ᠨᠠᠮ᠎ᠤᠨ ᠭᠡᠰᠢᠭᠦᠨ᠎ᠤ ᠵᠢᠱ᠌ᠢᠶᠡᠴᠢ ᠳᠠᠭ᠋ᠠᠭᠤᠯᠬᠤ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ 《ᠪᠢ ᠤᠯᠠᠨ ᠲᠦᠮᠡᠨ᠎ᠳᠤ ᠪᠣᠳᠠᠲᠠᠢ ᠠᠵᠢᠯ ᠬᠢᠵᠦ ᠥᠭᠬᠦ》 ᠠᠵᠢᠯᠯᠠᠭ᠎ᠠ ᠵᠢ ᠰᠠᠶ᠋ᠢᠲᠤᠷ ᠨᠠᠢ᠌ᠳᠠᠪᠤᠷᠢᠵᠢᠭᠤᠯᠬᠤ ᠵᠢᠨ ᠲᠥᠯᠥᠭᠡ᠂ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ᠎ᠤᠨ ᠨᠠᠮ᠎ᠤᠨ ᠵᠣᠬᠢᠶᠠᠨ ᠪᠠᠢ᠌ᠭᠤᠯᠤᠯᠲᠠ ᠪᠠ ᠠᠵᠢᠯ᠎ᠳᠤ ᠪᠠᠢ᠌ᠭ᠎ᠠ ᠨᠠᠮ᠎ᠤᠨ ᠭᠡᠰᠢᠭᠦᠨ᠎ᠤ 《ᠬᠣᠶᠠᠷ᠎ᠢ ᠨᠡᠷ᠎ᠡ ᠮᠡᠳᠡᠭᠦᠯᠬᠦ》 ᠠᠵᠢᠯᠯᠠᠭ᠎ᠠ ᠵᠢ ᠦᠷᠭᠦᠯᠵᠢᠯᠡᠨ ᠥᠷᠨᠢᠭᠦᠯᠬᠦ ᠲᠤᠬᠠᠢ ᠬᠠᠮᠢᠶ᠎ᠠ ᠪᠦᠬᠦᠢ ᠪᠠᠢ᠌ᠷᠢᠯᠠᠭᠤᠯᠤᠯᠲᠠ ᠶᠣᠰᠣᠭ᠋ᠠᠷ᠂ 12 ᠰᠠᠷ᠎ᠠ ᠵᠢᠨ 13᠎ᠤ ᠡᠳᠦᠷ᠂ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ᠎ᠤᠨ ᠪᠥᠬᠥ ᠨᠠᠮ᠎ᠤᠨ ᠭᠡᠰᠢᠭᠦᠨ ᠪᠠ ᠬᠡᠰᠡᠭ ᠠᠵᠢᠯᠲᠠᠨ ᠠᠵᠢᠯᠴᠢᠨ ᠲᠦᠩᠯᠢᠶᠣᠣ ᠬᠣᠲᠠ ᠵᠢᠨ ᠲᠤᠸᠠᠨ ᠵᠢᠶᠧ ᠵᠡᠭᠡᠯᠢ ᠵᠢᠨ ᠳ᠋ᠦᠩ ᠱᠦᠨ ᠨᠡᠢ᠌ᠭᠡᠮ ᠲᠣᠭᠣᠷᠢᠭ᠎ᠲᠤ ᠬᠦᠷᠴᠦ᠂ ᠨᠠᠮ᠎ᠤᠨ ᠭᠡᠰᠢᠭᠦᠨ ᠺᠠᠳ᠋ᠷᠴᠤᠳ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢ ᠨᠡᠢ᠌ᠭᠡᠮ ᠲᠣᠭᠣᠷᠢᠭ᠎ᠲᠤ ᠬᠦᠷᠭᠡᠬᠦ ᠠᠵᠢᠯᠯᠠᠭ᠎ᠠ ᠥᠷᠨᠢᠭᠦᠯᠪᠡ᠃
