12 ᠰᠠᠷ᠎ᠠ ᠵᠢᠨ 20᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ 2024 ᠣᠨ᠎ᠤ ᠨᠠᠮ᠎ᠤᠨ ᠡᠭᠦᠷ᠎ᠤᠨ ᠱᠦᠵᠢ ᠵᠢᠨ ᠨᠠᠮ᠎ᠤᠨ ᠪᠠᠢ᠌ᠭᠤᠯᠤᠯᠲᠠ ᠵᠢ ᠠᠳᠬᠤᠭᠰᠠᠨ ᠠᠵᠢᠯ᠎ᠤᠨ ᠮᠡᠳᠡᠭᠦᠯᠦᠯᠲᠡ ᠵᠢ ᠦᠨᠡᠯᠡᠬᠦ ᠬᠤᠷᠠᠯ ᠬᠤᠷᠠᠯᠳᠤᠭᠤᠯᠵᠤ᠂ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠲᠤᠰᠬᠠᠢ ᠲᠤᠰᠢᠶᠠᠯᠲᠤ ᠳᠡᠳ᠋ ᠱᠦᠵᠢ ᠯᠢ ᠣᠣ ᠨᠥᠬᠥᠷ ᠬᠤᠷᠠᠯ᠎ᠳᠤ ᠣᠷᠣᠯᠴᠠᠨ ᠵᠢᠭ᠋ᠠᠨ ᠵᠢᠯᠤᠭᠣᠳᠴᠤ᠂ ᠨᠠᠮ᠎ᠤᠨ ᠶᠡᠷᠦᠩᠬᠡᠢ ᠡᠭᠦᠷ᠎ᠤᠨ ᠱᠦᠵᠢ᠂ ᠶᠡᠷᠦᠩᠬᠡᠢ ᠠᠩᠭᠢ ᠵᠢᠨ ᠳᠠᠷᠤᠭ᠎ᠠ ᠴᠧᠨ ᠵᠢᠶᠦ᠋ᠨ ᠨᠥᠬᠥᠷ ᠦᠨᠡᠯᠡᠬᠦ ᠬᠤᠷᠠᠯ᠎ᠢ ᠡᠷᠭᠢᠯᠡᠪᠡ᠃
ᠬᠤᠷᠠᠯ ᠳᠡᠭᠡᠷ᠎ᠡ᠂ 4 ᠨᠠᠮ᠎ᠤᠨ ᠡᠭᠦᠷ᠎ᠤᠨ ᠱᠦᠵᠢ 2024 ᠣᠨ᠎ᠤ ᠨᠠᠮ᠎ᠤᠨ ᠡᠭᠦᠷ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠪᠠᠶ᠋ᠢᠳᠠᠯ᠂ ᠣᠨᠴᠠᠯᠢᠭ᠎ᠲᠠᠢ ᠬᠢᠯᠠᠰ ᠴᠡᠭ᠂ ᠣᠷᠣᠰᠢᠵᠤ ᠪᠠᠶ᠋ᠢᠬᠤ ᠬᠦᠷᠦᠯᠴᠡᠬᠦ ᠦᠭᠡᠢ ᠲᠠᠯ᠎ᠠ ᠵᠢᠴᠢ ᠳᠡᠭᠡᠷ᠎ᠡ ᠵᠢᠯ᠎ᠤᠨ ᠲᠤᠰᠢᠶᠠᠯ᠎ᠤᠨ ᠮᠡᠳᠡᠭᠦᠯᠦᠯᠲᠡ ᠵᠢ ᠦᠨᠡᠯᠡᠵᠦ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠪᠠᠶ᠋ᠢᠳᠠᠯ᠎ᠤᠨ ᠲᠣᠭᠣᠷᠢᠨ᠎ᠳᠤ ᠨᠢᠭᠡᠳ ᠨᠢᠭᠡ᠎ᠪᠠᠷ ᠲᠤᠰᠢᠶᠠᠯ᠎ᠤᠨ ᠮᠡᠳᠡᠭᠦᠯᠦᠯᠲᠡ ᠬᠢᠵᠦ᠂ ᠴᠧᠨ ᠵᠢᠶᠦ᠋ᠨ ᠱᠦᠵᠢ 《ᠨᠢᠭᠡ ᠵᠢ ᠲᠣᠭ᠋ᠠᠴᠢᠵᠤ ᠨᠢᠭᠡ ᠵᠢ ᠦᠨᠡᠯᠡᠬᠦ》 ᠠᠷᠭ᠎ᠠ᠎ᠪᠠᠷ ᠡᠯ᠎ᠡ ᠨᠠᠮ᠎ᠤᠨ ᠡᠭᠦᠷ᠎ᠲᠤ ᠨᠢᠭᠡᠳ ᠨᠢᠭᠡ᠎ᠪᠠᠷ ᠦᠨᠡᠯᠡᠯᠲᠡ ᠬᠢᠵᠦ᠂ ᠳᠠᠷᠠᠭ᠋ᠠᠴᠢ ᠵᠢᠨ ᠠᠯᠬᠤᠮ᠎ᠤᠨ ᠨᠠᠮ᠎ᠤᠨ ᠡᠭᠦᠷ᠎ᠤᠨ ᠪᠠᠢ᠌ᠭᠤᠯᠤᠯᠲᠠ ᠵᠢᠨ ᠠᠵᠢᠯ᠎ᠢ ᠰᠠᠶ᠋ᠢᠲᠤᠷ ᠠᠳᠬᠤᠬᠤ ᠲᠤᠬᠠᠢ ᠱᠠᠭ᠋ᠠᠷᠳᠠᠯᠭ᠎ᠠ ᠳᠤᠷᠠᠳᠴᠠᠢ᠃
ᠬᠤᠷᠠᠯ᠎ᠠᠴᠠ᠂ ᠡᠯ᠎ᠡ ᠨᠠᠮ᠎ᠤᠨ ᠡᠭᠦᠷ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠢ ᠨᠠᠮ᠎ᠤᠨ ᠪᠠᠢ᠌ᠭᠤᠯᠤᠯᠲᠠ ᠵᠢᠨ ᠠᠵᠢᠯ ᠪᠣᠯᠣᠨ ᠬᠠᠤᠯᠢ ᠬᠡᠷᠡᠭᠵᠢᠭᠦᠯᠬᠦ ᠠᠵᠢᠯ᠎ᠤᠨ ᠪᠦᠬᠦ ᠶᠠᠪᠤᠴᠠ᠂ ᠡᠯ᠎ᠡ ᠭᠣᠭᠴᠣᠭ᠎ᠠ᠎ᠳᠤ ᠨᠠᠢ᠌ᠳᠠᠪᠤᠷᠢᠵᠢᠭᠤᠯᠬᠤ ᠵᠢ ᠢᠮᠠᠭᠲᠠ ᠪᠠᠷᠢᠮᠲᠠᠯᠠᠵᠤ᠂ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠲᠠᠢ᠌ᠴᠢᠨ ᠪᠡᠬᠢᠯᠡᠯᠲᠡ ᠵᠢᠨ ᠦᠢ᠍ᠯᠡᠳᠦᠯ᠎ᠢ ᠲᠠᠰᠤᠷᠠᠯᠳᠡ ᠦᠭᠡᠢ ᠪᠠᠳᠠᠷᠠᠭᠤᠯᠬᠤ ᠬᠡᠷᠡᠭᠲᠡᠢ᠃ ᠨᠠᠮ᠎ᠤᠨ ᠭᠡᠰᠢᠭᠦᠨ ᠺᠠᠳ᠋ᠷ᠎ᠤᠨ ᠬᠥᠮᠦᠵᠢᠯ ᠬᠠᠮᠢᠶᠠᠷᠤᠯᠲᠠ ᠵᠢ ᠴᠢᠩᠭ᠋ᠠᠳᠬᠠᠵᠤ᠂ ᠪᠠᠢ᠌ᠩᠭᠤ ᠵᠢᠨ ᠴᠢᠨᠠᠷᠲᠠᠢ ᠰᠤᠷᠤᠯᠴᠠᠯᠭ᠎ᠠ ᠬᠥᠮᠦᠵᠢᠯ ᠪᠠ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠵᠢᠨ ᠪᠣᠯᠪᠠᠰᠤᠷᠠᠯ᠎ᠢ ᠪᠣᠳᠠᠲᠠᠢ ᠠᠳᠬᠤᠵᠤ᠂ ᠤᠨᠤᠯ ᠵᠶ᠋ᠠᠷ ᠵᠡᠪᠰᠡᠭᠯᠡᠬᠦ ᠵᠢ ᠬᠦᠴᠦᠯᠡᠨ ᠴᠢᠩᠭ᠋ᠠᠳᠬᠠᠵᠤ᠂ ᠬᠡᠪ ᠴᠢᠨᠠᠷ᠎ᠤᠨ ᠳᠤᠲᠠᠭᠤᠳᠠᠯ᠎ᠢ ᠨᠥᠬᠥᠪᠦᠷᠢᠯᠡᠵᠦ᠂ ᠴᠢᠳᠠᠪᠤᠷᠢ ᠪᠠᠭᠤᠷᠠᠢ ᠲᠠᠯ᠎ᠠ᠎ᠪᠠᠨ ᠴᠢᠩᠭ᠋ᠠᠳᠬᠠᠬᠤ ᠬᠡᠷᠡᠭᠲᠡᠢ᠃ ᠠᠷᠢᠭᠤᠨ ᠴᠢᠬᠡᠴᠢ ᠵᠢᠨ ᠰᠠᠭᠤᠷᠢ ᠥᠩᠭᠡ ᠵᠢ ᠢᠮᠠᠭᠲᠠ ᠪᠠᠷᠢᠮᠲᠠᠯᠠᠵᠤ᠂ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠪᠣᠯᠣᠨ ᠢᠯᠵᠠᠷᠠᠯ᠎ᠢ ᠡᠰᠡᠷᠭᠦᠴᠡᠬᠦ ᠠᠵᠢᠯ᠎ᠤᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠵᠦ᠂ ᠰᠤᠷᠲᠠᠯ᠎ᠢ ᠲᠥᠪ ᠪᠣᠯᠭ᠋ᠠᠨ ᠰᠠᠬᠢᠯᠭ᠎ᠠ ᠪᠠᠲᠤ ᠵᠢ ᠴᠢᠩᠳᠠᠯᠠᠬᠤ᠎ᠪᠠᠷ ᠰᠢᠨᠲᠠᠷᠠᠰᠢ ᠦᠭᠡᠢ ᠴᠢᠷᠮᠠᠢ᠌ᠬᠤ ᠬᠡᠷᠡᠭᠲᠡᠢ᠃ ᠪᠠᠲᠤ ᠴᠢᠩᠭ᠎ᠠ ᠪᠡᠬᠢᠯᠡᠯᠲᠡ ᠵᠢᠨ 《ᠵᠢᠱ᠌ᠢᠶᠡᠴᠢ》 ᠨᠠᠮ᠎ᠤᠨ ᠡᠭᠦᠷ᠎ᠢ ᠡᠭᠦᠳᠦᠨ ᠪᠠᠢ᠌ᠭᠤᠯᠬᠤ ᠠᠵᠢᠯ᠎ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠤᠯᠤᠰ ᠲᠥᠷᠥ ᠵᠢᠨ ᠴᠢᠳᠠᠪᠬᠢ ᠪᠣᠯᠣᠨ ᠵᠣᠬᠢᠶᠠᠨ ᠪᠠᠢ᠌ᠭᠤᠯᠤᠯᠲᠠ ᠵᠢᠨ ᠴᠢᠳᠠᠪᠬᠢ ᠵᠢ ᠳᠤᠪᠤᠢ᠍ᠢ᠍ᠯᠭ᠋ᠠᠵᠤ᠂ ᠨᠠᠮ᠎ᠤᠨ ᠭᠡᠰᠢᠭᠦᠨ ᠨᠢᠭᠡᠪᠦᠷᠢ ᠵᠢ ᠦᠨᠡᠨ ᠬᠦ᠌ ᠭᠠᠯ ᠤᠯᠠᠭ᠋ᠠᠨ ᠲᠤᠭ ᠪᠣᠯᠭ᠋ᠠᠵᠤ᠂ ᠨᠠᠮ᠎ᠤᠨ ᠡᠭᠦᠷ ᠨᠢᠭᠡᠪᠦᠷᠢ ᠵᠢ ᠨᠠᠮ᠎ᠤᠨ ᠲᠤᠭ ᠨᠠᠮᠢᠷᠠᠭᠰᠠᠨ ᠲᠠᠢ᠌ᠴᠢᠨ ᠪᠡᠬᠢᠯᠡᠯᠲᠡ ᠪᠣᠯᠭ᠋ᠠᠬᠤ ᠬᠡᠷᠡᠭᠲᠡᠢ᠃ ᠨᠠᠮ᠎ᠤᠨ ᠪᠠᠢ᠌ᠭᠤᠯᠤᠯᠲᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠲᠤᠪᠤᠢ᠍ᠢ᠍ᠯᠭ᠋ᠠᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠬᠦ ᠵᠡᠷᠭᠡ ᠭᠣᠣᠯ ᠡᠭᠦᠷᠭᠡ ᠵᠢᠨ ᠲᠣᠭᠣᠷᠢᠨ᠎ᠳᠤ᠂ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷᠠᠬᠢ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠳᠤ ᠣᠷᠣᠯᠴᠠᠭᠰᠠᠳ ᠡᠯ᠎ᠡ ᠨᠠᠮ᠎ᠤᠨ ᠡᠭᠦᠷ᠎ᠤᠨ ᠱᠦᠵᠢ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠠᠳᠬᠤᠭᠰᠠᠨ ᠪᠠᠶ᠋ᠢᠳᠠᠯ᠎ᠳᠤ ᠦᠨᠡᠯᠡᠯᠲᠡ ᠬᠢᠪᠡ᠃