ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠠᠵᠢᠯ᠎ᠤᠨ ᠬᠠᠮᠢᠶᠠᠷᠤᠯᠲᠠ ᠵᠢᠨ ᠠᠵᠢᠯᠲᠠᠨ ᠪᠠ ᠬᠠᠮᠢᠶ᠎ᠠ ᠪᠦᠬᠦᠢ ᠠᠵᠤ ᠠᠬᠤᠢ᠌ᠯᠠᠯ᠎ᠤᠨ ᠠᠵᠢᠯᠲᠠᠨ᠎ᠤ ᠲᠤᠬᠠᠢ᠌ᠯᠠᠭᠰᠠᠨ ᠠᠵᠢᠯ᠎ᠤᠨ ᠤᠷ᠎ᠠ ᠴᠢᠳᠠᠪᠤᠷᠢ ᠪᠠ ᠲᠤᠬᠠᠢ᠌ᠯᠠᠭᠰᠠᠨ ᠠᠵᠢᠯ᠎ᠤᠨ ᠬᠡᠪ ᠪᠣᠯᠪᠠᠰᠤᠷᠠᠯ᠎ᠢ ᠳᠡᠬᠡᠭᠰᠢᠯᠡᠬᠦᠯᠵᠦ᠂ ᠮᠠᠨ᠎ᠤ ᠣᠷᠣᠨ᠎ᠤ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠠᠵᠢᠯ᠎ᠤᠨ ᠬᠢᠷᠢ ᠲᠦᠪᠰᠢᠨ᠎ᠢ ᠲᠡᠭᠡᠭᠰᠢᠯᠡᠬᠦᠯᠬᠦ ᠵᠢᠨ ᠲᠤᠰᠠᠳᠠ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠷᠢᠭᠤᠨ ᠴᠡᠪᠡᠷ ᠦᠢ᠍ᠯᠡᠳᠪᠦᠷᠢᠯᠡᠯ᠎ᠢ ᠠᠬᠢᠭᠤᠯᠬᠤ ᠬᠠᠤᠯᠢ》᠂ 《ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠠᠷᠭ᠎ᠠ》᠂ 《ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠵᠤ ᠦᠨᠡᠯᠡᠨ ᠵᠢᠱ᠌ᠢᠬᠦ ᠪᠠ ᠰᠢᠯᠭ᠋ᠠᠨ ᠠᠪᠬᠤ ᠵᠢᠭ᠋ᠠᠯᠲᠠ》 ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ᠂ ᠣᠢ᠌ᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠭᠣᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠠᠴᠠ ᠳᠠᠭ᠋ᠠᠭ᠋ᠠᠨ ᠡᠷᠭᠢᠯᠡᠭᠰᠡᠨ ᠪᠥᠬᠥ ᠣᠷᠣᠨ᠎ᠤ ᠭᠣᠣᠯᠳᠠᠯᠭ᠎ᠠ᠎ᠲᠠᠢ ᠠᠵᠢᠯ ᠲᠥᠷᠥᠯ᠎ᠤᠨ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠵᠢ ᠬᠥᠬᠡᠬᠣᠲᠠ᠎ᠳᠤ ᠤᠷᠤᠭᠰᠢᠲᠠᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠡᠯ᠎ᠡ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠬᠠᠮᠢᠶ᠎ᠠ ᠪᠦᠬᠦᠢ ᠨᠢᠭᠡᠴᠢ᠂ ᠠᠵᠤ ᠠᠬᠤᠢ᠌ᠯᠠᠯ᠎ᠤᠨ 120 ᠭᠠᠷᠤᠢ ᠬᠥᠮᠥᠨ ᠲᠣᠰ ᠤᠳᠠᠭ᠋ᠠᠨ᠎ᠤ ᠪᠣᠯᠪᠠᠰᠤᠷᠠᠯ᠎ᠳᠤ ᠣᠷᠣᠯᠴᠠᠵᠠᠢ᠃
