ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠬᠥᠯᠥᠨ ᠪᠤᠢ᠍ᠢᠷ ᠬᠤᠳᠠ᠎ᠳᠤ ᠬᠦᠷᠴᠦ ᠬᠥᠷᠥᠰᠥ ᠰᠢᠷᠣᠢ᠎ᠶᠢᠨ ᠪᠣᠬᠢᠷᠲᠤᠯ᠎ᠢ ᠰᠡᠷᠭᠡᠢᠯᠡᠨ ᠵᠠᠰᠠᠬᠤ ᠲᠤᠰᠬᠠᠢ ᠰᠡᠳᠦᠪᠲᠦ ᠪᠠᠢᠴᠠᠭᠠᠨ ᠰᠤᠳᠤᠯᠤᠯᠲᠠ ᠬᠢᠪᠡ
ᠨᠡᠶ᠋ᠢᠲᠡᠯᠡᠭᠰᠡᠨ ᠴᠠᠭ᠄ 2025-11-04

《 ᠠᠷᠪᠠᠨ ᠳᠥᠷᠪᠡᠳᠦᠭᠡᠷ ᠲᠠᠪᠤᠨ ᠵᠢᠯ 》᠎ᠤᠨ ᠬᠤᠭᠤᠴᠠᠭᠠᠨ᠎ᠳᠠᠬᠢ ᠬᠥᠷᠥᠰᠥ ᠰᠢᠷᠣᠢ᠎ᠶᠢᠨ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠤᠨ ᠦᠷ᠎ᠡ ᠪᠦᠲᠦᠮᠵᠢ᠎ᠶᠢ ᠰᠢᠨᠵᠢᠯᠡᠬᠦ ᠤᠬᠠᠭᠠᠨᠴᠢ᠎ᠪᠠᠷ ᠦᠨᠡᠯᠡᠨ ᠵᠢᠱ᠌ᠢᠵᠦ ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠬᠤᠭᠤᠴᠠᠭᠠᠨ᠎ᠳᠠᠬᠢ ᠬᠥᠷᠥᠰᠥ ᠰᠢᠷᠣᠢ᠎ᠶᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠭᠣᠣᠯᠳᠠᠯᠭ᠎ᠠ᠎ᠲᠠᠢ ᠠᠵᠢᠯ᠎ᠢ ᠰᠢᠰᠲᠧᠮ᠎ᠲᠠᠢ ᠰᠦᠪᠡᠭᠴᠢᠯᠡᠬᠦ᠎ᠶᠢᠨ ᠲᠥᠯᠥᠭᠡ ᠂ ᠣᠢᠷ᠎ᠠ᠎ᠳᠤ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠡᠴᠡ ᠪᠠᠢᠴᠠᠭᠠᠨ ᠰᠤᠳᠤᠯᠬᠤ ᠳᠤᠭᠤᠢᠯᠠᠩ ᠵᠣᠬᠢᠶᠠᠨ ᠪᠠᠢᠭᠤᠯᠵᠤ ᠬᠥᠯᠥᠨ ᠪᠣᠶ᠋ᠢᠷ ᠬᠣᠲᠠ᠎ᠳᠤ ᠪᠠᠢᠴᠠᠭᠠᠨ ᠰᠤᠳᠤᠯᠤᠯᠲᠠ ᠥᠷᠨᠢᠭᠦᠯᠪᠡ ᠃

