ᠡᠯ᠎ᠡ ᠲᠥᠪ᠎ᠤᠨ ᠵᠠᠰᠠᠭ᠎ᠤᠨ ᠶᠠᠪᠤᠳᠠᠯ᠎ᠤᠨ ᠡᠳ᠋᠎ᠤᠨ ᠶᠠᠪᠤᠳᠠᠯ᠎ᠤᠨ ᠬᠠᠮᠢᠶ᠎ᠠ ᠪᠦᠬᠦᠢ ᠠᠵᠢᠯ᠎ᠤᠨ ᠴᠢᠳᠠᠪᠤᠷᠢ ᠵᠢ ᠪᠥᠬᠥ ᠲᠠᠯ᠎ᠠ᠎ᠪᠠᠷ ᠪᠦᠲᠦᠮᠵᠢᠲᠡᠢ ᠳᠡᠭᠡᠭᠰᠢᠯᠡᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ 12 ᠰᠠᠷ᠎ᠠ ᠵᠢᠨ 6᠎ᠤ ᠡᠳᠦᠷ ᠵᠠᠰᠠᠭ᠎ᠤᠨ ᠶᠠᠪᠤᠳᠠᠯ᠎ᠤᠨ ᠡᠳ᠋᠎ᠤᠨ ᠶᠠᠪᠤᠳᠠᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠭᠢᠯᠡᠵᠦ᠂ ᠬᠦᠷᠢᠶᠡᠯᠡᠩ᠎ᠤᠨ ᠪᠥᠬᠥ ᠺᠠᠳ᠋ᠷ ᠠᠵᠢᠯᠲᠠᠳ ᠪᠣᠯᠪᠠᠰᠤᠷᠠᠯ᠎ᠳᠤ ᠣᠷᠣᠯᠴᠠᠪᠠ᠃ ᠲᠣᠰ ᠤᠳᠠᠭ᠋ᠠᠨ᠎ᠤ ᠪᠣᠯᠪᠠᠰᠤᠷᠠᠯ᠎ᠳᠤ ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠨᠡᠢ᠌ᠭᠡᠮᠯᠢᠭ᠎ᠤᠨ ᠳᠠᠷᠤᠭ᠎ᠠ ᠨᠠ ᠢ ᠴᠢᠩ᠂ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠢ ᠵᠢᠨ ᠶᠡᠬᠡ ᠰᠤᠷᠭ᠋ᠠᠭᠤᠯᠢ ᠵᠢᠨ ᠫᠷᠣᠹᠧᠰᠰᠣᠷ ᠭᠥᠸᠧ ᠶᠠᠨ ᠫᠢᠩ᠎ᠢ ᠲᠤᠰᠬᠠᠢ᠌ᠯᠠᠨ ᠤᠷᠢᠵᠤ ᠬᠢᠴᠢᠶᠡᠯ ᠣᠷᠣᠭᠤᠯᠵᠤ᠂ ᠰᠠᠭᠤᠷᠢ ᠤᠨᠤᠯ᠎ᠤᠨ ᠮᠡᠳᠡᠯᠭᠡ᠎ᠪᠠᠷ ᠭᠣᠣᠯᠯᠠᠭᠤᠯᠤᠨ᠂ ᠡᠳᠦᠷ ᠲᠤᠲᠤᠮ᠎ᠤᠨ ᠠᠵᠢᠯ᠎ᠤᠨ ᠪᠣᠳᠠᠲᠤ ᠵᠢᠱ᠌ᠢᠶ᠎ᠡ᠎ᠪᠠᠷ ᠬᠠᠪᠰᠤᠷᠤᠮᠵᠢ ᠪᠣᠯᠭ᠋ᠠᠵᠤ᠂ ᠠᠯᠪᠠᠨ ᠪᠢᠴᠢᠭ᠎ᠤᠨ ᠵᠣᠬᠢᠶᠠᠨ ᠪᠢᠴᠢᠯᠭᠡ᠂ ᠵᠠᠰᠠᠭ᠎ᠤᠨ ᠣᠷᠳᠣᠨ᠎ᠤ ᠲᠥᠰᠥᠪ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠮᠡᠳᠡᠭᠦᠯᠦᠯᠲᠡ ᠵᠢ ᠨᠠᠢ᠌ᠷᠠᠭᠤᠯᠤᠨ ᠵᠣᠬᠢᠶᠠᠬᠤ ᠵᠡᠷᠭᠡ ᠵᠠᠰᠠᠭ᠎ᠤᠨ ᠶᠠᠪᠤᠳᠠᠯ᠎ᠤᠨ ᠡᠳ᠋᠎ᠤᠨ ᠵᠠᠰᠠᠭ᠎ᠤᠨ ᠬᠠᠮᠢᠶ᠎ᠠ ᠪᠦᠬᠦᠢ ᠮᠡᠳᠡᠯᠭᠡ ᠵᠢ ᠪᠥᠬᠥ ᠲᠠᠯ᠎ᠠ᠎ᠪᠠᠷ ᠰᠢᠰᠲ᠋ᠧᠮ᠎ᠲᠠᠢ ᠲᠠᠢ᠌ᠯᠪᠤᠷᠢᠯᠠᠪᠠ᠃
ᠲᠣᠰ ᠤᠳᠠᠭ᠋ᠠᠨ᠎ᠤ ᠪᠣᠯᠪᠠᠰᠤᠷᠠᠯ᠎ᠤᠨ ᠠᠭᠤᠯᠭ᠎ᠠ ᠵᠢᠨ ᠲᠣᠬᠢᠷᠠᠭᠤᠯᠤᠯᠲᠠ᠎ᠨᠢ ᠪᠠᠶᠠᠯᠢᠭ᠂ ᠣᠨᠣᠯᠴᠢ ᠴᠢᠨᠠᠷ᠂ ᠦᠢ᠍ᠯᠡᠳᠦᠯᠭᠡᠴᠢ ᠴᠢᠨᠠᠷ᠂ ᠬᠠᠨᠳᠤᠯᠭ᠋ᠠᠲᠤ ᠴᠢᠨᠠᠷ ᠵᠶ᠋ᠠᠷ ᠴᠢᠩᠭ᠎ᠠ ᠪᠠᠢ᠌ᠵᠤ᠂ ᠪᠣᠯᠪᠠᠰᠤᠷᠠᠯ᠎ᠳᠤ ᠣᠷᠣᠯᠴᠠᠭᠰᠠᠳ ᠪᠣᠯᠣᠨ ᠬᠢᠴᠢᠶᠡᠯ ᠣᠷᠣᠵᠤ ᠪᠠᠢ᠌ᠭ᠎ᠠ ᠪᠠᠭᠰᠢ ᠨᠠᠷ ᠪᠠᠰᠠ ᠲᠤᠬᠠᠢ ᠵᠢᠨ ᠲᠠᠯᠠᠪᠤᠷ᠎ᠲᠤ ᠠᠰᠠᠭᠤᠯᠲᠠ ᠬᠠᠷᠢᠭᠤᠯᠲᠠ ᠬᠢᠵᠦ᠂ ᠠᠵᠢᠯ᠎ᠤᠨ ᠳᠤᠮᠳᠠ ᠲᠤᠯᠭ᠋ᠠᠷᠠᠭᠰᠠᠨ ᠬᠦᠴᠢᠷ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠨ᠂ ᠪᠣᠯᠪᠠᠰᠤᠷᠠᠯ᠎ᠤᠨ ᠦᠷ᠎ᠡ ᠪᠦᠲᠦᠮᠵᠢ ᠵᠢᠴᠢ ᠤᠯᠠᠨ᠎ᠤ ᠪᠣᠳᠠᠲᠠᠢ ᠠᠵᠢᠯᠯᠠᠬᠤ ᠴᠢᠳᠠᠪᠤᠷᠢ ᠵᠢ ᠤᠯᠠᠮ ᠨᠢᠭᠡ ᠠᠯᠬᠤᠮ ᠪᠡᠬᠢᠵᠢᠭᠦᠯᠦᠨ ᠳᠡᠭᠡᠭᠰᠢᠯᠡᠭᠦᠯᠦᠭᠰᠡᠨ ᠪᠥᠭᠡᠳ ᠮᠠᠨ᠎ᠤ ᠬᠦᠷᠢᠶᠡᠯᠡᠩ᠎ᠤᠨ ᠨᠢᠭᠲᠠᠷᠠᠯ᠎ᠤᠨ ᠬᠦᠴᠦᠨ ᠪᠠ ᠲᠥᠪᠯᠡᠷᠡᠯ᠎ᠤᠨ ᠬᠦᠴᠦᠨ᠎ᠢ ᠴᠦ᠍ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠢ᠌ᠨ᠎ᠠ᠃ ᠢᠦᠢ ᠰᠢᠶᠣᠣ ᠳ᠋ᠦᠩ ᠱᠦᠵᠢ ᠪᠣᠯᠣᠨ ᠮᠢᠶᠣᠣ ᠰᠢᠶᠣᠣ ᠳ᠋ᠦᠩ ᠳᠠᠷᠤᠭ᠎ᠠ ᠲᠤᠰ ᠲᠤᠰ ᠶᠠᠷᠢᠶ᠎ᠠ ᠲᠠᠯᠪᠢᠵᠤ᠂ ᠤᠯᠠᠨ ᠵᠶ᠋ᠠᠷ ᠵᠶ᠋ᠠᠨ ᠡᠨᠡ ᠤᠳᠠᠭ᠋ᠠᠨ᠎ᠤ ᠪᠣᠯᠪᠠᠰᠤᠷᠠᠯ ᠰᠤᠷᠤᠯᠴᠠᠯᠭ᠎ᠠ ᠵᠢᠨ ᠵᠠᠪᠰᠢᠶᠠᠨ᠎ᠢ ᠰᠠᠢ᠌ᠲᠤᠷ ᠠᠳᠬᠤᠵᠤ᠂ ᠣᠶᠤᠨ ᠴᠢᠳᠠᠯ ᠵᠶ᠋ᠠᠨ ᠲᠥᠪᠯᠡᠷᠡᠭᠦᠯᠵᠦ᠂ ᠭᠦᠨᠵᠡᠭᠡᠢ ᠰᠤᠷᠤᠯᠴᠠᠵᠤ᠂ ᠵᠢᠩᠬᠢᠨᠢ ᠴᠢᠳᠠᠪᠤᠷᠢ᠎ᠪᠠᠨ ᠰᠠᠶ᠋ᠢᠲᠤᠷ ᠪᠣᠯᠪᠠᠰᠤᠷᠠᠭᠤᠯᠬᠤ ᠵᠢᠨ ᠬᠠᠮᠲᠤ ᠴᠢᠷᠮᠠᠢ᠌ᠨ ᠲᠠᠪᠰᠢᠬᠤ ᠰᠢᠯᠢᠳᠡᠭ ᠵᠠᠩ ᠴᠢᠨᠠᠷ ᠵᠶ᠋ᠠᠨ ᠦᠷᠭᠦᠯᠵᠢᠯᠡᠨ ᠪᠠᠷᠢᠮᠲᠠᠯᠠᠵᠤ᠂ ᠠᠵᠢᠯ᠎ᠤᠨ ᠳᠤᠮᠳᠠ᠎ᠪᠠᠨ 《ᠢᠮᠠᠭᠲᠠ ᠰᠣᠷᠣᠯᠴᠠᠵᠤ ᠢᠮᠠᠭᠲᠠ ᠰᠢᠨᠡᠴᠢᠯᠡᠨ᠂ ᠢᠮᠠᠭᠲᠠ ᠰᠣᠷᠣᠯᠴᠠᠵᠤ ᠢᠮᠠᠭᠲᠠ ᠬᠡᠷᠡᠭᠯᠡᠬᠦ》 ᠵᠢ ᠦᠨᠡᠨ ᠬᠦ᠌ ᠪᠡᠶᠡᠯᠡᠭᠦᠯᠵᠦ᠂ ᠥᠪᠡᠷ᠎ᠢ᠎ᠪᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠰᠢᠨ᠎ᠡ ᠪᠠᠶ᠋ᠢᠳᠠᠯ᠂ ᠰᠢᠨ᠎ᠡ ᠱᠠᠭ᠋ᠠᠷᠳᠠᠯᠭ᠎ᠠ᠎ᠳᠤ ᠢᠳᠡᠪᠬᠢᠲᠡᠢ ᠬᠠᠨᠳᠤᠵᠤ᠂ ᠬᠣᠶ᠋ᠢᠰᠢᠳᠠ ᠵᠢᠨ ᠡᠯ᠎ᠡ ᠳᠦᠷᠦᠯ᠎ᠤᠨ ᠠᠵᠢᠯ᠎ᠢ ᠥᠷᠨᠢᠭᠦᠯᠬᠦ᠎ᠳᠤ ᠨᠡᠩ ᠪᠠᠲᠤ ᠰᠠᠭᠤᠷᠢ ᠵᠢ ᠲᠠᠯᠪᠢᠬᠤ ᠬᠡᠷᠡᠭᠲᠡᠢ ᠭᠡᠵᠦ ᠱᠠᠭ᠋ᠠᠷᠳᠠᠵᠠᠢ᠃