ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠠᠬᠢᠭᠤᠯᠬᠤ᠎ᠶᠢᠨ ᠲᠥᠯᠥᠭᠡ᠂ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ ᠪᠠᠢᠭᠤᠯᠤᠭᠳᠠᠭᠰᠠᠨ 98 ᠵᠢᠯ᠎ᠦᠨ ᠤᠢ ᠪᠣᠯᠬᠤ ᠲᠠᠰᠢᠷᠠᠮ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠬᠡᠰᠡᠭ ᠨᠠᠮ᠎ᠤᠨ ᠡᠭᠦᠷ ᠵᠡᠪᠰᠡᠭᠲᠦ ᠴᠠᠭᠳᠠᠭ᠎ᠠ᠎ᠶᠢᠨ ᠥᠪᠥᠷ ᠮᠣᠩᠭᠣᠯ᠎ᠤᠨ ᠶᠡᠷᠦᠩᠬᠡᠢ ᠠᠩᠭᠢ᠎ᠶᠢᠨ ᠪᠡᠯᠡᠳᠬᠡᠯ ᠰᠠᠯᠪᠤᠷᠢ ᠠᠩᠭᠢ᠎ᠳᠤ ᠬᠦᠷᠴᠦ 《 ᠴᠡᠷᠢᠭ ᠠᠷᠠᠳ ᠬᠠᠮᠲᠤ᠎ᠪᠠᠷ ᠪᠠᠢᠭᠤᠯᠵᠤ ᠰᠤᠷᠲᠠᠯ᠎ᠢᠶᠠᠨ ᠬᠦᠴᠦᠷᠬᠡᠭᠵᠢᠭᠦᠯᠵᠦ ᠪᠣᠬᠢᠷᠲᠤᠯ ᠦᠭᠡᠢ ᠤᠮᠠᠷᠠᠲᠤ ᠬᠢᠯᠢ᠎ᠶᠢᠨ ᠤᠭ ᠰᠠᠨᠠᠭ᠎ᠠ᠎ᠪᠠᠨ ᠦᠢᠯᠡᠳᠦᠯᠭᠡᠵᠢᠭᠦᠯᠬᠦ 》 《8·1》᠎ᠤ ᠴᠡᠷᠢᠭ ᠪᠠᠢᠭᠤᠯᠤᠭᠳᠠᠭᠰᠠᠨ ᠪᠠᠶᠠᠷ᠎ᠢ ᠪᠡᠯᠭᠡᠯᠡᠬᠦ ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠵᠡᠢ᠃
ᠴᠡᠷᠢᠭ᠎ᠦᠨ ᠬᠤᠸᠠᠷᠠᠨ᠎ᠳᠤ ᠬᠦᠷᠦᠭᠰᠡᠨ᠎ᠦ ᠳᠠᠷᠠᠭ᠎ᠠ᠂ ᠪᠡᠯᠡᠳᠬᠡᠯ ᠰᠠᠯᠪᠤᠷᠢ ᠠᠩᠭᠢ᠎ᠶᠢᠨ ᠪᠠᠢᠭᠤᠯᠭ᠎ᠠ᠎ᠶᠢᠨ ᠠᠰᠠᠷ᠎ᠤᠨ ᠡᠮᠦᠨ᠎ᠡ ᠲᠣᠬᠣᠨᠢᠭᠤᠯᠤᠨ ᠪᠣᠳᠠᠰ ᠪᠡᠯᠡᠭᠯᠡᠨ ᠬᠦᠷᠭᠡᠬᠦ ᠠᠵᠢᠯᠯᠠᠭ᠎ᠠ ᠬᠢᠪᠡ᠃ ᠳᠠᠷᠠᠭ᠎ᠠ ᠨᠢ᠂ ᠤᠯᠠᠨ᠎ᠢᠶᠠᠷ᠎ᠢᠶᠠᠨ ᠰᠠᠯᠪᠤᠷᠢ ᠠᠩᠭᠢ᠎ᠶᠢᠨ ᠴᠡᠷᠢᠭ᠎ᠦᠨ ᠶᠠᠪᠤᠳᠠᠯ᠎ᠤᠨ ᠪᠣᠯᠪᠠᠰᠤᠷᠠᠯ᠎ᠤᠨ ᠲᠤᠰᠬᠠᠢ ᠪᠣᠯᠪᠠᠰᠤᠷᠠᠯ᠎ᠤᠨ ᠲᠠᠰᠤᠭ᠎ᠢ ᠲᠣᠭᠣᠷᠢᠨ ᠦᠵᠡᠵᠦ᠂ ᠴᠡᠷᠢᠭ ᠠᠩᠭᠢ᠎ᠶᠢᠨ ᠴᠡᠷᠢᠭ᠎ᠦᠨ ᠶᠠᠪᠤᠳᠠᠯ᠎ᠤᠨ ᠪᠣᠯᠪᠠᠰᠤᠷᠠᠯ᠎ᠤᠨ ᠦᠨᠳᠦᠰᠦᠨ ᠪᠠᠢᠳᠠᠯ᠎ᠢ ᠭᠦᠨᠵᠡᠭᠡᠢ ᠣᠢᠯᠠᠭᠠᠪᠠ᠃ ᠪᠣᠯᠪᠠᠰᠤᠷᠠᠯ᠎ᠤᠨ ᠲᠠᠯᠠᠪᠠᠢ᠎ᠳᠤ᠂ ᠳᠠᠷᠤᠭ᠎ᠠ ᠪᠠᠢᠯᠳᠤᠭ᠍ᠴᠢᠳ ᠭᠣᠢᠳᠠ ᠰᠠᠢᠬᠠᠨ ᠴᠡᠷᠢᠭ᠎ᠦᠨ ᠶᠠᠪᠤᠳᠠᠯ᠎ᠤᠨ ᠰᠣᠷᠢᠯᠲᠠ ᠬᠢᠭᠰᠡᠨ ᠪᠥᠭᠡᠳ ᠬᠡᠰᠡᠭ ᠣᠳᠣᠬᠢᠴᠢᠯᠠᠭᠰᠠᠨ ᠲᠣᠨᠣᠭᠯᠠᠯ᠂ ᠮᠠᠰᠢᠨ ᠲᠡᠷᠭᠡ᠎ᠶᠢ ᠳᠡᠯᠭᠡᠨ ᠦᠵᠡᠭᠦᠯᠵᠦ᠂ ᠴᠡᠷᠢᠭ ᠠᠩᠭᠢ᠎ᠶᠢᠨ ᠰᠢᠯᠭᠠᠷᠠᠭᠰᠠᠨ ᠴᠡᠷᠢᠭ᠎ᠦᠨ ᠶᠠᠪᠤᠳᠠᠯ᠎ᠤᠨ ᠪᠣᠯᠪᠠᠰᠤᠷᠠᠯ ᠪᠣᠯᠣᠨ ᠬᠦᠴᠦᠷᠬᠡᠭ ᠶᠡᠬᠡ ᠪᠣᠳᠠᠲᠤ ᠪᠠᠢᠯᠳᠤᠭᠠᠨ᠎ᠤ ᠴᠢᠳᠠᠪᠤᠷᠢ᠎ᠶᠢ ᠣᠢᠷ᠎ᠠ ᠵᠠᠢ᠎ᠠᠴᠠ ᠤᠯᠠᠨ᠎ᠳᠤ ᠮᠡᠳᠡᠷᠡᠭᠦᠯᠵᠡᠢ᠃
ᠲᠣᠰ ᠤᠳᠠᠭᠠᠨ᠎ᠤ ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠨᠢ ᠲᠤᠬᠠᠢ᠎ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ᠎ᠪᠠᠷ ᠳᠠᠮᠵᠢᠭᠤᠯᠤᠨ ᠴᠡᠷᠢᠭ ᠠᠩᠭᠢ᠎ᠶᠢᠨ ᠴᠢᠩᠭ᠎ᠠ ᠲᠣᠳᠣᠷᠬᠠᠢ ᠰᠠᠬᠢᠯᠭ᠎ᠠ ᠪᠠᠲᠤ ᠂ ᠰᠢᠯᠢᠳᠡᠭ ᠰᠠᠢᠨ ᠰᠤᠷᠲᠠᠯ ᠪᠠ ᠴᠣᠭ ᠪᠠᠳᠠᠷᠠᠩᠭᠤᠢ ᠲᠡᠮᠡᠴᠡᠯ᠎ᠦᠨ ᠵᠣᠷᠢᠭ᠋᠎ᠢ ᠣᠯᠠᠨ᠎ᠳᠤ ᠣᠢᠯᠠᠭᠠᠭᠤᠯᠪᠠ ᠃ ᠣᠯᠠᠨ᠎ᠢᠶᠠᠷ᠎ᠢᠶᠠᠨ ᠄ ᠠᠷᠠᠳ᠎ᠤᠨ ᠴᠡᠷᠢᠭ᠎ᠢᠶᠡᠷ ᠳᠠᠭᠤᠷᠢᠶᠠᠯ ᠪᠣᠯᠭᠠᠵᠤ ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠰᠡᠳᠬᠢᠯ᠎ᠳᠡᠭᠡᠨ ᠰᠢᠩᠭᠡᠭᠡᠵᠦ᠂ ᠦᠢᠯᠡ ᠠᠵᠢᠯᠯᠠᠭ᠎ᠠ᠎ᠳᠠᠭᠠᠨ ᠰᠢᠩᠭᠡᠭᠡᠵᠦ᠂ ᠦᠵᠡᠯ ᠰᠠᠨᠠᠭᠠᠨ᠎ᠤ ᠰᠡᠷᠭᠡᠢᠯᠡᠯᠲᠡ᠎ᠶᠢᠨ ᠱᠤᠭᠤᠮ᠎ᠢ ᠤᠯᠠᠮ ᠴᠢᠨᠠᠭᠰᠢᠳᠠ ᠪᠡᠬᠢᠵᠢᠭᠦᠯᠵᠦ᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠬᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠ ᠴᠢᠩᠭ᠎ᠠ ᠪᠣᠳᠠᠲᠠᠢ ᠰᠤᠷᠲᠠᠯ᠎ᠢᠶᠠᠷ ᠲᠤᠬᠠᠢᠯᠠᠭᠰᠠᠨ ᠠᠵᠢᠯ᠎ᠳᠠᠭᠠᠨ ᠣᠷᠣᠯᠴᠠᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠨᠡᠩ ᠶᠡᠬᠡ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠵᠡᠭᠡᠪᠡ᠃
ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠨᠠᠮ᠎ᠤᠨ ᠶᠡᠷᠦᠩᠬᠡᠢ ᠡᠭᠦᠷ᠂ ᠠᠵᠢᠯᠲᠠᠨ᠎ᠤ ᠶᠠᠪᠤᠳᠠᠯ᠎ᠤᠨ ᠭᠠᠵᠠᠷ᠎ᠤᠨ ᠨᠠᠮ᠎ᠤᠨ ᠡᠭᠦᠷ᠂ ᠬᠥᠷᠥᠰᠥ ᠰᠢᠷᠣᠢ᠎ᠶᠢᠨ ᠭᠠᠵᠠᠷ᠎ᠤᠨ ᠨᠠᠮ᠎ᠤᠨ ᠡᠭᠦᠷ᠂ ᠪᠠᠢᠭᠠᠯᠢ᠎ᠶᠢᠨ ᠭᠠᠵᠠᠷ᠎ᠤᠨ ᠨᠠᠮ᠎ᠤᠨ ᠡᠭᠦᠷ᠂ ᠠᠭᠠᠷ ᠮᠠᠨᠳᠠᠯ᠎ᠤᠨ ᠭᠠᠵᠠᠷ ᠪᠠ ᠠᠭᠤᠷ ᠠᠮᠢᠰᠬᠤᠯ᠎ᠤᠨ ᠭᠠᠵᠠᠷ᠎ᠤᠨ ᠬᠠᠮᠲᠤᠷᠠᠭᠰᠠᠨ ᠨᠠᠮ᠎ᠤᠨ ᠡᠭᠦᠷ᠂ ᠬᠠᠤᠯᠢ ᠲᠣᠭᠲᠠᠭᠠᠯ᠎ᠤᠨ ᠭᠠᠵᠠᠷ᠂ ᠰᠠᠴᠤᠷᠠᠭ᠎ᠤᠨ ᠭᠠᠵᠠᠷ ᠪᠠ ᠣᠷᠴᠢᠨ ᠲᠣᠭᠣᠷᠢᠨ᠎ᠤ ᠦᠨᠡᠯᠡᠯᠲᠡ᠎ᠶᠢᠨ ᠭᠠᠵᠠᠷ᠎ᠤᠨ ᠬᠠᠮᠲᠤᠷᠠᠭᠰᠠᠨ ᠨᠠᠮ᠎ᠤᠨ ᠡᠭᠦᠷ᠂ ᠶᠡᠷᠦᠩᠬᠡᠢᠯᠡᠭᠰᠡᠨ ᠪᠠᠲᠤᠯᠠᠭ᠎ᠠ᠎ᠶᠢᠨ ᠲᠥᠪ᠎ᠦᠨ ᠨᠠᠮ᠎ᠤᠨ ᠡᠭᠦᠷ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ᠎ᠦᠨ ᠨᠠᠮ᠎ᠤᠨ ᠡᠭᠦᠷ᠎ᠦᠨ 30 ᠭᠠᠷᠤᠢ ᠨᠠᠮ᠎ᠤᠨ ᠭᠡᠰᠢᠭᠦᠨ ᠺᠠᠳ᠋ᠷ ᠠᠵᠢᠯᠯᠠᠭ᠎ᠠ᠎ᠳᠤ ᠣᠷᠣᠯᠴᠠᠪᠠ᠃