ᠣᠢ᠌ᠷ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠪᠥᠬᠥ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠂ ᠵᠠᠯᠠᠭᠤᠴᠤᠳ᠎ᠤᠨ ᠡᠪᠯᠡᠯ᠎ᠤᠨ ᠲᠥᠪ ᠬᠣᠷᠢᠶ᠎ᠠ᠂ ᠪᠥᠬᠥ ᠤᠯᠤᠰ᠎ᠤᠨ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠬᠠᠮᠲᠤᠷᠠᠨ 《ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠤᠰᠬᠠᠢ ᠮᠡᠷᠭᠡᠵᠢᠯ᠎ᠤᠨ ᠠᠵᠢᠯᠲᠠᠨ᠎ᠤ ᠶᠡᠬᠡ ᠮᠥᠷᠥᠢ᠌ᠴᠡᠭᠡᠨ᠎ᠳᠤ ᠱᠠᠩᠨᠠᠯ ᠭᠥᠷᠳᠡᠭᠰᠡᠨ ᠬᠠᠮᠲᠤ ᠨᠠᠢ᠌ᠳᠠ ᠪᠠ ᠬᠤᠪᠢ ᠬᠥᠮᠥᠨ᠎ᠤ ᠲᠤᠬᠠᠢ ᠵᠠᠷᠯᠠᠯ》᠎ᠢ ᠳᠠᠷᠤᠮᠠᠯᠯᠠᠨ ᠲᠠᠷᠬᠠᠭ᠋ᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭᠴᠢᠳ᠎ᠤᠨ ᠠᠩᠭᠢ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ᠌ᠯᠡᠭᠰᠡᠨ ᠮᠥᠷᠥᠢ᠌ᠴᠡᠭᠡᠨ᠎ᠳᠤ ᠪᠦᠯᠬᠦᠮ᠎ᠤᠨ ᠭᠤᠷᠪᠠᠳᠤᠭ᠋ᠠᠷ ᠳᠡᠰ᠎ᠤᠨ ᠱᠠᠩᠨᠠᠯ ᠬᠦᠷᠲᠡᠪᠡ; ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ 3 ᠤᠷᠤᠯᠳᠤᠭᠴᠢ ᠬᠤᠪᠢ ᠬᠥᠮᠥᠨ᠎ᠤ ᠱᠠᠩᠨᠠᠯ ᠭᠥᠷᠳᠡᠪᠡ᠂ ᠡᠭᠦᠨ᠎ᠳᠤ᠂ ᠣᠷᠳᠣᠰ᠎ᠤᠨ ᠬᠤᠪᠢᠶᠠᠷᠢ ᠥᠷᠲᠡᠭᠡ ᠵᠢᠨ ᠯᠢᠦ ᠰᠢᠤᠸᠠᠢ ᠯᠦ᠍ ᠪᠠᠴᠢᠮ ᠪᠠᠶ᠋ᠢᠳᠠᠯ᠎ᠢ ᠠᠷᠭ᠋ᠠᠴᠠᠬᠤ ᠬᠢᠨᠠᠨ ᠬᠡᠮᠵᠢᠬᠦ ᠳᠤᠭᠤᠢ᠌ᠯᠠᠩ᠎ᠤᠨ ᠬᠣᠶᠠᠳᠤᠭ᠋ᠠᠷ ᠳᠡᠰ᠎ᠤᠨ ᠱᠠᠩᠨᠠᠯ᠂ ᠲᠣᠰ ᠱᠠᠲᠤᠨ᠎ᠤ ᠸᠠᠩ ᠰᠢᠶᠠᠩ ᠹᠧᠢ ᠲᠤᠷᠰᠢᠯᠲᠠ ᠵᠢᠨ ᠵᠠᠳᠠᠯᠤᠯᠲᠠ ᠵᠢᠨ ᠳᠤᠭᠤᠢ᠌ᠯᠠᠩ᠎ᠤᠨ ᠭᠤᠷᠪᠠᠳᠤᠭ᠋ᠠᠷ ᠳᠡᠰ᠎ᠤᠨ ᠱᠠᠩᠨᠠᠯ᠂ ᠦᠬᠠᠢ ᠵᠢᠨ ᠬᠤᠪᠢᠶᠠᠷᠢ ᠥᠷᠲᠡᠭᠡ ᠵᠢᠨ ᠱᠠᠩ ᠴᠦᠨ ᠯᠢᠨ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠤᠨ ᠠᠦ᠋ᠲ᠋ᠣ᠋ ᠬᠢᠨᠠᠨ ᠬᠡᠮᠵᠢᠬᠦ ᠳᠤᠭᠤᠢ᠌ᠯᠠᠩ᠎ᠤᠨ ᠭᠤᠷᠪᠠᠳᠤᠭ᠋ᠠᠷ ᠳᠡᠰ᠎ᠤᠨ ᠱᠠᠩᠨᠠᠯ ᠭᠥᠷᠳᠡᠪᠡ᠃
