠦᠯᠦᠯᠲᠡ ᠵᠢᠨ ᠰᠢᠰᠲ᠋ᠧᠮ᠎ᠤᠨ ᠪᠠᠢ᠌ᠭᠤᠯᠤᠯᠲᠠ ᠬᠡᠷᠡᠭᠯᠡᠯᠲᠡ᠂ ᠬᠠᠤᠯᠢ ᠬᠡᠷᠡᠭᠵᠢᠭᠦᠯᠦᠯᠲᠡ ᠵᠢᠨ ᠢᠯᠡ ᠨᠡᠢ᠌ᠲᠡᠯᠡᠬᠦ ᠳᠦᠷᠢᠮ ᠪᠠ ᠬᠠᠤᠯᠢ ᠬᠡᠷᠡᠭᠵᠢᠭᠦᠯᠦᠯᠲᠡ ᠵᠢᠨ ᠪᠥᠬᠥ ᠶᠠᠪᠤᠴᠠ ᠵᠢ ᠲᠡᠮᠳᠡᠭᠯᠡᠬᠦ ᠳᠦᠷᠢᠮ᠎ᠢ ᠬᠡᠷᠡᠭᠵᠢᠭᠦᠯᠦᠭᠰᠡᠨ ᠪᠠᠶ᠋ᠢᠳᠠᠯ ᠵᠢᠴᠢ ᠬᠠᠤᠯᠢ ᠬᠡᠷᠡᠭᠵᠢᠭᠦᠯᠦᠯᠲᠡ ᠵᠢᠨ ᠬᠤᠪᠴᠠᠰᠤᠯᠠᠯ᠎ᠤᠨ ᠵᠢᠷᠤᠮᠵᠢᠯ ᠵᠡᠷᠭᠡ ᠠᠭᠤᠯᠭ᠎ᠠ᠎ᠳᠤ ᠡᠳᠦᠷ ᠲᠤᠲᠤᠮ᠎ᠤᠨ ᠬᠢᠨᠠᠨ ᠪᠠᠢ᠌ᠴᠠᠭ᠋ᠠᠯᠲᠠ ᠥᠷᠨᠢᠭᠦᠯᠵᠦ᠂ ᠵᠠᠭ᠋ᠠᠯᠳᠤᠵᠤ ᠢᠯᠡᠴᠢᠯᠡᠨ ᠮᠡᠳᠡᠭᠦᠯᠦᠭᠰᠡᠨ ᠵᠢᠴᠢ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠤᠨ ᠬᠡᠷᠡᠭ᠎ᠢ ᠭᠦᠢ᠍ᠴᠡᠳᠬᠡᠭᠰᠡᠨ ᠪᠠᠶ᠋ᠢᠳᠠᠯ᠎ᠳᠤ ᠲᠤᠰᠬᠠᠢ ᠬᠢᠨᠠᠨ ᠪᠠᠢ᠌ᠴᠠᠭ᠋ᠠᠯᠲᠠ ᠥᠷᠨᠢᠭᠦᠯᠪᠡ᠃ ᠡᠯ᠎ᠡ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠪᠢᠴᠢᠭ ᠮᠠᠲ᠋ᠧᠷᠢᠶᠠᠯ᠎ᠤᠨ ᠲᠠᠩᠰᠠ ᠡᠪᠬᠡᠮᠡᠯ᠎ᠢ ᠪᠠᠢ᠌ᠴᠠᠭ᠋ᠠᠨ ᠦᠵᠡᠬᠦ᠂ ᠬᠠᠤᠯᠢ ᠬᠡᠷᠡᠭᠵᠢᠭᠦᠯᠬᠦ ᠬᠡᠷᠡᠭ᠎ᠤᠨ ᠡᠪᠬᠡᠮᠡᠯ᠎ᠢ ᠰᠢᠯᠵᠢᠭᠦᠯᠦᠨ ᠠᠪᠬᠤ᠂ ᠰᠠᠯᠠᠭ᠎ᠠ ᠮᠥᠴᠢᠷ᠎ᠤᠨ ᠬᠠᠮᠵᠢᠯᠴᠠᠨ ᠬᠠᠮᠢᠶᠠᠷᠬᠤ ᠲᠠᠪᠴᠠᠩ ᠪᠠ ᠠᠮᠢ ᠠᠬᠤᠢ ᠣᠷᠴᠢᠨ ᠲᠣᠭᠣᠷᠢᠨ᠎ᠤ ᠣᠶᠤᠨᠴᠢ ᠬᠠᠤᠯᠢ ᠬᠡᠷᠡᠭᠵᠢᠭᠦᠯᠬᠦ ᠰᠢᠰᠲ᠋ᠧᠮ᠎ᠤᠨ ᠮᠡᠳᠡᠭᠡ ᠵᠠᠩᠭᠢ ᠵᠢ ᠬᠠᠷᠢᠴᠠᠭᠤᠯᠬᠤ ᠵᠡᠷᠭᠡ ᠠᠷᠭ᠎ᠠ ᠮᠠᠶᠢᠭ ᠵᠶ᠋ᠠᠷ ᠳᠡᠮᠵᠢᠨ᠂ ᠪᠠᠢ᠌ᠴᠠᠭ᠋ᠠᠭᠳᠠᠵᠤ ᠪᠠᠢ᠌ᠭ᠎ᠠ ᠠᠶ᠋ᠢᠮᠠᠭ ᠬᠣᠲᠠ ᠵᠢᠴᠢ 8 ᠲᠣᠮᠢᠯᠠᠭᠰᠠᠨ ᠪᠠᠢ᠌ᠭᠤᠯᠤᠮᠵᠢ ᠵᠢᠨ ᠬᠠᠤᠯᠢ ᠬᠡᠷᠡᠭᠵᠢᠭᠦᠯᠬᠦ ᠠᠵᠢᠯ᠎ᠳᠤ ᠪᠥᠬᠥ ᠲᠠᠯ᠎ᠠ ᠵᠢᠨ ᠪᠠᠢ᠌ᠴᠠᠭ᠋ᠠᠯᠲᠠ ᠬᠢᠪᠡ᠃ ᠪᠠᠢ᠌ᠴᠠᠭ᠋ᠠᠬᠤ ᠳᠤᠭᠤᠢ᠌ᠯᠠᠩ᠎ᠨᠢ ᠬᠠᠤᠯᠢ ᠬᠡᠷᠡᠭᠵᠢᠭᠦᠯᠬᠦ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠪᠠᠭᠤᠷᠠᠢ ᠭᠣᠭᠴᠣᠭ᠎ᠠ ᠪᠠ ᠠᠰᠠᠭᠤᠳᠠᠯ᠎ᠤᠨ ᠲᠤᠬᠠᠢ ᠪᠠᠢ᠌ᠴᠠᠭ᠋ᠠᠭᠳᠠᠵᠤ ᠪᠠᠢ᠌ᠭ᠎ᠠ ᠨᠢᠭᠡᠴᠢ ᠵᠢᠨ ᠬᠠᠮᠢᠶ᠎ᠠ ᠪᠦᠬᠦᠢ ᠬᠥᠮᠥᠰ᠎ᠲᠠᠢ ᠭᠦᠢ᠍ᠴᠡᠳ ᠰᠠᠨᠠᠯ ᠵᠶ᠋ᠠᠨ ᠰᠣᠯᠢᠯᠴᠠᠵᠤ᠂ ᠵᠢᠯᠤᠭᠣᠳᠬᠤ ᠴᠢᠨᠠᠷᠲᠠᠢ ᠰᠠᠨᠠᠯ ᠳᠤᠷᠠᠳᠬᠤ ᠵᠢᠨ ᠬᠠᠮᠲᠤ ᠵᠢᠷᠤᠮᠵᠢᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢᠨ ᠲᠡᠮᠳᠡᠭᠯᠡᠯ ᠵᠣᠬᠢᠶᠠᠪᠠ᠃
      ᠳᠠᠷᠠᠭ᠋ᠠᠴᠢ ᠵᠢᠨ ᠠᠯᠬᠤᠮ᠎ᠳᠤ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠡᠯ᠎ᠡ ᠠᠶ᠋ᠢᠮᠠᠭ ᠬᠣᠲᠠ ᠵᠢᠨ ᠪᠠᠢ᠌ᠴᠠᠭ᠋ᠠᠵᠤ ᠢᠯᠡᠷᠡᠭᠦᠯᠦᠭᠰᠡᠨ ᠠᠰᠠᠭᠤᠳᠠᠯ᠎ᠢ ᠦᠨᠳᠦᠰᠦᠯᠡᠨ ᠪᠠᠢ᠌ᠴᠠᠭ᠋ᠠᠭᠰᠠᠨ ᠰᠠᠨᠠᠯ᠎ᠤᠨ ᠪᠢᠴᠢᠭ ᠭᠠᠷᠭ᠋ᠠᠵᠤ᠂ ᠡᠭᠦᠨ᠎ᠤ ᠬᠠᠮᠲᠤ ᠡᠯ᠎ᠡ ᠠᠶ᠋ᠢᠮᠠᠭ ᠬᠤᠳᠠ ᠵᠢ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠴᠡᠭᠴᠡᠯᠡᠨ ᠰᠠᠢ᠌ᠵᠢᠷᠠᠭᠤᠯᠬᠤ ᠠᠵᠢᠯ᠎ᠢ ᠰᠠᠶ᠋ᠢᠲᠤᠷ ᠬᠢᠵᠦ᠂ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠴᠢᠨᠠᠭᠰᠢᠳᠠ ᠵᠢᠷᠤᠮᠵᠢᠭᠤᠯᠵᠤ᠂ ᠴᠢᠩᠭ᠎ᠠ᠂ ᠵᠢᠷᠤᠮᠵᠢᠯ᠎ᠲᠠᠢ᠂ ᠲᠥᠪ ᠭᠣᠣᠯᠴᠢ᠂ ᠪᠣᠯᠪᠠᠰᠤᠨ᠂ ᠠᠷᠢᠭᠤᠨ ᠴᠢᠬᠡᠴᠢ᠎ᠪᠠᠷ ᠬᠠᠤᠯᠢ ᠬᠡᠷᠡᠭᠵᠢᠭᠦᠯᠬᠦ ᠵᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠤᠨ ᠭᠣᠣᠯ ᠬᠦᠴᠦᠨ᠎ᠢ ᠦᠷᠭᠦᠯᠵᠢᠯᠡᠨ ᠪᠠᠢ᠌ᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ᠂ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠤᠨ ᠨᠠᠮ᠎ᠤᠨ ᠡᠭᠦᠷ 《ᠠᠴᠢ ᠵᠢ ᠰᠠᠨᠠᠵᠤ ᠡᠷᠡᠯᠬᠡᠭᠯᠡᠨ ᠴᠢᠷᠮᠠᠢ᠌ᠵᠤ ᠨᠠᠮ ᠵᠶ᠋ᠠᠨ ᠲᠠᠭ᠋ᠠᠵᠤ ᠤᠷᠤᠭᠰᠢᠯᠠᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ 《ᠨᠠᠮ᠎ᠤᠨ ᠡᠭᠦᠷ᠎ᠤᠨ ᠱᠦᠵᠢ ᠨᠠᠮ᠎ᠤᠨ ᠬᠢᠴᠢᠶᠡᠯ ᠣᠷᠣᠬᠤ》 ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ 《ᠡᠵᠢ ᠭᠣᠣᠯ᠎ᠲᠠᠢ ᠰᠡᠳᠬᠢᠯ ᠵᠶ᠋ᠡᠨ ᠬᠣᠯᠪᠣᠵᠤ ᠪᠣᠬᠢᠷᠲᠤᠯ ᠦᠭᠡᠢ ᠠᠮᠤᠷ ᠠᠮᠤᠭᠤᠯᠠᠩ᠎ᠢ ᠵᠢᠷᠤᠭᠯᠠᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠲᠤᠬᠠᠢ᠌ᠯᠠᠭᠰᠠᠨ ᠠᠵᠢᠯ᠎ᠤᠨ ᠴᠢᠳᠠᠪᠤᠷᠢ᠎ᠪᠠᠨ ᠳᠡᠭᠡᠭᠰᠢᠯᠡᠭᠦᠯᠵᠦ ᠡᠩᠨᠡᠭᠡ ᠵᠢᠨ ᠪᠠᠢ᠌ᠭᠤᠯᠤᠯᠲᠠ᠎ᠪᠠᠨ ᠴᠢᠩᠭ᠋ᠠᠳᠬᠠᠨ᠎ᠠ – ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ᠎ᠤᠨ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠠᠶ᠋ᠢᠷᠢ ᠵᠢᠨ ᠲᠤᠬᠠᠢ᠌ᠯᠠᠭᠰᠠᠨ ᠠᠵᠢᠯ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ 2024 ᠣᠨ᠎ᠤ ᠨᠠᠮ᠎ᠤᠨ ᠡᠭᠦᠷ᠎ᠤᠨ ᠱᠦᠵᠢ ᠵᠢᠨ ᠨᠠᠮ᠎ᠤᠨ ᠪᠠᠢ᠌ᠭᠤᠯᠤᠯᠲᠠ ᠵᠢ ᠠᠳᠬᠤᠭᠰᠠᠨ ᠲᠤᠰᠢᠶᠠᠯ᠎ᠤᠨ ᠮᠡᠳᠡᠭᠦᠯᠦᠯᠲᠡ ᠵᠢ ᠦᠨᠡᠯᠡᠬᠦ ᠬᠤᠷᠠᠯ ᠬᠤᠷᠠᠯᠳᠤᠭᠤᠯᠪᠠ
 
             蒙ICP备05000248号