ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠬᠢᠨᠠᠨ ᠪᠠᠶ᠋ᠢᠴᠠᠭᠠᠯᠲᠠ
ᠮᠡᠷᠭᠡᠵᠢᠯ᠎ᠢᠶᠡᠷ ᠡᠨᠧᠷᠭᠢ ᠣᠯᠭᠣᠵᠤ ᠠᠮᠢ ᠠᠬᠤᠢ᠎ᠶᠢ ᠬᠠᠮᠠᠭᠠᠯᠠᠵᠤ ᠣᠢᠷ᠎ᠠ ᠣᠭᠲᠠᠷᠭᠤᠢ᠎ᠶᠢᠨ ᠬᠢᠨᠠᠨ ᠬᠡᠮᠵᠢᠯᠲᠡ᠎ᠶᠢᠨ ᠰᠢᠨ᠎ᠡ ᠠᠶᠠᠨ᠎ᠢ ᠡᠬᠢᠯᠡᠭᠦᠯᠦᠨ᠎ᠡ
ᠨᠡᠶ᠋ᠢᠲᠡᠯᠡᠭᠰᠡᠨ ᠴᠠᠭ᠄ 2026-01-24

      ᠮᠡᠷᠭᠡᠵᠢᠯ᠎ᠢᠶᠡᠷ ᠡᠨᠧᠷᠭᠢ ᠣᠯᠭᠣᠵᠤ ᠠᠮᠢ ᠠᠬᠤᠢ᠎ᠶᠢ ᠬᠠᠮᠠᠭᠠᠯᠠᠵᠤ ᠣᠢᠷ᠎ᠠ ᠣᠭᠲᠠᠷᠭᠤᠢ᠎ᠶᠢᠨ ᠬᠢᠨᠠᠨ ᠬᠡᠮᠵᠢᠯᠲᠡ᠎ᠶᠢᠨ ᠰᠢᠨ᠎ᠡ ᠠᠶᠠᠨ᠎ᠢ ᠡᠬᠢᠯᠡᠭᠦᠯᠦᠨ᠎ᠡ︱ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠶᠡᠷᠦᠩᠬᠡᠢ ᠥᠷᠲᠡᠭᠡ᠎ᠶᠢᠨ 《 ᠣᠢᠷ᠎ᠠ ᠣᠭᠲᠠᠷᠭᠤᠢ᠎ᠶᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠮᠡᠷᠭᠡᠵᠢᠯ᠎ᠢ ᠳᠡᠭᠡᠭᠰᠢᠯᠡᠭᠦᠯᠬᠦ ᠣᠨ 》᠎ᠤ ᠠᠵᠢᠯᠯᠠᠭ᠎ᠠ ᠢᠯᠡᠳᠲᠡ ᠦᠷ᠎ᠡ ᠪᠦᠳᠦᠮᠵᠢ ᠣᠯᠪᠠ
      ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠠᠵᠢᠯ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠭᠤᠷᠪᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠲᠤᠰᠬᠠᠢ ᠮᠡᠷᠭᠡᠵᠢᠯ᠎ᠦᠨ ᠠᠵᠢᠯᠲᠠᠨ᠎ᠤ ᠶᠡᠬᠡ ᠮᠥᠷᠥᠢᠴᠡᠭᠡᠨ᠎ᠦ ᠦᠷ᠎ᠡ ᠪᠦᠲᠦᠭᠡᠯ᠎ᠦᠨ ᠬᠡᠷᠡᠭᠯᠡᠯᠲᠡ᠎ᠶᠢ ᠭᠦᠨᠵᠡᠭᠡᠢᠷᠡᠭᠦᠯᠵᠦ᠂ ᠣᠳᠣᠬᠢᠴᠢᠯᠠᠭᠰᠠᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠰᠢᠰᠲᠧᠮᠵᠢ᠎ᠶᠢ ᠪᠠᠶ᠋ᠢᠭᠤᠯᠬᠤ᠎ᠶᠢ ᠠᠬᠢᠭᠤᠯᠬᠤ᠎ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠶᠡᠷᠦᠩᠬᠡᠢ ᠥᠷᠲᠡᠭᠡ᠎ᠡᠴᠡ 《 ᠣᠢᠷ᠎ᠠ ᠣᠭᠲᠠᠷᠭᠤᠢ᠎ᠶᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠮᠡᠷᠭᠡᠵᠢᠯ᠎ᠢ ᠳᠡᠭᠡᠭᠰᠢᠯᠡᠭᠦᠯᠬᠦ ᠣᠨ 》᠎ᠤ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠬᠦ᠎ᠶᠢᠨ ᠬᠠᠮᠲᠤ᠂ 11 ᠳ᠋ᠦ᠍ᠭᠡᠷ ᠰᠠᠷ᠎ᠠ᠎ᠶᠢᠨ 25᠎ᠤ ᠡᠳᠦᠷ ᠣᠢᠷ᠎ᠠ ᠣᠭᠲᠠᠷᠭᠤᠢ᠎ᠶᠢᠨ ᠵᠢᠯᠣᠭᠣᠴᠢ ᠦᠭᠡᠢ ᠨᠢᠰᠬᠡᠯ᠎ᠦᠨ ᠮᠡᠷᠭᠡᠵᠢᠯ᠎ᠦᠨ ᠦᠵᠡᠭᠦᠯᠭᠡ ᠰᠣᠷᠢᠯᠲᠠ᠎ᠶᠢᠨ ᠠᠵᠢᠯᠯᠠᠭ᠎ᠠ ᠬᠢᠪᠡ᠃
      ᠲᠣᠰ ᠠᠵᠢᠯᠯᠠᠭ᠎ᠠ᠎ᠶᠢ 2025 ᠣᠨ᠎ᠤ 3 ᠳ᠋ᠤᠭᠠᠷ ᠰᠠᠷ᠎ᠠ᠎ᠠᠴᠠ ᠡᠬᠢᠯᠡᠭᠦᠯᠵᠦ᠂ ᠪᠣᠯᠪᠠᠰᠤᠷᠠᠯ ᠪᠠ ᠪᠣᠳᠠᠲᠠᠢ ᠪᠣᠯᠪᠠᠰᠤᠷᠠᠯ᠎ᠤᠨ ᠠᠵᠢᠯ᠎ᠢ ᠱᠠᠲᠤ ᠪᠠ ᠲᠠᠰ ᠳᠠᠪᠬᠤᠷᠭ᠎ᠠ ᠬᠤᠪᠢᠶᠠᠨ ᠲᠦᠯᠬᠢᠨ ᠠᠬᠢᠭᠤᠯᠪᠠ᠃ 《 ᠰᠤᠷᠤᠯᠴᠠᠬᠤ᠂ ᠪᠣᠯᠪᠠᠰᠤᠷᠠᠭᠤᠯᠬᠤ᠂ ᠤᠷᠤᠯᠳᠤᠬᠤ᠂ ᠬᠡᠷᠡᠭᠯᠡᠬᠦ 》 ᠪᠥᠬᠥ ᠬᠡᠯᠬᠢᠶᠡᠨ᠎ᠦ ᠬᠥᠮᠥᠵᠢᠭᠦᠯᠬᠦ ᠲᠣᠭᠲᠠᠴᠠ᠎ᠪᠠᠷ ᠳᠠᠮᠵᠢᠭᠤᠯᠤᠨ᠂ ᠪᠥᠬᠥ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠡᠩᠨᠡᠭᠡ᠎ᠶᠢᠨ ᠵᠢᠯᠣᠭᠣᠴᠢ ᠦᠭᠡᠢ ᠨᠢᠰᠬᠡᠯ᠎ᠦᠨ ᠬᠢᠨᠠᠨ ᠬᠡᠮᠵᠢᠬᠦ ᠴᠢᠳᠠᠪᠤᠷᠢ᠎ᠶᠢ ᠰᠢᠰᠲᠧᠮ᠎ᠲᠠᠢ ᠳᠡᠭᠡᠭᠰᠢᠯᠡᠭᠦᠯᠪᠡ᠃ ᠲᠤᠰᠬᠠᠢ ᠮᠡᠷᠭᠡᠵᠢᠯ᠎ᠦᠨ ᠵᠢᠯᠣᠭᠣᠴᠢ ᠦᠭᠡᠢ ᠨᠢᠰᠬᠡᠯ᠎ᠦᠨ ᠡᠵᠡᠮᠳᠡᠭᠴᠢ᠎ᠶᠢ ᠨᠡᠶ᠋ᠢᠲᠡ 39 ᠨᠡᠷᠡᠰ ᠬᠥᠮᠥᠵᠢᠭᠦᠯᠵᠡᠢ᠂ ᠡᠭᠦᠨ᠎ᠳᠦ 11 ᠬᠥᠮᠥᠨ ᠨᠢ ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠲᠣᠪᠴᠢᠶ᠎ᠠ᠎ᠠᠴᠠ ᠣᠯᠭᠣᠭᠰᠠᠨ ᠵᠢᠯᠣᠭᠣᠴᠢ ᠦᠭᠡᠢ ᠨᠢᠰᠬᠡᠯ᠎ᠦᠨ ᠡᠵᠡᠮᠳᠡᠭᠴᠢ᠎ᠶᠢᠨ ᠬᠢᠷᠢ ᠬᠡᠮ᠎ᠢ ᠣᠯᠵᠤ᠂ ᠬᠢᠨᠠᠨ ᠬᠡᠮᠵᠢᠭᠴᠢᠳ ᠨᠢᠭᠡᠨᠲᠡ ᠵᠢᠯᠣᠭᠣᠴᠢ ᠦᠭᠡᠢ ᠨᠢᠰᠬᠡᠯ᠎ᠢ ᠡᠵᠡᠮᠳᠡᠬᠦ ᠵᠢᠴᠢ ᠲᠤᠬᠠᠢ᠎ᠶᠢᠨ ᠲᠠᠯᠠᠪᠤᠷ᠎ᠲᠤ ᠥᠯᠢᠭᠡᠷ ᠠᠪᠬᠤ ᠵᠡᠷᠭᠡ ᠭᠣᠣᠯᠯᠠᠬᠤ ᠮᠡᠷᠭᠡᠵᠢᠯ᠎ᠦᠨ ᠴᠢᠳᠠᠪᠤᠷᠢ᠎ᠶᠢ ᠨᠡᠢᠳᠡᠮ ᠪᠦᠷᠢᠯᠳᠦᠭᠦᠯᠵᠦ᠂ ᠪᠥᠬᠥ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠠᠵᠢᠯ᠎ᠤᠨ ᠥᠨᠳᠥᠷ ᠪᠦᠲᠦᠮᠵᠢᠲᠡᠶ ᠠᠵᠢᠯᠯᠠᠬᠤ᠎ᠶᠢ ᠪᠠᠲᠤᠯᠠᠬᠤ ᠵᠠᠩᠭᠢᠯᠠᠭ᠎ᠠ᠎ᠶᠢᠨ ᠴᠢᠳᠠᠪᠤᠷᠢᠲᠠᠨ᠎ᠤ ᠲᠤᠯᠭᠠᠭᠤᠷᠢᠯᠠᠯ᠎ᠢ ᠪᠣᠶ ᠪᠣᠯᠭᠠᠪᠠ᠃
      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠶᠡᠷᠦᠩᠬᠡᠢ ᠦᠷᠳᠡᠬᠡ ᠨᠢ ᠵᠢᠯᠣᠭᠣᠴᠢ ᠦᠭᠡᠢ ᠨᠢᠰᠬᠡᠯ᠎ᠦᠨ ᠮᠡᠷᠭᠡᠵᠢᠯ᠎ᠦᠨ ᠬᠡᠷᠡᠭᠯᠡᠭᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠨᠡᠩ ᠣᠶᠤᠨᠴᠢᠯᠠᠭᠰᠠᠨ᠂ ᠥᠨᠳᠥᠷ ᠪᠦᠲᠦᠮᠵᠢᠲᠡᠢ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠰᠢᠰᠲᠧᠮ᠎ᠢ ᠪᠠᠶ᠋ᠢᠭᠤᠯᠬᠤ᠎ᠶᠢ ᠠᠬᠢᠭᠤᠯᠬᠤ ᠪᠣᠯᠣᠨ᠎ᠠ᠃ ᠠᠵᠢᠯ᠎ᠤᠨ ᠦᠷ᠎ᠡ ᠪᠦᠲᠦᠮᠵᠢ᠎ᠶᠢ ᠬᠦᠴᠦᠯᠡᠨ ᠳᠡᠭᠡᠭᠰᠢᠯᠡᠭᠦᠯᠵᠦ᠂ ᠤᠰᠤᠨ᠎ᠤ ᠴᠢᠨᠠᠷ ᠵᠡᠷᠭᠡ ᠣᠷᠴᠢᠨ ᠲᠣᠭᠣᠷᠢᠨ᠎ᠤ ᠥᠯᠢᠭᠡᠷ ᠡᠳ᠋᠎ᠢ ᠲᠦᠷᠭᠡᠨ ᠴᠤᠭᠯᠠᠭᠤᠯᠬᠤ᠎ᠶᠢ ᠪᠡᠶᠡᠯᠡᠭᠦᠯᠦᠨ᠎ᠡ᠃ ᠪᠠᠴᠢᠮ ᠪᠠᠢᠳᠠᠯ᠎ᠢ ᠠᠷᠭᠠᠴᠠᠬᠤ᠎ᠳᠤ ᠳᠠᠭᠠᠵᠤ ᠬᠢᠬᠦ ᠪᠠ ᠪᠤᠳᠤᠯᠢᠶᠠᠨᠲᠠᠢ ᠭᠠᠵᠠᠷ᠎ᠤᠨ ᠪᠠᠢᠴᠠ᠎ᠶᠢ ᠬᠢᠨᠠᠨ ᠬᠡᠮᠵᠢᠬᠦ ᠳᠤᠮᠳᠠ᠂ ᠠᠵᠢᠯᠲᠠᠨ᠎ᠤ ᠠᠮᠤᠷ ᠲᠦᠪᠰᠢᠨ᠎ᠢ ᠪᠦᠲᠦᠮᠵᠢᠲᠡᠶ ᠪᠠᠲᠤᠯᠠᠵᠤ᠂ ᠠᠵᠢᠯᠲᠠᠨ᠎ᠤ ᠪᠡᠶ᠎ᠡ᠎ᠪᠡᠷ᠎ᠢᠶᠡᠨ ᠠᠶᠤᠯ ᠲᠦᠭᠰᠢᠭᠦᠷᠢᠲᠦ ᠣᠷᠴᠢᠨ᠎ᠳᠤ ᠣᠴᠢᠬᠤ᠎ᠠᠴᠠ ᠵᠠᠢᠯᠠᠰᠬᠢᠨ᠎ᠡ᠃ ᠤᠯᠠᠮᠵᠢᠯᠠᠯᠲᠤ ᠬᠢᠨᠠᠨ ᠬᠡᠮᠵᠢᠯᠲᠡ᠎ᠶᠢᠨ ᠣᠷᠣᠨ ᠵᠠᠢ᠎ᠶᠢᠨ ᠬᠢᠵᠠᠭᠠᠷᠯᠠᠯ᠎ᠢ ᠡᠪᠳᠡᠬᠦ᠎ᠶᠢ ᠴᠢᠬᠤᠯᠠᠴᠢᠯᠠᠵᠤ᠂ ᠡᠯ᠎ᠡ ᠲᠦᠷᠦᠯ᠎ᠦᠨ ᠣᠷᠴᠢᠨ ᠲᠣᠭᠣᠷᠢᠨ᠎ᠤ ᠡᠯᠧᠮᠧᠨ᠋ᠲ᠎ᠳᠦ ᠪᠦᠬᠦ ᠲᠠᠯ᠎ᠠ᠎ᠶᠢᠨ ᠪᠣᠰᠣᠭ᠎ᠠ ᠴᠣᠭᠴᠠᠲᠤ ᠬᠢᠨᠠᠨ ᠡᠵᠡᠮᠳᠡᠯ᠎ᠢ ᠬᠡᠷᠡᠭᠵᠢᠭᠦᠯᠵᠦ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠠᠵᠢᠯ᠎ᠤᠨ ᠰᠢᠰᠲᠧᠮᠳᠤ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠎ᠳᠦ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号