ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠬᠢᠨᠠᠨ ᠪᠠᠶ᠋ᠢᠴᠠᠭᠠᠯᠲᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠲᠦᠩᠯᠢᠶᠣᠣ ᠬᠣᠲᠠ ᠵᠢᠨ ᠬᠣᠣᠷ ᠴᠠᠭ᠋ᠠᠵᠠᠯᠠᠬᠤ ᠬᠥᠮᠦᠵᠢᠯ᠎ᠤᠨ ᠰᠠᠭᠤᠷᠢᠨ ᠭᠠᠵᠠᠷ᠎ᠲᠤ ᠬᠦᠷᠴᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-02-26

      ᠶᠡᠷᠦᠩᠬᠡᠢ ᠱᠦᠵᠢ ᠰᠢ ᠵᠢᠨ ᠫᠢᠩ᠎ᠤᠨ ᠬᠣᠣᠷ ᠴᠠᠭ᠋ᠠᠵᠠᠯᠠᠬᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠬᠣᠣᠷ ᠴᠠᠭ᠋ᠠᠵᠠᠯᠠᠬᠤ ᠪᠠ ᠬᠣᠣᠷ ᠴᠠᠭ᠋ᠠᠵᠠᠯᠠᠬᠤ ᠬᠥᠮᠦᠵᠢᠯ᠎ᠢ ᠴᠢᠩᠭ᠋ᠠᠳᠬᠠᠬᠤ ᠵᠢᠨ ᠲᠥᠯᠥᠭᠡ᠂ ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ᠎ᠨᠢ ᠲᠦᠩᠯᠢᠶᠣᠣ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ᠎ᠲᠠᠢ ᠬᠠᠮᠲᠤᠷᠠᠨ ᠲᠦᠩᠯᠢᠶᠣᠣ ᠬᠣᠲᠠ ᠵᠢᠨ ᠬᠣᠣᠷ ᠴᠠᠭ᠋ᠠᠵᠠᠯᠠᠬᠤ ᠬᠥᠮᠦᠵᠢᠯ᠎ᠤᠨ ᠰᠠᠭᠤᠷᠢᠨ ᠭᠠᠵᠠᠷ᠎ᠲᠤ ᠬᠦᠷᠴᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃
      ᠬᠣᠣᠷ ᠴᠠᠭ᠋ᠠᠵᠠᠯᠠᠬᠤ ᠬᠥᠮᠦᠵᠢᠯ᠎ᠤᠨ ᠰᠠᠭᠤᠷᠢᠨ ᠭᠠᠵᠠᠷ᠎ᠲᠤ᠂ ᠲᠠᠢ᠌ᠯᠪᠤᠷᠢᠯᠠᠭᠴᠢ ᠨᠠᠮ᠎ᠤᠨ ᠭᠡᠰᠢᠭᠦᠨ ᠺᠠᠳ᠋ᠷᠴᠤᠳ᠎ᠢ ᠳᠠᠭ᠋ᠠᠭᠤᠯᠤᠨ ᠳᠤᠮᠳᠠᠳᠤ ᠤᠯᠤᠰ᠎ᠤᠨ ᠬᠣᠣᠷ ᠴᠠᠭ᠋ᠠᠵᠠᠯᠠᠭᠰᠠᠨ ᠲᠡᠦᠬᠡ᠂ ᠰᠢᠨ᠎ᠡ ᠴᠠᠭ ᠦᠶ᠎ᠡ ᠵᠢᠨ ᠬᠣᠣᠷ ᠴᠠᠭ᠋ᠠᠵᠠᠯᠠᠬᠤ ᠠᠵᠢᠯ᠎ᠤᠨ ᠦᠷ᠎ᠡ ᠪᠦᠲᠦᠭᠡᠯ᠂ ᠪᠥᠬᠥ ᠪᠥᠮᠪᠥᠷᠴᠡᠭ᠎ᠤᠨ ᠬᠣᠣᠷ ᠴᠠᠭ᠋ᠠᠵᠠᠯᠠᠬᠤ ᠠᠵᠢᠯ᠎ᠤᠨ ᠪᠠᠶ᠋ᠢᠳᠠᠯ ᠵᠡᠷᠭᠡ ᠦᠵᠡᠭᠦᠯᠭᠡ ᠵᠢᠨ ᠲᠣᠭᠣᠷᠢᠭ᠎ᠢ ᠡᠮᠬᠢ ᠵᠢᠷᠤᠮ᠎ᠲᠠᠢ᠎ᠪᠠᠷ ᠲᠣᠭᠣᠷᠢᠨ ᠦᠵᠡᠪᠡ᠃ ᠠᠯᠢ ᠤᠯᠠᠨ ᠵᠢᠷᠤᠭ᠂ ᠠᠯᠢ ᠤᠯᠠᠨ ᠳᠦᠷᠰᠦ ᠰᠢᠩᠭᠡᠭᠡᠯᠲᠡ᠂ ᠠᠯᠢ ᠤᠯᠠᠨ ᠪᠣᠳᠠᠲᠤ ᠪᠣᠳᠠᠰ᠂ ᠠᠯᠢ ᠤᠯᠠᠨ ᠬᠡᠷᠡᠭ᠎ᠤᠨ ᠵᠢᠱ᠌ᠢᠶ᠎ᠡ᠎ᠨᠦᠭᠦᠳ᠎ᠨᠢ ᠬᠣᠣᠷᠲᠤ ᠡᠳ᠋ ᠬᠡᠷᠡᠭᠯᠡᠬᠦ ᠵᠢᠨ ᠬᠣᠣᠷ ᠬᠥᠨᠥᠭᠡᠯ᠎ᠢ ᠰᠢᠭᠤᠳ ᠪᠥᠭᠡᠳ ᠠᠮᠢᠳᠤᠯᠢᠭ ᠵᠶ᠋ᠠᠷ ᠢᠯᠡᠷᠡᠭᠦᠯᠦᠭᠰᠡᠨ ᠪᠥᠭᠡᠳ ᠳᠤᠮᠳᠠᠳᠤ ᠤᠯᠤᠰ᠎ᠤᠨ ᠬᠣᠣᠷ ᠴᠠᠭ᠋ᠠᠵᠠᠯᠠᠭᠰᠠᠨ ᠲᠡᠦᠬᠡ ᠵᠢᠴᠢ ᠣᠳᠣᠬᠠᠨ᠎ᠤ ᠬᠣᠣᠷ ᠴᠠᠭ᠋ᠠᠵᠠᠯᠠᠬᠤ ᠠᠵᠢᠯ᠎ᠤᠨ ᠪᠠᠶ᠋ᠢᠳᠠᠯ᠎ᠢ ᠪᠥᠬᠥ ᠲᠠᠯ᠎ᠠ᠎ᠪᠠᠷ ᠰᠢᠰᠲ᠋ᠧᠮ᠎ᠲᠠᠢ᠎ᠪᠠᠷ ᠳᠠᠬᠢᠨ ᠢᠯᠡᠷᠡᠭᠦᠯᠪᠡ᠃ ᠡᠭᠦᠨ᠎ᠤ ᠵᠡᠷᠭᠡ᠎ᠳᠤ᠂ ᠤᠯᠠᠨ ᠵᠶ᠋ᠠᠷ ᠵᠶ᠋ᠠᠨ ᠬᠣᠣᠷᠲᠤ ᠡᠳ᠋ ᠴᠠᠭ᠋ᠠᠵᠠᠯᠠᠬᠤ VR ᠲᠤᠷᠰᠢᠯᠲᠠ᠂ ᠬᠣᠣᠷᠲᠤ ᠡᠳ᠋ ᠡᠳ᠋ᠯᠡᠭᠰᠡᠨ᠎ᠤ ᠲᠠᠷᠠᠭ᠎ᠠ ᠮᠠᠰᠢᠨ ᠵᠢᠯᠣᠭᠣᠳᠬᠤ ᠲᠤᠷᠰᠢᠯᠲᠠ ᠵᠢ ᠥᠷᠨᠢᠭᠦᠯᠵᠦ᠂ ᠬᠣᠣᠷᠲᠤ ᠡᠳ᠋ ᠴᠠᠭ᠋ᠠᠵᠠᠯᠠᠬᠤ ᠪᠠᠭ᠋ᠠᠵᠢ ᠵᠢᠨ ᠦᠵᠡᠭᠦᠯᠭᠡ ᠵᠢ ᠰᠣᠨᠢᠷᠬᠠᠵᠤ᠂ ᠬᠣᠣᠷ ᠴᠠᠭ᠋ᠠᠵᠠᠯᠠᠬᠤ ᠮᠡᠳᠡᠯᠭᠡ ᠵᠢᠨ ᠰᠡᠳᠦᠪ ᠬᠠᠷᠢᠭᠤᠯᠬᠤ ᠬᠥᠳᠡᠯᠭᠡᠭᠡᠨ᠎ᠳᠤ ᠣᠷᠣᠯᠴᠠᠵᠠᠢ᠃ ᠤᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ ᠨᠠᠮ᠎ᠤᠨ ᠭᠡᠰᠢᠭᠦᠨ ᠺᠠᠳ᠋ᠷᠴᠤᠳ᠎ᠲᠤ ᠬᠣᠣᠷᠲᠤ ᠡᠳ᠋᠎ᠤᠨ ᠬᠦᠨᠳᠦ ᠨᠣᠴᠢᠲᠠᠢ ᠬᠣᠣᠷ ᠬᠥᠨᠥᠭᠡᠯ ᠵᠢᠴᠢ ᠬᠣᠣᠷᠲᠤ ᠡᠳ᠋᠎ᠤᠨ ᠬᠣᠣᠷ ᠬᠥᠨᠥᠭᠡᠯ᠎ᠢ ᠬᠡᠷᠬᠢᠨ ᠰᠡᠷᠭᠡᠢ᠌ᠯᠡᠬᠦ ᠵᠢ ᠨᠠᠩ ᠭᠦᠨᠵᠡᠭᠡᠢ ᠣᠢ᠌ᠯᠠᠭ᠋ᠠᠭᠤᠯᠪᠠ᠃
      ᠲᠣᠰ ᠤᠳᠠᠭ᠋ᠠᠨ᠎ᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠪᠠᠷ ᠳᠠᠮᠵᠢᠭᠤᠯᠤᠨ᠂ ᠬᠣᠣᠷᠲᠤ ᠡᠳ᠋ ᠴᠠᠭ᠋ᠠᠵᠠᠯᠠᠬᠤ ᠠᠵᠢᠯ᠎ᠤᠨ ᠴᠢᠬᠤᠯᠠ ᠴᠢᠨᠠᠷ᠂ ᠬᠣᠣᠷᠲᠤ ᠡᠳ᠋᠎ᠤᠨ ᠬᠣᠣᠷ ᠬᠥᠨᠥᠭᠡᠯᠳᠦ ᠴᠢᠨᠠᠷ ᠵᠢᠴᠢ ᠬᠣᠣᠷᠲᠤ ᠡᠳ᠋᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠵᠢᠨ ᠴᠢᠬᠤᠯᠠ ᠴᠢᠨᠠᠷ᠎ᠢ ᠤᠯᠠᠨ ᠵᠶ᠋ᠠᠷ ᠵᠶ᠋ᠠᠨ ᠤᠯᠠᠮ ᠨᠢᠭᠡ ᠠᠯᠬᠤᠮ ᠲᠠᠨᠢᠵᠤ ᠣᠯᠣᠭᠰᠠᠨ ᠪᠠᠢ᠌ᠨ᠎ᠠ᠃ ᠨᠠᠮ᠎ᠤᠨ ᠭᠡᠰᠢᠭᠦᠨ ᠺᠠᠳ᠋ᠷᠴᠤᠳ᠂ ᠲᠣᠰ ᠤᠳᠠᠭ᠋ᠠᠨ᠎ᠤ ᠰᠤᠷᠤᠯᠴᠠᠯᠭ᠎ᠠ ᠬᠥᠮᠦᠵᠢᠯ᠎ᠨᠢ ᠬᠣᠣᠷᠲᠤ ᠡᠳ᠋᠎ᠤᠨ ᠬᠣᠣᠷ ᠬᠥᠨᠥᠭᠡᠯ᠎ᠤᠨ ᠲᠤᠬᠠᠢ ᠲᠠᠨᠢᠯᠲᠠ ᠵᠢ ᠭᠦᠨᠵᠡᠭᠡᠢ᠌ᠷᠡᠭᠦᠯᠦᠭᠰᠡᠨ ᠵᠶ᠋ᠡᠷ ᠪᠠᠷᠠᠬᠤ ᠦᠭᠡᠢ᠂ ᠲᠣᠰ ᠪᠡᠶ᠎ᠡ ᠵᠢᠨ ᠬᠣᠣᠷ᠎ᠢ ᠰᠡᠷᠭᠡᠢ᠌ᠯᠡᠬᠦ᠂ ᠬᠣᠣᠷ᠎ᠢ ᠲᠡᠪᠴᠢᠬᠦ᠂ ᠬᠣᠣᠷ᠎ᠢ ᠴᠠᠭ᠋ᠠᠵᠠᠯᠠᠬᠤ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠵᠠᠢ ᠭᠡᠵᠦ ᠢᠯᠡᠳᠬᠡᠵᠡᠭᠡᠪᠡ᠃ ᠬᠣᠶ᠋ᠢᠰᠢᠳᠠ᠂ ᠮᠠᠨ᠎ᠤ ᠠᠩᠭᠢ ᠨᠠᠮ᠎ᠤᠨ ᠭᠡᠰᠢᠭᠦᠨ᠎ᠤ ᠡᠩᠨᠡᠭᠡ ᠵᠢᠨ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠣᠣᠷᠲᠤ ᠡᠳ᠋ ᠴᠠᠭ᠋ᠠᠵᠠᠯᠠᠬᠤ ᠮᠡᠳᠡᠯᠭᠡ ᠵᠢᠨ ᠤᠬᠠᠭᠤᠯᠭ᠎ᠠ ᠬᠥᠮᠦᠵᠢᠯ᠎ᠤᠨ ᠡᠷᠴᠢᠮ ᠵᠶ᠋ᠡᠨ ᠲᠠᠰᠤᠷᠠᠯᠲᠠ ᠦᠭᠡᠢ ᠴᠢᠩᠭ᠋ᠠᠷᠠᠭᠤᠯᠵᠤ᠂ ᠪᠥᠬᠥ ᠠᠩᠭᠢ ᠵᠢᠨ ᠳᠡᠭᠡᠳᠦ ᠳᠣᠣᠷᠠᠳᠤ ᠱᠠᠲᠤᠨ᠎ᠤ ᠬᠣᠣᠷᠲᠤ ᠡᠳ᠋᠎ᠤᠨ ᠢᠳᠡᠭᠳᠡᠯ᠎ᠢ ᠡᠰᠡᠷᠭᠦᠴᠡᠬᠦ ᠤᠬᠠᠮᠰᠠᠷᠲᠤ ᠴᠢᠨᠠᠷ ᠪᠠ ᠰᠠᠨᠠᠭ᠋ᠠᠴᠢᠯᠠᠭ᠋ᠠᠲᠤ ᠴᠢᠨᠠᠷ᠎ᠢ ᠦᠨᠡᠨ ᠬᠦ᠌ ᠴᠢᠩᠭ᠋ᠠᠷᠠᠭᠤᠯᠵᠤ᠂ ᠪᠥᠬᠥ ᠠᠷᠠᠳ᠎ᠤᠨ ᠬᠣᠣᠷᠲᠤ ᠡᠳ᠋ ᠴᠠᠭ᠋ᠠᠵᠠᠯᠠᠬᠤ ᠳᠠᠢ᠌ᠯᠠᠯᠳᠤᠭ᠋ᠠᠨ᠎ᠳᠤ ᠡᠷᠡᠰ ᠬᠠᠮᠵᠢᠯᠴᠠᠨ ᠢᠯᠠᠯᠲᠠ ᠣᠯᠣᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ (ᠲᠥᠰᠥᠯ)》᠎ᠤᠨ ᠬᠠᠤᠯᠢ ᠲᠣᠭᠲᠠᠭ᠋ᠠᠬᠤ ᠪᠠᠢ᠌ᠴᠠᠭ᠋ᠠᠨ ᠰᠤᠳᠤᠯᠤᠯᠲᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ ᠲᠤᠰᠬᠠᠢ ᠬᠥᠮᠥᠨ ᠲᠣᠮᠢᠯᠠᠨ ᠠᠭᠤᠷ ᠠᠮᠢᠰᠬᠤᠯ᠎ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠬᠢᠭᠡᠳ ᠨᠠᠭᠦᠷᠡᠰᠦᠲᠦ᠋ᠷᠦᠭᠴᠢ ᠵᠢᠨ ᠮᠥᠩᠭᠥᠨ ᠭᠦᠢ᠍ᠯᠭᠡᠭᠡᠨ᠎ᠤ ᠲᠤᠰᠬᠠᠢ ᠰᠡᠳᠦᠪᠲᠦ ᠪᠤᠯᠪᠠᠰᠤᠷᠠᠯ᠎ᠳᠤ ᠣᠷᠣᠯᠴᠠᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠭᠣᠣᠯ ᠰᠡᠳᠦᠪᠲᠦ ᠬᠥᠮᠦᠵᠢᠯ᠎ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠪᠠᠷᠠᠭᠤᠨ ᠣᠷᠣᠨ᠎ᠤ ᠰᠢᠭᠤᠳ ᠬᠠᠷᠢᠶ᠎ᠠ ᠠᠩᠭᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠲᠥᠪᠯᠡᠷᠡᠭᠦᠯᠦᠨ ᠨᠣᠮ ᠤᠩᠰᠢᠵᠤ ᠰᠤᠷᠤᠯᠴᠠᠬᠤ ᠬᠤᠷᠠᠯ ᠬᠤᠷᠠᠯᠳᠤᠭᠤᠯᠪᠠ
ᠪᠠᠷᠠᠭᠤᠨ ᠣᠷᠣᠨ᠎ᠤ ᠰᠢᠭᠤᠳ ᠬᠠᠷᠢᠶ᠎ᠠ ᠠᠩᠭᠢ 《ᠨᠡᠢ᠌ᠭᠡᠮ ᠵᠢᠷᠤᠮ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠬᠤ ᠶᠢᠷᠲᠢᠨᠴᠦ ᠵᠢᠨ ᠦᠵᠡᠯᠲᠡ ᠠᠷᠭ᠎ᠠ ᠵᠢᠨ ᠤᠨᠤᠯ》 ᠭᠡᠬᠦ ᠲᠤᠰᠬᠠᠢ ᠰᠡᠳᠦᠪᠲᠦ ᠲᠠᠢ᠌ᠯᠤᠮᠵᠢ ᠵᠢ ᠰᠣᠨᠢᠷᠬᠠᠪᠠ
 
             蒙ICP备05000248号