ᠲᠤᠰ ᠤᠳᠠᠭ᠎ᠠ ᠵᠢᠨ ᠮᠥᠷᠥᠢ᠌ᠴᠡᠭᠡᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ 《ᠰᠢᠨ᠎ᠡ ᠵᠠᠮ᠎ᠢ ᠨᠡᠭᠡᠭᠡᠵᠦ᠂ ᠳᠤᠮᠳᠠ ᠲᠦᠪᠰᠢᠨ᠎ᠳᠤ ᠣᠷᠣᠬᠤ》 ᠬᠠᠷᠠᠯᠲᠠ ᠵᠢ ᠪᠡᠶᠡᠯᠡᠭᠦᠯᠵᠦ᠂ ᠵᠡᠭᠦᠨ ᠬᠣᠢ᠌ᠲᠤ ᠣᠷᠣᠨ᠂ ᠪᠠᠷᠠᠭᠤᠨ ᠬᠣᠢ᠌ᠲᠤ ᠣᠷᠣᠨ᠎ᠳᠤ ᠲᠣᠪᠣᠢ᠌ᠮ᠎ᠠ ᠠᠮᠵᠢᠯᠲᠠ ᠣᠯᠵᠤ᠂ ᠠᠷᠪᠠᠨ ᠳᠣᠯᠣᠳᠤᠭ᠋ᠠᠷ᠎ᠲᠤ ᠵᠢᠭᠰᠠᠭ᠋ᠠᠭᠳᠠᠪᠠ᠃ ᠣᠢ᠌ᠷ᠎ᠠ ᠵᠢᠨ ᠵᠢᠯ᠎ᠤᠳ᠎ᠲᠤ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠶᠠᠰᠤ ᠴᠢᠨᠠᠷ᠎ᠤᠨ ᠳᠡᠭᠡᠭᠰᠢᠯᠡᠯᠲᠡ ᠵᠢ ᠡᠯ᠎ᠡ ᠵᠦᠢ᠍ᠯ᠎ᠤᠨ ᠠᠵᠢᠯ᠎ᠤᠨ ᠳᠤᠮᠳᠠ᠎ᠪᠠᠨ ᠢᠮᠠᠭᠲᠠ ᠲᠤᠭᠤᠰᠢᠯᠠᠭᠤᠯᠵᠤ᠂ ᠲᠤᠰᠬᠠᠢ ᠮᠡᠷᠭᠡᠵᠢᠯ᠎ᠤᠨ ᠰᠠᠭᠤᠷᠢ ᠵᠢ ᠪᠠᠲᠤᠳᠬᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠢᠨᠠᠨ ᠬᠡᠮᠵᠢᠬᠦ ᠤᠷ᠎ᠠ ᠴᠢᠳᠠᠪᠤᠷᠢ ᠵᠢ ᠳᠡᠭᠡᠭᠰᠢᠯᠡᠭᠦᠯᠵᠦ᠂ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠭᠦᠨᠵᠡᠭᠡᠢ ᠠᠭᠤᠳᠠᠯᠬᠤ᠂ ᠶᠡᠷᠦᠩᠬᠡᠢ᠌ᠯᠡᠨ ᠵᠠᠳᠠᠯᠬᠤ ᠪᠠ ᠰᠢᠨ᠎ᠡ ᠵᠢ ᠡᠭᠦᠳᠦᠨ ᠬᠡᠷᠡᠭᠯᠡᠬᠦ ᠵᠢ ᠴᠢᠩᠭ᠋ᠠᠳᠬᠠᠵᠤ᠂ ᠦᠢ᠍ᠯᠡᠴᠢᠯᠡᠭᠡᠨ᠎ᠤ ᠦᠢ᠍ᠯᠡᠳᠦᠯ ᠴᠢᠳᠠᠪᠤᠷᠢ ᠪᠠ ᠠᠵᠢᠯ᠎ᠤᠨ ᠲᠦᠪᠰᠢᠨ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠢ ᠣᠨᠣᠪᠴᠢᠲᠠᠢ ᠬᠠᠮᠢᠶᠠᠷᠬᠤ᠂ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠥᠨᠳᠥᠷ ᠪᠦᠲᠦᠮᠵᠢᠲᠡᠢ ᠦᠢ᠍ᠯᠡᠴᠢᠯᠡᠭᠡ ᠦᠵᠡᠭᠦᠯᠬᠦ᠎ᠳᠤ ᠮᠡᠷᠭᠡᠵᠢᠯ᠎ᠤᠨ ᠲᠤᠯᠭ᠋ᠠᠭᠤᠷᠢᠯᠠᠬᠤ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠠᠢ᠃
ᠳᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢ ᠥᠷᠲᠡᠭᠡ ᠮᠡᠷᠭᠡᠵᠢᠯ ᠴᠢᠳᠠᠪᠤᠷᠢ᠎ᠪᠠᠨ ᠤᠯᠠᠮ ᠴᠢᠨᠠᠭᠰᠢᠳᠠ ᠳᠠᠪᠲᠠᠨ ᠪᠣᠯᠪᠠᠰᠤᠷᠠᠭᠤᠯᠵᠤ᠂ ᠰᠢᠯᠢᠳᠡᠭ ᠪᠣᠯᠬᠤ᠎ᠪᠠᠷ ᠴᠢᠷᠮᠠᠢ᠌ᠵᠤ ᠲᠡᠷᠢᠭᠦᠨ᠎ᠤ᠎ᠬᠢ ᠵᠢ ᠡᠭᠦᠳᠴᠦ᠂ ᠨᠡᠩ ᠥᠨᠳᠥᠷ ᠪᠠᠷᠢᠮᠵᠢᠶ᠎ᠠ᠂ ᠨᠡᠩ ᠬᠠᠲᠠᠭᠤ ᠰᠤᠷᠲᠠᠯ᠂ ᠨᠡᠩ ᠴᠢᠩᠭ᠎ᠠ ᠴᠢᠳᠠᠪᠤᠷᠢ᠎ᠪᠠᠷ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ 《ᠦᠨᠡᠨ᠂ ᠣᠨᠣᠪᠴᠢᠲᠠᠢ᠂ ᠪᠦᠷᠢᠨ᠂ ᠲᠦᠷᠭᠡᠨ᠂ ᠰᠢᠨ᠎ᠡ》 ᠵᠢ ᠪᠠᠲᠤᠯᠠᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭ᠋ᠠᠵᠤ ᠭᠠᠷᠭ᠋ᠠᠪᠠ᠃