ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠬᠥᠬᠡ ᠤᠳᠤᠨ ᠪᠥᠮᠪᠥᠷᠴᠡᠭ᠎ᠢ ᠰᠠᠬᠢᠨ ᠬᠠᠮᠠᠭ᠋ᠠᠯᠠᠵᠤ ᠮᠥᠩᠭᠥᠨ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠭᠡᠷ᠎ᠡ᠎ᠪᠠᠨ ᠬᠠᠮᠲᠤ᠎ᠪᠠᠷ ᠭᠦᠢ᠍ᠴᠡᠳᠬᠡᠶ᠎ᠡ —— ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠠᠮ᠎ᠤᠨ ᠡᠭᠦᠷ ᠨᠡᠢ᠌ᠭᠡᠮ ᠲᠣᠭᠣᠷᠢᠭ᠎ᠲᠤ ᠭᠦᠨᠵᠡᠭᠡᠢ᠌ᠷᠡᠨ ᠭᠣᠣᠯ ᠰᠡᠳᠦᠪᠲᠦ ᠨᠠᠮ᠎ᠤᠨ ᠡᠳᠦᠷ᠎ᠤᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-11-12

      ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠮᠥᠩᠭᠥᠨ ᠤᠰᠤᠨ᠎ᠤ ᠭᠡᠷ᠎ᠡ ᠭᠦᠢ᠍ᠴᠡᠳᠬᠡᠬᠦ ᠲᠥᠷᠥᠯ ᠵᠦᠢ᠍ᠯ᠎ᠤᠨ ᠳᠤᠭᠤᠢ᠌ᠯᠠᠩ᠎ᠤᠨ᠎ᠬᠢᠨ ᠨᠠᠮ᠎ᠤᠨ ᠶᠡᠷᠦᠩᠬᠡᠢ ᠡᠭᠦᠷ᠎ᠲᠤ ᠬᠠᠷᠢᠶᠠᠯᠠᠭᠳᠠᠬᠤ ᠨᠢᠭᠡᠳᠦᠭᠡᠷ ᠨᠠᠮ᠎ᠤᠨ ᠡᠭᠦᠷ᠎ᠲᠠᠢ ᠬᠠᠮᠲᠤᠷᠠᠨ ᠬᠥᠬᠡᠬᠣᠲᠠ ᠵᠢᠨ ᠰᠠᠨ ᠯᠢᠶᠠᠨ ᠬᠢᠮᠢ ᠵᠢᠨ ᠠᠵᠤ ᠦᠢ᠍ᠯᠡᠳᠪᠦᠷᠢ ᠵᠢᠨ ᠨᠡᠢ᠌ᠭᠡᠮ ᠲᠣᠭᠣᠷᠢᠭ᠎ᠲᠤ ᠬᠦᠷᠴᠦ᠂ 《ᠬᠥᠬᠡ ᠤᠳᠤᠨ ᠪᠥᠮᠪᠥᠷᠴᠡᠭ᠎ᠢ ᠰᠠᠬᠢᠨ ᠬᠠᠮᠠᠭ᠋ᠠᠯᠠᠵᠤ ᠮᠥᠩᠭᠥᠨ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠭᠡᠷ᠎ᠡ᠎ᠪᠠᠨ ᠬᠠᠮᠲᠤ᠎ᠪᠠᠷ ᠭᠦᠢ᠍ᠴᠡᠳᠬᠡᠶ᠎ᠡ》 ᠭᠣᠣᠯ ᠰᠡᠳᠦᠪᠲᠦ ᠨᠠᠮ᠎ᠤᠨ ᠡᠳᠦᠷ᠎ᠤᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃
      ᠲᠤᠰ ᠤᠳᠠᠭ᠋ᠠᠨ᠎ᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠨᠢ ᠮᠥᠩᠭᠥᠨ ᠤᠰᠤᠨ᠎ᠤ ᠪᠣᠬᠢᠷᠲᠤᠯ᠎ᠤᠨ ᠬᠠᠮᠢᠶ᠎ᠠ ᠪᠦᠬᠦᠢ ᠮᠡᠳᠡᠯᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠥᠩᠭᠥᠨ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠭᠰᠠᠨ ᠦᠷ᠎ᠡ ᠪᠦᠲᠦᠭᠡᠯ᠎ᠤᠨ ᠤᠬᠠᠭᠤᠯᠭ᠎ᠠ ᠵᠢ ᠢᠳᠡᠪᠬᠢᠲᠡᠢ ᠥᠷᠨᠢᠭᠦᠯᠵᠦ᠂ 《ᠮᠥᠩᠭᠥᠨ ᠤᠰᠤᠨ᠎ᠤ ᠮᠢᠨᠠᠮᠠᠲ᠋ᠠ ᠵᠢᠨ ᠨᠠᠢ᠌ᠳᠠ ᠵᠢᠨ ᠭᠡᠷ᠎ᠡ》 ᠵᠢᠨ ᠪᠦᠷᠢᠯᠳᠦᠭᠰᠡᠨ ᠶᠠᠪᠤᠴᠠ᠂ ᠵᠠᠰᠠᠭ᠎ᠤᠨ ᠣᠷᠳᠣᠨ᠎ᠤ ᠭᠡᠷ᠎ᠡ ᠭᠦᠢ᠍ᠴᠡᠳᠬᠡᠬᠦ ᠠᠷᠭ᠎ᠠ ᠬᠡᠮᠵᠢᠶ᠎ᠡ᠂ ᠮᠥᠩᠭᠥᠨ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠦᠷ᠎ᠡ ᠪᠦᠲᠦᠭᠡᠯ᠂ ᠬᠥᠮᠥᠰ᠎ᠤᠨ ᠳᠡᠷᠭᠡᠳᠡᠬᠢ ᠮᠥᠩᠭᠥᠨ ᠤᠰᠤᠨ᠎ᠤ ᠪᠣᠬᠢᠷᠲᠤᠯ᠎ᠤᠨ ᠢᠷᠡᠯᠲᠡ ᠵᠢᠴᠢ ᠬᠣᠣᠷ ᠬᠥᠨᠥᠭᠡᠯ᠂ ᠤᠯᠠᠨ ᠨᠠᠢ᠌ᠳᠠ᠎ᠪᠠᠷ ᠵᠶ᠋ᠡᠨ ᠮᠥᠩᠭᠥᠨ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ᠎ᠳᠤ ᠣᠷᠣᠯᠴᠠᠬᠤ ᠠᠷᠭ᠎ᠠ ᠵᠠᠮ ᠵᠡᠷᠭᠡ ᠤᠯᠠᠨ ᠲᠠᠯ᠎ᠠ ᠵᠢᠨ ᠲᠣᠭᠣᠷᠢᠨ᠎ᠳᠤ᠂ ᠨᠡᠢ᠌ᠭᠡᠮ ᠲᠣᠭᠣᠷᠢᠭ᠎ᠤᠨ ᠤᠯᠠᠨ ᠲᠦᠮᠡᠨ᠎ᠢ ᠳᠠᠭ᠋ᠠᠭᠤᠯᠤᠨ ᠮᠥᠩᠭᠥᠨ ᠤᠰᠤᠨ᠎ᠤ ᠭᠡᠷ᠎ᠡ ᠵᠢ ᠭᠦᠢ᠍ᠴᠡᠳᠬᠡᠬᠦ ᠬᠠᠮᠢᠶ᠎ᠠ ᠪᠦᠬᠦᠢ ᠪᠠᠶ᠋ᠢᠳᠠᠯ ᠪᠣᠯᠣᠨ ᠬᠥᠭᠵᠢᠯᠲᠡ ᠵᠢ ᠭᠦᠢ᠍ᠴᠡᠳ ᠣᠢ᠌ᠯᠠᠭ᠋ᠠᠵᠤ᠂ ᠮᠥᠩᠭᠥᠨ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠳᠤ ᠢᠳᠡᠪᠬᠢᠲᠡᠢ ᠣᠷᠣᠯᠴᠠᠵᠤ᠂ ᠡᠳᠦᠷ ᠲᠤᠲᠤᠮ᠎ᠤᠨ ᠠᠮᠢᠳᠤᠷᠠᠯ᠎ᠠᠴᠠ ᠡᠬᠢᠯᠡᠨ ᠬᠢᠵᠦ᠂ ᠤᠬᠠᠮᠰᠠᠷ᠎ᠠᠴᠠ᠎ᠪᠠᠨ ᠮᠥᠩᠭᠥᠨ ᠤᠰᠤ ᠠᠭᠤᠯᠤᠭᠰᠠᠨ ᠬᠣᠭ ᠨᠣᠪᠰᠢ ᠵᠢ ᠳᠦᠷᠦᠯ ᠬᠤᠪᠢᠶᠠᠨ ᠬᠠᠶᠠᠵᠤ᠂ ᠳᠤᠯᠠᠭ᠋ᠠᠨ᠎ᠤ ᠬᠡᠮᠵᠢᠭᠦᠷ᠂ ᠴᠢᠰᠤᠨ ᠳᠠᠷᠤᠯᠲᠠ ᠵᠢᠨ ᠬᠡᠮᠵᠢᠭᠦᠷ ᠡᠪᠳᠡᠷᠡᠵᠦ ᠰᠦᠢ᠍ᠳᠦᠭᠰᠡᠨ᠎ᠠᠴᠠ ᠪᠣᠯᠣᠭᠰᠠᠨ ᠡᠳᠦᠷ ᠲᠤᠲᠤᠮ᠎ᠤᠨ ᠠᠮᠢᠳᠤᠷᠠᠯ ᠳᠤᠮᠳᠠᠬᠢ ᠪᠠᠭ᠎ᠠ ᠬᠡᠮᠵᠢᠶᠡᠨ᠎ᠤ ᠮᠥᠩᠭᠥᠨ ᠤᠰᠤ ᠯᠡᠪᠡᠷᠡᠬᠦ ᠠᠰᠠᠭᠤᠳᠠᠯ᠎ᠢ ᠵᠥᠪ ᠣᠨᠣᠪᠴᠢᠲᠠᠢ ᠰᠢᠢ᠍ᠳᠪᠦᠷᠢᠯᠡᠬᠦ ᠠᠷᠭ᠎ᠠ ᠵᠢ ᠡᠵᠡᠮᠰᠢᠬᠦ ᠬᠡᠷᠡᠭᠲᠡᠢ ᠭᠡᠵᠦ ᠤᠯᠠᠨ᠎ᠢ ᠤᠷᠢᠶᠠᠯᠠᠵᠠᠢ᠃ ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ ᠬᠥᠨᠳᠡᠯᠡᠨ ᠪᠢᠴᠢᠭᠡᠰᠦ ᠡᠯᠭᠦᠨ ᠳᠡᠯᠭᠡᠨ ᠦᠵᠡᠭᠦᠯᠬᠦ ᠰᠠᠮᠪᠠᠷ᠎ᠠ ᠭᠠᠷᠭ᠋ᠠᠵᠤ᠂ ᠤᠬᠠᠭᠤᠯᠤᠭᠴᠢ᠎ᠠᠴᠠ ᠰᠠᠭᠤᠭ᠋ᠠᠯᠢ ᠠᠷᠠᠳ᠎ᠲᠤ ᠨᠠᠷᠢᠨ ᠬᠢᠨᠠᠮᠠᠭ᠋ᠠᠢ ᠲᠠᠢ᠌ᠯᠪᠤᠷᠢᠯᠠᠨ ᠶᠠᠷᠢᠵᠤ᠂ ᠮᠠᠳᠠᠭ᠎ᠲᠠᠢ ᠠᠰᠠᠭᠤᠳᠠᠯ᠎ᠢ ᠬᠠᠷᠢᠭᠤᠯᠬᠤ ᠵᠢᠨ ᠬᠠᠮᠲᠤ ᠤᠬᠠᠭᠤᠯᠭ᠎ᠠ ᠵᠢᠨ ᠬᠠᠭᠤᠳᠠᠰᠤ ᠪᠣᠯᠣᠨ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠵᠤ᠂ ᠨᠡᠢ᠌ᠭᠡᠮ ᠲᠣᠭᠣᠷᠢᠭ᠎ᠤᠨ ᠠᠷᠠᠳ ᠤᠯᠠᠨ᠎ᠤ ᠮᠥᠩᠭᠥᠨ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠮᠰᠠᠷ ᠪᠣᠯᠣᠨ ᠶᠡᠷᠦ ᠵᠢᠨ ᠮᠡᠳᠡᠯᠭᠡ ᠵᠢ ᠥᠷᠭᠡᠨ ᠵᠶ᠋ᠡᠷ ᠳᠡᠭᠡᠭᠰᠢᠯᠡᠭᠦᠯᠵᠦ᠂ ᠤᠯᠠᠨ ᠲᠦᠮᠡᠨ᠎ᠤ ᠰᠠᠢ᠍ᠢ᠍ᠨ ᠦᠨᠡᠯᠡᠯᠲᠡ ᠵᠢ ᠣᠯᠵᠠᠢ᠃
      ᠲᠤᠰ ᠤᠳᠠᠭ᠋ᠠᠨ᠎ᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠨᠢ ᠨᠠᠮ᠎ᠤᠨ ᠪᠠᠢ᠌ᠭᠤᠯᠤᠯᠲᠠ ᠵᠢᠨ ᠬᠥᠲᠥᠯᠥᠨ ᠳᠠᠭ᠋ᠠᠭᠤᠯᠬᠤ ᠴᠢᠬᠤᠯᠠ ᠦᠢ᠍ᠯᠡᠳᠦᠯ᠎ᠢ ᠳᠣᠪᠣᠶ᠋ᠢᠯᠭ᠋ᠠᠭᠰᠠᠨ ᠵᠶ᠋ᠠᠷ ᠪᠠᠷᠠᠬᠤ ᠦᠭᠡᠢ᠂ ᠨᠠᠮ᠎ᠤᠨ ᠭᠡᠰᠢᠭᠦᠨ ᠺᠠᠳ᠋ᠷᠴᠤᠳ᠎ᠤᠨ ᠨᠠᠮᠴᠢ ᠴᠢᠨᠠᠷ᠎ᠤᠨ ᠦᠵᠡᠯᠲᠡ ᠵᠢ ᠴᠢᠩᠭ᠋ᠠᠳᠬᠠᠵᠠᠢ᠃ ᠡᠭᠦᠨ᠎ᠤ ᠬᠠᠮᠲᠤ ᠪᠠᠰᠠ ᠬᠥᠮᠥᠰ᠎ᠤᠨ ᠠᠵᠢᠯ᠎ᠤᠨ ᠬᠠᠯᠠᠭᠤᠨ ᠰᠡᠳᠬᠢᠯᠭᠡ ᠵᠢ  ᠶᠡᠬᠡᠪᠡᠷ ᠬᠥᠭᠵᠢᠭᠡᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠬᠣᠰᠢᠭᠤᠴᠢ ᠵᠢᠱ᠌ᠢᠶᠡᠴᠢ ᠵᠢᠨ ᠦᠢ᠍ᠯᠡᠳᠦᠯ᠎ᠢ ᠤᠯᠠᠮ ᠴᠢᠨᠠᠭᠰᠢᠳᠠ ᠪᠠᠳᠠᠷᠠᠭᠤᠯᠵᠤ᠂ ᠤᠯᠠᠨ ᠵᠶ᠋ᠠᠷ ᠵᠶ᠋ᠠᠨ ᠢᠲᠡᠭᠡᠯ ᠵᠣᠷᠢᠭ ᠵᠶ᠋ᠠᠨ ᠪᠠᠲᠤᠳᠬᠠᠵᠤ᠂ ᠠᠵᠢᠯ᠎ᠤᠨ ᠪᠠᠶ᠋ᠢᠷᠢ᠎ᠳᠠᠭᠠᠨ ᠰᠠᠭᠤᠷᠢᠯᠠᠵᠤ᠂ ᠦᠢ᠍ᠯᠡᠳᠦᠯᠭᠡ ᠵᠢᠨ ᠴᠢᠳᠠᠪᠤᠷᠢ᠎ᠪᠠᠨ ᠴᠢᠩᠭ᠋ᠠᠳᠬᠠᠵᠤ᠂ ᠲᠤᠰᠬᠠᠢ ᠮᠡᠷᠭᠡᠵᠢᠯ᠎ᠤᠨ ᠬᠡᠪ ᠪᠣᠯᠪᠠᠰᠤᠷᠠᠯ ᠵᠶ᠋ᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠪᠠᠢ᠌ᠴᠠᠭ᠋ᠠᠨ ᠵᠠᠳᠠᠯᠤᠯᠲᠠ ᠵᠢᠨ ᠳᠦᠷᠦᠯ ᠵᠦᠢ᠍ᠯ ᠬᠢᠨᠠᠨ ᠦᠨᠡᠯᠡᠯᠲᠡ ᠵᠢ ᠤᠷᠤᠭᠰᠢᠲᠠᠢ ᠥᠩᠭᠡᠷᠡᠪᠡ
2024 ᠣᠨ᠎ᠤ ᠪᠥᠬᠥ ᠣᠷᠣᠨ᠎ᠤ ᠭᠣᠣᠯᠳᠠᠯᠭ᠎ᠠ᠎ᠲᠠᠢ ᠠᠵᠢᠯ ᠲᠥᠷᠥᠯ᠎ᠤᠨ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠶᠠᠪᠤᠭᠳᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠵᠠᠰᠠᠭ᠎ᠤᠨ ᠶᠠᠪᠤᠳᠠᠯ᠎ᠤᠨ ᠡᠳ᠋᠎ᠤᠨ ᠶᠠᠪᠤᠳᠠᠯ᠎ᠤᠨ ᠪᠤᠯᠪᠠᠰᠤᠷᠠᠯ᠎ᠤᠨ ᠠᠩᠭᠢ ᠡᠷᠬᠢᠯᠡᠵᠦ ᠡᠩᠨᠡᠭᠡ ᠵᠢᠨ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠪᠥᠬᠥ ᠲᠠᠯ᠎ᠠ᠎ᠪᠠᠷ ᠲᠡᠭᠡᠭᠰᠢᠯᠡᠬᠦᠯᠦᠨ᠎ᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠰᠤᠳᠤᠯᠭ᠋ᠠᠨ᠎ᠤ ᠬᠦᠷᠢᠶᠡᠯᠡᠩ᠎ᠤᠨ᠎ᠬᠢᠨ ᠶᠠᠳᠠᠭᠤ ᠬᠦᠴᠢᠷᠳᠡᠯᠲᠡᠢ ᠠᠵᠢᠯᠲᠠᠨ ᠠᠵᠢᠯᠴᠢᠨ᠎ᠢ ᠲᠣᠬᠣᠨᠢᠭᠤᠯᠬᠤ ᠠᠵᠢᠯᠯᠠᠭ᠎ᠠ ᠥᠷᠨᠢᠭᠦᠯᠵᠡᠢ
ᠬᠠᠶᠠᠬᠳᠠᠮᠠᠯ ᠡᠳ᠋᠎ᠤᠨ ᠬᠡᠮᠵᠢᠶ᠎ᠡ ᠵᠢ ᠪᠠᠭ᠋ᠠᠰᠬᠠᠬᠤ
 
             蒙ICP备05000248号