ᠪᠠᠢᠴᠠᠭᠠᠨ ᠰᠤᠳᠤᠯᠬᠤ ᠳᠤᠭᠤᠢᠯᠠᠩ᠎ᠤᠨ ᠬᠢᠨ ᠬᠥᠯᠥᠨ ᠪᠣᠶ᠋ᠢᠷ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠡᠷᠭᠡ ᠰᠠᠯᠠᠭ᠎ᠠ ᠮᠥᠴᠢᠷ᠎ᠲᠠᠢ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ᠎ᠶᠢᠨ ᠲᠤᠰᠬᠠᠢ ᠰᠡᠳᠦᠪᠲᠦ ᠶᠠᠷᠢᠯᠴᠠᠬᠤ ᠬᠤᠷᠠᠯ ᠬᠢᠵᠦ᠂ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠪᠣᠬᠢᠷᠲᠤᠭᠰᠠᠨ ᠲᠠᠷᠢᠶᠠᠨ ᠭᠠᠵᠠᠷ᠎ᠢ ᠠᠮᠤᠷ ᠲᠦᠪᠰᠢᠨ᠎ᠢᠶᠡᠷ ᠠᠰᠢᠭ᠍ᠯᠠᠬᠤ ᠂ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠪᠣᠬᠢᠷ ᠤᠰᠤ᠎ᠶᠢ ᠵᠠᠰᠠᠬᠤ ᠂ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠪᠣᠬᠢᠷᠲᠤᠯ᠎ᠢ ᠰᠡᠷᠭᠡᠢᠯᠡᠨ ᠵᠠᠰᠠᠬᠤ ᠵᠡᠷᠭᠡ ᠭᠣᠣᠯᠳᠠᠯᠭ᠎ᠠ ᠎ᠲᠠᠢ ᠬᠦᠷᠢᠶᠡᠨ᠎ᠳᠡᠬᠢ ᠠᠵᠢᠯ᠎ᠤᠨ ᠦᠷ᠎ᠡ ᠪᠦᠲᠦᠮᠵᠢ᠎ᠶᠢ ᠰᠢᠰᠲᠧᠮ᠎ᠲᠠᠢ ᠳ᠋ᠦᠩᠨᠡᠵᠦ ᠂ ᠣᠳᠣᠬᠠᠨ᠎ᠳᠤ ᠲᠤᠯᠭᠠᠷᠠᠵᠤ ᠪᠠᠢᠭ᠎ᠠ ᠭᠣᠣᠯ ᠥᠷᠢᠰᠦᠯᠳᠦᠭᠡᠨ ᠪᠣᠯᠣᠨ ᠬᠦᠴᠢᠷ ᠠᠰᠠᠭᠤᠳᠠᠯ᠎ᠢ ᠭᠦᠨᠵᠡᠭᠡᠢ ᠵᠠᠳᠠᠯᠤᠭᠰᠠᠨ᠎ᠤ ᠬᠠᠮᠲᠤ᠂ ᠳᠠᠷᠠᠭᠠᠴᠢ᠎ᠶᠢᠨ ᠠᠯᠬᠤᠮ᠎ᠳᠤ ᠪᠣᠬᠢᠷᠲᠤᠯ᠎ᠢ ᠡᠬᠢ ᠡᠭᠦᠰᠦᠯ᠎ᠡᠴᠡ ᠨᠢ ᠤᠷᠢᠳᠴᠢᠯᠠᠨ ᠰᠡᠷᠭᠡᠢᠯᠡᠬᠦ᠎ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠮᠡᠷᠭᠡᠵᠢᠯ᠎ᠦᠨ ᠲᠤᠯᠭᠠᠭᠤᠷᠢᠯᠠᠯ ᠪᠣᠯᠣᠨ ᠣᠶᠤᠨᠴᠢ ᠬᠢᠨᠠᠨ ᠬᠠᠮᠢᠶᠠᠷᠤᠯᠲᠠ᠎ᠶᠢᠨ ᠴᠢᠳᠠᠪᠤᠷᠢ᠎ᠶᠢ ᠳᠡᠭᠡᠭᠰᠢᠯᠡᠭᠦᠯᠬᠦ᠂ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠦᠨ ᠣᠷᠣᠰᠢᠨ ᠰᠠᠭᠤᠬᠤ ᠣᠷᠴᠢᠨ ᠲᠣᠭᠣᠷᠢᠨ᠎ᠢ ᠦᠷᠭᠦᠯᠵᠢᠯᠡᠨ ᠰᠠᠢᠵᠢᠷᠠᠭᠤᠯᠬᠤ ᠵᠡᠷᠭᠡ ᠠᠵᠢᠯ᠎ᠤᠨ ᠲᠤᠬᠠᠢ ᠭᠦᠢᠴᠡᠳ ᠰᠣᠯᠢᠯᠴᠠᠵᠠᠢ᠃

ᠪᠠᠢᠴᠠᠭᠠᠨ ᠰᠤᠳᠤᠯᠤᠯᠲᠠ ᠬᠢᠬᠦ ᠬᠤᠭᠤᠴᠠᠭᠠᠨ᠎ᠳᠤ ᠂ ᠬᠥᠯᠥᠨ ᠪᠣᠶ᠋ᠢᠷ᠎ᠤᠨ ᠬᠥᠷᠥᠰᠥ ᠰᠢᠷᠣᠢ᠎ᠶᠢᠨ ᠪᠣᠬᠢᠷᠲᠤᠯ᠎ᠤᠨ ᠪᠣᠳᠠᠲᠠᠢ ᠪᠠᠢᠳᠠᠯ᠎ᠢ ᠦᠨᠳᠦᠰᠦᠯᠡᠨ ᠂ ᠪᠠᠢᠴᠠᠭᠠᠨ ᠰᠤᠳᠤᠯᠬᠤ ᠳᠤᠭᠤᠢᠯᠠᠩ᠎ᠤᠨ ᠬᠢᠨ ᠨᠡᠢᠲᠡᠯᠢᠭ ᠠᠵᠤ ᠠᠬᠤᠢᠯᠠᠯ᠎ᠢ ᠰᠣᠩᠭᠣᠨ ᠲᠤᠬᠠᠢ᠎ᠶᠢᠨ ᠭᠠᠵᠠᠷ ᠲᠤᠨᠢ ᠪᠠᠢᠴᠠᠭᠠᠨ ᠰᠤᠳᠤᠯᠤᠯᠲᠠ ᠬᠢᠪᠡ ᠃ ᠰᠢᠷᠠᠲᠠᠯ᠎ᠠ᠎ᠶᠢᠨ ᠨᠢᠭᠡᠳᠦᠭᠡᠷ ᠮᠠᠯᠵᠢᠯ᠎ᠤᠨ ᠲᠠᠯᠠᠪᠠᠶ᠎ᠳᠤ ᠂ ᠮᠠᠯ ᠵᠢᠭᠦᠷᠲᠡᠨ᠎ᠦ ᠢᠯᠭᠠᠳᠠᠰᠤᠨ ᠪᠣᠬᠢᠷᠲᠤᠯ᠎ᠢ ᠪᠥᠬᠥ ᠭᠢᠨᠵᠢ᠎ᠪᠡᠷ ᠬᠣᠷᠢᠶᠠᠨ ᠴᠤᠭᠯᠠᠭᠤᠯᠬᠤ ᠂ ᠰᠢᠢᠳᠪᠦᠷᠢᠯᠡᠬᠦ ᠪᠠ ᠡᠬᠢ ᠪᠠᠶᠠᠯᠢᠭ᠍ᠵᠢᠭᠤᠯᠤᠨ ᠠᠰᠢᠭ᠍ᠯᠠᠬᠤ ᠵᠠᠭᠪᠤᠷ᠎ᠤᠨ ᠪᠣᠳᠠᠲᠠᠢ ᠠᠵᠢᠯᠯᠠᠭᠠᠨ᠎ᠤ ᠦᠷ᠎ᠡ ᠪᠦᠲᠦᠮᠵᠢ ᠵᠢᠴᠢ ᠬᠥᠷᠥᠰᠥ ᠰᠢᠷᠣᠢ ᠂ ᠤᠰᠤᠨ ᠴᠣᠭᠴᠠ᠎ᠳᠤ ᠦᠵᠡᠭᠦᠯᠬᠦ ᠣᠷᠴᠢᠨ ᠲᠣᠭᠣᠷᠢᠨ᠎ᠤ ᠨᠥᠯᠥᠭᠡᠯᠡᠯ᠎ᠢ ᠭᠣᠣᠯᠳᠠᠯᠭ᠎ᠠ᠎ᠲᠠᠢ ᠣᠢᠯᠠᠭᠠᠪᠠ ᠃ ᠬᠥᠯᠥᠨ ᠪᠣᠶ᠋ᠢᠷ᠎ᠤᠨ ᠤᠮᠠᠷᠠᠲᠤ ᠡᠵᠡᠮᠰᠢᠯ᠎ᠦᠨ ᠤᠰᠤᠨ᠎ᠤ ᠶᠠᠪᠤᠳᠠᠯ᠎ᠤᠨ ᠬᠢᠵᠠᠭᠠᠷᠲᠤ ᠺᠣᠮᠫᠠᠨᠢ᠎ᠳᠤ᠂ ᠪᠣᠬᠢᠷ ᠤᠰᠤ᠎ᠶᠢ ᠰᠢᠢᠳᠪᠦᠷᠢᠯᠡᠬᠦ ᠤᠷᠠᠯᠠᠯ᠎ᠤᠨ ᠶᠠᠪᠤᠴᠠ᠎ᠶᠢ ᠰᠢᠯᠢᠳᠡᠭᠵᠢᠭᠦᠯᠦᠭᠰᠡᠨ᠂ ᠤᠰᠤᠨ᠎ᠤ ᠴᠢᠨᠠᠷ᠎ᠢ ᠲᠣᠭᠲᠠᠪᠤᠷᠢᠵᠢᠭᠤᠯᠤᠨ ᠪᠠᠷᠢᠮᠵᠢᠶ᠎ᠠ᠎ᠳᠤ ᠬᠦᠷᠭᠡᠭᠰᠡᠨ ᠪᠠᠢᠳᠠᠯ ᠵᠢᠴᠢ ᠡᠷᠬᠢᠨ ᠲᠣᠭᠣᠷᠢᠨ᠎ᠤ ᠣᠷᠴᠢᠨ ᠲᠣᠭᠣᠷᠢᠨ᠎ᠳᠤ ᠦᠵᠡᠭᠦᠯᠬᠦ ᠳᠠᠯᠳᠠ ᠨᠥᠯᠥᠭᠡ᠎ᠶᠢ ᠭᠣᠣᠯᠳᠠᠯᠭ᠎ᠠ᠎ᠲᠠᠢ ᠪᠠᠢᠴᠠᠭᠠᠨ ᠰᠤᠳᠤᠯᠵᠠᠢ᠃
ᠲᠠᠷᠠᠭᠠᠴᠢ᠎ᠶᠢᠨ ᠠᠯᠬᠤᠮ᠎ᠳᠤ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠲᠣᠰ ᠤᠳᠠᠭᠠᠨ᠎ᠤ ᠪᠠᠢᠴᠠᠭᠠᠨ ᠰᠤᠳᠤᠯᠤᠯᠲᠠ᠎ᠶᠢᠨ ᠦᠷ᠎ᠡ ᠪᠦᠲᠦᠭᠡᠯ᠎ᠢ ᠦᠨᠳᠦᠰᠦᠯᠡᠨ ᠂ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠬᠠᠮᠢᠶ᠎ᠠ ᠪᠦᠬᠦᠢ ᠠᠵᠢᠯ᠎ᠤᠨ ᠦᠷ᠎ᠡ ᠪᠦᠲᠦᠮᠵᠢ᠎ᠶᠢ ᠰᠢᠰᠲᠧᠮ᠎ᠲᠠᠢ ᠦᠨᠡᠯᠡᠨ ᠵᠢᠱ᠌ᠢᠵᠦ ᠂ ᠥᠪᠡᠷᠲᠡᠭᠡᠨ ᠵᠠᠰᠠᠬᠤ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠤᠨ ᠬᠥᠷᠥᠰᠥ ᠰᠢᠷᠣᠢ ᠂ ᠭᠠᠵᠠᠷ ᠳᠣᠣᠷᠠᠬᠢ ᠤᠰᠤ ᠵᠢᠴᠢ ᠮᠠᠯᠵᠢᠬᠤ ᠲᠠᠷᠢᠶᠠᠯᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ᠎ᠶᠢ ᠰᠢᠨᠵᠢᠯᠡᠬᠦ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ ᠂ ᠪᠥᠬᠥ ᠣᠷᠣᠨ᠎ᠤ ᠬᠥᠷᠥᠰᠥ ᠰᠢᠷᠣᠢ᠎ᠶᠢᠨ ᠬᠦᠷᠢᠶᠡᠨ᠎ᠳᠡᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠰᠢᠨᠵᠢᠯᠡᠬᠦ ᠤᠬᠠᠭᠠᠨᠴᠢ ᠲᠤᠯᠭᠠᠭᠤᠷᠢᠯᠠᠯ ᠬᠠᠩᠭᠠᠨ᠎ᠠ ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号