ᠡᠩ ᠲᠡᠷᠢᠭᠦᠨ᠎ᠳᠤ᠂ ᠨᠠᠮ᠎ᠤᠨ ᠡᠭᠦᠷ᠎ᠤᠨ ᠱᠦᠵᠢ ᠢᠦᠢ ᠬᠠᠢ ᠨᠥᠬᠥᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠢᠶ᠎ᠠ ᠪᠦᠬᠦᠢ ᠮᠡᠳᠡᠯᠭᠡ ᠪᠣᠯᠣᠨ 《ᠠᠷᠠᠳ ᠢᠷᠭᠡᠳ᠎ᠤᠨ ᠠᠮᠢ ᠠᠬᠤᠢ ᠣᠷᠴᠢᠨ ᠲᠣᠭᠣᠷᠢᠨ᠎ᠤ ᠠᠵᠢᠯᠯᠠᠭ᠎ᠠ ᠵᠢᠨ ᠵᠢᠷᠤᠮᠵᠢᠯ᠎ᠤᠨ ᠠᠷᠪᠠᠨ ᠵᠤᠷᠪᠤᠰ》᠎ᠤᠨ ᠲᠤᠬᠠᠢ ᠨᠡᠢ᠌ᠭᠡᠮ ᠲᠣᠭᠣᠷᠢᠭ᠎ᠤᠨ ᠤᠯᠠᠨ ᠲᠦᠮᠡᠨ᠎ᠳᠤ ᠤᠬᠠᠭᠤᠯᠤᠨ ᠲᠠᠢ᠌ᠯᠪᠤᠷᠢᠯᠠᠪᠠ᠃ ᠳᠠᠷᠠᠭ᠎ᠠ᠎ᠨᠢ᠂ ᠲᠤᠬᠠᠢ ᠵᠢᠨ ᠭᠠᠵᠠᠷ᠎ᠤᠨ ᠶᠠᠳᠠᠭᠤ ᠬᠦᠴᠢᠷᠳᠡᠯᠲᠡᠢ ᠤᠯᠠᠨ ᠲᠦᠮᠡᠨ ᠵᠢᠴᠢ ᠠᠬᠠᠮᠠᠳ ᠨᠠᠮ᠎ᠤᠨ ᠭᠡᠰᠢᠭᠦᠨ᠎ᠳᠤ 20 ᠭᠠᠷᠤᠢ ᠬᠤᠪᠢ ᠲᠣᠬᠣᠨᠢᠭᠤᠯᠬᠤ ᠡᠳ᠋ ᠪᠣᠳᠠᠰ ᠲᠠᠷᠬᠠᠭ᠋ᠠᠭᠰᠠᠨ ᠪᠥᠭᠡᠳ ᠨᠡᠢ᠌ᠭᠡᠮ ᠲᠣᠭᠣᠷᠢᠭ᠎ᠤᠨ ᠠᠵᠢᠯᠲᠠᠳ᠎ᠲᠠᠢ ᠬᠠᠮᠲᠤᠷᠠᠨ 3 ᠶᠠᠳᠠᠭᠤ ᠬᠦᠴᠢᠷᠳᠡᠯᠲᠡᠢ ᠤᠯᠠᠨ ᠲᠦᠮᠡᠨ᠎ᠤ ᠭᠡᠷ᠎ᠲᠤ ᠬᠦᠷᠴᠦ ᠲᠣᠬᠣᠨᠢᠭᠤᠯᠵᠠᠢ᠃ ᠬᠠᠮᠤᠭ᠎ᠤᠨ ᠰᠡᠭᠦᠯ᠎ᠳᠤ᠂ ᠪᠦᠬᠦ ᠨᠠᠮ᠎ᠤᠨ ᠭᠡᠰᠢᠭᠦᠨ ᠨᠡᠢ᠌ᠭᠡᠮ ᠲᠣᠭᠣᠷᠢᠭ᠎ᠤᠨ ᠠᠵᠢᠯᠲᠠᠳ᠎ᠲᠠᠢ ᠬᠠᠮᠲᠤᠷᠠᠨ ᠸᠠᠨ ᠳ᠋ᠠ ᠠᠭᠤᠳᠠᠮ ᠲᠠᠯᠠᠪᠠᠢ᠎ᠳᠤ ᠬᠦᠷᠴᠦ᠂ ᠤᠯᠠᠨ ᠲᠦᠮᠡᠨ᠎ᠳᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠣᠨ ᠦᠨᠳᠦᠰᠦᠲᠡᠨ᠎ᠤ ᠪᠦᠯᠬᠦᠮᠳᠡᠯ᠎ᠤᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠳᠡᠪᠲᠡᠷ ᠵᠢᠴᠢ ᠪᠣᠬᠢᠷᠳᠤᠯ ᠦᠭᠡᠢ ᠰᠠᠪᠠ ᠤᠭᠤᠲᠠ ᠲᠠᠷᠬᠠᠭ᠋ᠠᠵᠤ᠂ ᠲᠤᠬᠠᠢ ᠵᠢᠨ ᠲᠠᠯᠠᠪᠠᠢ᠎ᠳᠤ 200 ᠭᠠᠷᠤᠢ ᠬᠤᠪᠢ ᠬᠠᠮᠢᠶ᠎ᠠ ᠪᠦᠬᠦᠢ ᠮᠠᠲ᠋ᠧᠷᠢᠶᠠᠯ ᠲᠠᠷᠬᠠᠭ᠋ᠠᠵᠠᠢ᠃