ᠲᠤᠰ ᠤᠳᠠᠭ᠋ᠠᠨ᠎ᠤ ᠪᠣᠯᠪᠠᠰᠤᠷᠠᠯ᠎ᠢ ᠲᠥᠪᠯᠡᠷᠡᠭᠦᠯᠦᠨ ᠬᠢᠴᠢᠶᠡᠯᠯᠡᠬᠦ᠂ ᠰᠣᠯᠢᠯᠴᠠᠨ ᠰᠤᠳᠤᠯᠤᠨ ᠶᠠᠷᠢᠯᠴᠠᠬᠤ ᠵᠢ ᠤᠶᠠᠯᠳᠤᠭᠤᠯᠬᠤ ᠠᠷᠭ᠎ᠠ ᠪᠠᠷ ᠶᠠᠪᠤᠭᠳᠠᠭᠤᠯᠵᠤ᠂ ᠪᠣᠯᠪᠠᠰᠤᠷᠠᠯ᠎ᠤᠨ ᠠᠩᠭᠢ᠎ᠨᠢ ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠵᠡᠷᠭᠡ ᠨᠢᠭᠡᠴᠢ ᠵᠢᠨ ᠨᠡᠷ᠎ᠡ ᠬᠦᠨᠳᠦᠲᠡᠢ ᠲᠤᠰᠬᠠᠢ ᠮᠡᠷᠭᠡᠵᠢᠯᠲᠡᠨ᠎ᠢ ᠤᠷᠢᠵᠤ᠂ ᠠᠷᠢᠭᠤᠨ ᠴᠡᠪᠡᠷ ᠦᠢ᠍ᠯᠡᠳᠪᠦᠷᠢᠯᠡᠯ ᠢ ᠬᠢᠨᠠᠨ ᠬᠠᠷᠭᠤᠭᠤᠯᠬᠤ ᠬᠠᠮᠤᠭ᠎ᠤᠨ ᠰᠢᠨ᠎ᠡ ᠲᠥᠷᠥ ᠵᠢᠨ ᠪᠣᠳᠣᠯᠭ᠎ᠠ᠎ᠳᠤ ᠰᠢᠨ᠎ᠡ ᠵᠢ ᠡᠭᠦᠳᠬᠦ ᠲᠤᠷᠰᠢᠯᠲᠠ ᠵᠢᠨ ᠳᠦᠷᠦᠯ ᠵᠦᠢ᠍ᠯ᠎ᠤᠨ ᠠᠵᠢᠯ᠎ᠤᠨ ᠱᠠᠭ᠋ᠠᠷᠳᠠᠯᠭ᠎ᠠ ᠵᠢᠴᠢ ᠬᠡᠷᠡᠭ᠎ᠤᠨ ᠵᠢᠱ᠌ᠢᠶ᠎ᠡ ᠵᠢ ᠵᠠᠳᠠᠯᠬᠤ᠎ᠪᠠᠷ ᠰᠠᠭᠤᠷᠢ ᠪᠣᠯᠭ᠋ᠠᠵᠤ᠂ ᠭᠣᠣᠯᠳᠠᠯᠭ᠋ᠠᠲᠤ ᠠᠵᠢᠯ ᠲᠥᠷᠥᠯ᠎ᠤᠨ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠵᠤ ᠦᠨᠡᠯᠡᠨ ᠵᠢᠱ᠌ᠢᠬᠦ ᠪᠠ ᠰᠢᠯᠭ᠋ᠠᠨ ᠠᠪᠴᠤ ᠨᠠᠢ᠌ᠷᠠᠭᠤᠯᠤᠨ ᠵᠣᠬᠢᠶᠠᠬᠤ ᠮᠡᠷᠭᠡᠵᠢᠯ᠎ᠤᠨ ᠭᠣᠣᠯᠳᠠᠯᠭ᠎ᠠ᠎ᠳᠤ ᠨᠠᠷᠢᠨ ᠵᠠᠳᠠᠯᠤᠯᠲᠠ ᠬᠢᠭᠰᠡᠨ ᠪᠥᠭᠡᠳ ᠭᠦᠨᠵᠡᠭᠡᠢ ᠲᠠᠢ᠌ᠯᠪᠤᠷᠢᠯᠠᠯᠲᠠ ᠬᠢᠭᠰᠡᠨ ᠪᠠᠢ᠌ᠨ᠎ᠠ᠃
ᠲᠣᠰ ᠤᠳᠠᠭ᠋ᠠᠨ᠎ᠤ ᠪᠣᠯᠪᠠᠰᠤᠷᠠᠯ᠎ᠨᠢ ᠪᠣᠯᠪᠠᠰᠤᠷᠠᠯ᠎ᠳᠤ ᠣᠷᠣᠯᠴᠠᠭᠰᠠᠳ᠎ᠲᠤ ᠰᠠᠶ᠋ᠢᠨ ᠰᠠᠢ᠌ᠬᠠᠨ ᠰᠤᠷᠤᠯᠴᠠᠬᠤ ᠲᠣᠬᠢᠶᠠᠯ ᠣᠯᠭᠣᠵᠤ᠂ ᠬᠢᠴᠢᠶᠡᠯᠯᠡᠵᠦ ᠪᠠᠢ᠌ᠭ᠎ᠠ ᠪᠠᠭᠰᠢ ᠵᠢᠨ ᠲᠠᠢ᠌ᠯᠤᠮᠵᠢ᠎ᠨᠢ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠨᠢᠭᠲᠠ ᠤᠶᠠᠯᠳᠤᠭᠤᠯᠤᠨ᠂ ᠬᠣᠶ᠋ᠢᠰᠢᠳᠠ ᠵᠢᠨ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠠᠵᠢᠯ᠎ᠢ ᠲᠤᠰᠬᠠᠢ᠌ᠵᠢᠭᠤᠯᠬᠤ᠂ ᠮᠡᠷᠭᠡᠵᠢᠯᠵᠢᠭᠦᠯᠬᠦ᠎ᠳᠤ ᠡᠯᠪᠡᠭ ᠪᠠᠶᠠᠯᠢᠭ ᠬᠡᠷᠡᠭ᠎ᠤᠨ ᠵᠢᠱ᠌ᠢᠶ᠎ᠡ ᠵᠢᠨ ᠵᠠᠳᠠᠯᠤᠯᠲᠠ ᠬᠠᠩᠭ᠋ᠠᠭᠰᠠᠨ ᠪᠥᠭᠡᠳ ᠮᠠᠨ᠎ᠤ ᠣᠷᠣᠨ᠎ᠤ ᠭᠣᠣᠯᠳᠠᠯᠭ᠎ᠠ᠎ᠲᠠᠢ ᠠᠵᠢᠯ ᠲᠥᠷᠥᠯ᠎ᠤᠨ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠠᠵᠢᠯ᠎ᠢ ᠥᠷᠨᠢᠭᠦᠯᠬᠦ᠎ᠳᠤ ᠯᠠᠪᠳᠠᠭᠤᠨ ᠪᠠᠲᠤᠲᠠᠢ ᠤᠨᠤᠯ᠎ᠤᠨ ᠰᠠᠭᠤᠷᠢ ᠵᠢ ᠲᠠᠯᠪᠢᠭᠰᠠᠨ ᠪᠠᠢ᠌ᠨ᠎ᠠ᠃