ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠨᠠᠮ᠎ᠤᠨ ᠶᠡᠷᠦᠩᠬᠡᠢ ᠡᠭᠦᠷ ᠲᠢᠩᠬᠢᠮ᠎ᠦᠨ ᠪᠠᠢᠭᠤᠯᠭ᠎ᠠ᠎ᠶᠢᠨ ᠶᠡᠷᠦᠩᠬᠡᠢᠯᠡᠭᠰᠡᠨ ᠭᠠᠵᠠᠷ᠎ᠤᠨ ᠨᠠᠮ᠎ᠤᠨ ᠡᠭᠦᠷ ᠲᠠᠢ ᠬᠠᠮᠲᠤᠷᠠᠨ 《 ᠲᠤᠯᠤᠭᠠᠨ ᠰᠠᠷ᠎ᠠ᠎ᠶᠢᠨ ᠨᠢᠭᠡᠨ᠎ᠢ ᠪᠡᠯᠭᠡᠯᠡᠵᠦ ᠨᠠᠮ᠎ᠤᠨ ᠲᠡᠦᠬᠡ᠎ᠶᠢ ᠡᠷᠭᠢᠴᠡᠭᠦᠯᠵᠦ ᠤᠭ ᠰᠠᠨᠠᠭ᠎ᠠ᠎ᠪᠠᠨ ᠦᠢᠯᠡᠳᠦᠯᠭᠡᠵᠢᠭᠦᠯᠵᠦ ᠤᠷᠬᠢᠯ᠎ᠳᠤ ᠭᠠᠷᠬᠤ 》 ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-11-04

ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 104 ᠵᠢᠯ᠎ᠦᠨ ᠤᠢ᠎ᠶᠢ ᠪᠡᠯᠭᠡᠯᠡᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠲᠡᠦᠬᠡᠲᠦ ᠡᠭᠦᠷᠭᠡᠲᠦ ᠰᠡᠳᠬᠢᠯᠭᠡ ᠪᠣᠯᠣᠨ ᠬᠠᠷᠢᠭᠤᠴᠠᠯᠭᠠᠲᠤ ᠰᠡᠳᠬᠢᠯᠭᠡ᠎ᠶᠢ ᠴᠢᠩᠭᠠᠳᠬᠠᠬᠤ᠎ᠶᠢᠨ ᠲᠥᠯᠥᠭᠡ᠂ 7 ᠰᠠᠷ᠎ᠠ᠎ᠶᠢᠨ 1᠎ᠦ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠨᠠᠮ᠎ᠤᠨ ᠶᠡᠷᠦᠩᠬᠡᠢ ᠡᠭᠦᠷ ᠶᠡᠷᠦᠩᠬᠡᠢᠯᠡᠭᠰᠡᠨ ᠭᠠᠵᠠᠷ᠎ᠤᠨ ᠨᠠᠮ᠎ᠤᠨ ᠡᠭᠦᠷ ᠲᠠᠢ ᠬᠠᠮᠲᠤᠷᠠᠨ 《 ᠲᠤᠯᠤᠭᠠᠨ ᠰᠠᠷ᠎ᠠ᠎ᠶᠢᠨ ᠨᠢᠭᠡᠨ᠎ᠢ ᠪᠡᠯᠭᠡᠯᠡᠵᠦ ᠨᠠᠮ᠎ᠤᠨ ᠲᠡᠦᠬᠡ᠎ᠶᠢ ᠡᠷᠭᠢᠴᠡᠭᠦᠯᠵᠦ ᠤᠭ ᠰᠠᠨᠠᠭ᠎ᠠ᠎ᠪᠠᠨ ᠦᠢᠯᠡᠳᠦᠯᠭᠡᠵᠢᠭᠦᠯᠵᠦ ᠤᠷᠬᠢᠯ᠎ᠳᠤ ᠭᠠᠷᠬᠤ 》 ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠵᠡᠢ᠃

ᠡᠩ ᠲᠡᠷᠢᠭᠦᠨ᠎ᠳᠦ ᠠᠭᠤᠯᠠ ᠠᠪᠠᠷᠢᠬᠤ ᠠᠵᠢᠯᠯᠠᠭ᠎ᠠ᠎ᠶᠢ ᠵᠣᠬᠢᠶᠠᠨ ᠪᠠᠢᠭᠤᠯᠵᠤ᠂ ᠵᠠᠮ ᠵᠠᠭᠤᠷ᠎ᠠ᠎ᠪᠠᠨ ᠤᠯᠠᠨ᠎ᠢᠶᠠᠷ᠎ᠢᠶᠠᠨ ᠬᠠᠷᠢᠯᠴᠠᠨ ᠵᠣᠷᠢᠭ᠍ᠵᠢᠭᠤᠯᠵᠤ᠂ ᠭᠠᠷ ᠬᠣᠯᠪᠣᠨ ᠬᠠᠮᠲᠤ᠎ᠪᠠᠷ ᠤᠷᠤᠭᠰᠢᠯᠠᠵᠤ᠂ ᠰᠢᠨᠲᠠᠷᠠᠰᠢ ᠦᠭᠡᠢ ᠬᠠᠳᠠᠨ ᠵᠣᠷᠢᠭ᠋᠎ᠢᠶᠠᠷ ᠥᠨᠳᠥᠷ ᠤᠷᠬᠢᠯ ᠵᠦᠭ ᠤᠷᠤᠭᠰᠢᠯᠠᠪᠠ᠃ ᠡᠨᠡ ᠬᠦ᠌ ᠠᠵᠢᠯᠯᠠᠭ᠎ᠠ ᠨᠢ ᠪᠦᠬᠦᠯᠢ ᠡᠳᠦᠷ᠎ᠢᠶᠡᠷ᠎ᠢᠶᠡᠨ ᠠᠯᠪᠠᠨ ᠭᠡᠷ᠎ᠲᠦ ᠠᠵᠢᠯᠯᠠᠵᠤ ᠪᠠᠢᠭ᠎ᠠ ᠨᠥᠬᠥᠳ᠎ᠲᠦ ᠣᠯᠳᠠᠬᠤᠶ᠎ᠠ ᠪᠡᠷᠬᠡ ᠭᠡᠷ᠎ᠦᠨ ᠭᠠᠳᠠᠨᠠᠬᠢ ᠪᠣᠯᠪᠠᠰᠤᠷᠠᠯ᠎ᠤᠨ ᠠᠵᠠ ᠲᠣᠬᠢᠶᠠᠯ ᠣᠯᠭᠣᠭᠰᠠᠨ᠎ᠢᠶᠠᠷ ᠪᠠᠷᠠᠬᠤ ᠦᠭᠡᠢ ᠪᠠᠰᠠ ᠣᠷᠣᠯᠴᠠᠭᠰᠠᠳ᠎ᠲᠤ ᠠᠮᠢ ᠠᠬᠤᠢ ᠣᠷᠴᠢᠨ ᠲᠣᠭᠣᠷᠢᠨ᠎ᠤ ᠨᠠᠷᠢᠨ ᠬᠤᠪᠢᠷᠠᠯᠲᠠ᠎ᠶᠢ ᠨᠡᠩ ᠰᠢᠭᠤᠳ ᠣᠢᠯᠠᠭᠠᠭᠤᠯᠵᠤ᠂ ᠬᠣᠢᠰᠢᠳᠠ᠎ᠶᠢᠨ ᠠᠮᠢ ᠠᠬᠤᠢ ᠣᠷᠴᠢᠨ ᠲᠣᠭᠣᠷᠢᠨ᠎ᠤ ᠠᠵᠢᠯ᠎ᠳᠤ ᠬᠥᠳᠡᠯᠭᠡᠬᠦ ᠬᠦᠴᠦᠨ ᠪᠠ ᠠᠮᠢᠵᠢᠷᠠᠯ᠎ᠤᠨ ᠬᠦᠴᠦᠨ ᠨᠡᠮᠡᠷᠢᠯᠡᠭᠰᠡᠨ ᠪᠠᠢᠨ᠎ᠠ᠃