ᠲᠣᠰ ᠤᠳᠠᠭ᠋ᠠᠨ᠎ᠤ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢ ᠨᠡᠢ᠌ᠭᠡᠮ ᠲᠣᠭᠣᠷᠢᠭ᠎ᠲᠤ ᠬᠦᠷᠭᠡᠬᠦ ᠠᠵᠢᠯᠯᠠᠭ᠎ᠠ᠎ᠪᠠᠷ ᠳᠠᠮᠵᠢᠭᠤᠯᠤᠨ᠂ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ ᠨᠠᠮ᠎ᠤᠨ ᠭᠡᠰᠢᠭᠦᠨ ᠺᠠᠳ᠋ᠷᠴᠤᠳ᠎ᠤᠨ ᠤᠯᠠᠨ ᠲᠦᠮᠡᠨ᠎ᠳᠤ ᠦᠢ᠍ᠯᠡᠴᠢᠯᠡᠬᠦ᠂ ᠦᠨᠳᠦᠰᠦᠨ ᠱᠠᠲᠤᠨ᠎ᠳᠤ ᠬᠤᠪᠢ ᠨᠡᠮᠡᠷᠢ ᠦᠵᠡᠭᠦᠯᠬᠦ ᠤᠬᠠᠮᠰᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ 《ᠪᠢ ᠤᠯᠠᠨ ᠲᠦᠮᠡᠨ᠎ᠳᠤ ᠪᠣᠳᠠᠲᠠᠢ ᠠᠵᠢᠯ ᠬᠢᠵᠦ ᠥᠭᠬᠦ》 ᠠᠵᠢᠯᠯᠠᠭ᠎ᠠ ᠵᠢ ᠦᠨᠡᠨ ᠬᠦ᠌ ᠪᠣᠳᠠᠲᠠᠢ᠎ᠪᠠᠷ ᠨᠠᠢ᠌ᠳᠠᠪᠤᠷᠢᠵᠢᠭᠤᠯᠪᠠ᠃ ᠬᠣᠶ᠋ᠢᠰᠢᠳᠠ ᠮᠠᠨ᠎ᠤ ᠠᠩᠭᠢ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠦᠷᠭᠦᠯᠵᠢᠯᠡᠨ ᠪᠠᠷᠢᠮᠲᠠᠯᠠᠵᠤ᠂ ᠤᠯᠠᠨ ᠲᠦᠮᠡᠨ᠎ᠤ ᠳᠡᠷᠭᠡᠳᠡᠬᠢ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠨᠠᠮ᠎ᠤᠨ ᠪᠠᠢ᠌ᠭᠤᠯᠤᠯᠲᠠ᠎ᠪᠠᠷ ᠬᠥᠲᠥᠯᠥᠨ ᠳᠠᠭ᠋ᠠᠭᠤᠯᠬᠤ + ᠰᠠᠢ᠍ᠢ᠍ᠨ ᠳᠤᠷ᠎ᠠ ᠵᠢᠨ ᠦᠢ᠍ᠯᠡᠴᠢᠯᠡᠭᠡ》 ᠵᠢᠨ ᠠᠵᠢᠯ᠎ᠤᠨ ᠵᠠᠭᠪᠤᠷ ᠵᠶ᠋ᠠᠷ ᠤᠯᠠᠨ ᠲᠦᠮᠡᠨ᠎ᠤ ᠬᠦᠴᠢᠷ ᠵᠣᠪᠠᠭᠤᠷᠢ ᠵᠢ ᠰᠢᠢ᠍ᠳᠪᠦᠷᠢᠯᠡᠵᠦ ᠥᠭᠬᠦ᠎ᠪᠠᠷ ᠴᠢᠷᠮᠠᠢ᠌ᠨ᠎ᠠ᠃