ᠠᠭᠤᠯᠠ ᠠᠪᠠᠷᠢᠬᠤ ᠠᠵᠢᠯᠯᠠᠭ᠎ᠠ ᠳᠠᠭᠤᠰᠤᠭᠰᠠᠨ᠎ᠤ ᠳᠠᠷᠠᠭ᠎ᠠ᠂ ᠪᠦᠬᠦ ᠬᠥᠮᠥᠰ ᠳᠠᠯᠠᠨ ᠬᠠᠷ᠎ᠠ ᠠᠭᠤᠯᠠᠨ᠎ᠤ ᠬᠤᠪᠢᠰᠬᠠᠯ᠎ᠤᠨ ᠰᠣᠶᠣᠯ᠎ᠤᠨ ᠴᠡᠴᠡᠷᠯᠢᠭ᠎ᠲᠦ ᠬᠦᠷᠴᠦ᠂ ᠳᠠᠯᠠᠨ ᠬᠠᠷ᠎ᠠ ᠠᠭᠤᠯᠠᠨ᠎ᠤ ᠦᠷᠡᠭᠳᠡᠭᠰᠡᠨ ᠪᠠᠭᠠᠲᠤᠷᠴᠤᠳ᠎ᠤᠨ ᠳᠤᠷᠠᠰᠬᠠᠯ᠎ᠤᠨ ᠬᠥᠰᠢᠶ᠎ᠡ᠎ᠶᠢᠨ ᠡᠮᠦᠨ᠎ᠡ ᠦᠷᠡᠭᠳᠡᠭᠰᠡᠨ ᠪᠠᠭᠠᠲᠤᠷᠴᠤᠳ᠎ᠢᠶᠠᠨ ᠳᠠᠬᠢᠬᠤ ᠶᠣᠰᠣᠯᠠᠯ ᠶᠠᠪᠤᠭᠤᠯᠵᠤ᠂ ᠪᠦᠬᠦ ᠬᠥᠮᠥᠰ ᠬᠤᠪᠢᠰᠬᠠᠯ᠎ᠤᠨ ᠠᠬᠠᠮᠠᠳ ᠦᠶ᠎ᠡ᠎ᠶᠢᠨ ᠬᠢᠨ᠎ᠦ ᠠᠭᠤᠤ ᠭᠠᠪᠢᠶ᠎ᠠ ᠠᠤᠭ᠎ᠠ ᠵᠢᠳᠬᠦᠯ᠎ᠢ ᠭᠦᠨ᠎ᠡ ᠳᠤᠷᠠᠰᠤᠨ ᠰᠠᠨᠠᠭᠠᠯᠵᠠᠵᠤ᠂ ᠦᠷᠡᠭᠳᠡᠭᠰᠡᠨ ᠪᠠᠭᠠᠲᠤᠷᠴᠤᠳ᠎ᠢᠶᠠᠨ ᠬᠢᠵᠠᠭᠠᠯᠠᠰᠢ ᠦᠭᠡᠢ ᠳᠤᠷᠠᠰᠤᠨ ᠰᠠᠨᠠᠭᠠᠯᠵᠠᠵᠤ ᠪᠠᠢᠬᠤ ᠪᠠ ᠪᠢᠰᠢᠷᠡᠨ ᠬᠦᠨᠳᠦᠳᠬᠡᠵᠦ ᠪᠠᠢᠬᠤ᠎ᠪᠠᠨ ᠢᠯᠡᠳᠬᠡᠪᠡ᠃ ᠨᠠᠮ᠎ᠤᠨ ᠶᠡᠷᠦᠩᠬᠡᠢ ᠡᠭᠦᠷ᠎ᠦᠨ ᠱᠦᠵᠢ᠎ᠶᠢᠨ ᠳᠠᠭᠠᠭᠤᠯᠭ᠎ᠠ᠎ᠪᠠᠷ᠂ ᠪᠦᠬᠦ ᠨᠠᠮ᠎ᠤᠨ ᠭᠡᠰᠢᠭᠦᠳ ᠨᠠᠮ᠎ᠤᠨ ᠲᠤᠭ᠎ᠤᠨ ᠡᠮᠦᠨ᠎ᠡ ᠬᠠᠨᠳᠤᠵᠤ᠂ ᠨᠠᠮ᠎ᠳᠤ ᠣᠷᠣᠬᠤ ᠲᠠᠩᠭᠠᠷᠢᠭ᠋᠎ᠤᠨ ᠦᠭᠡᠰ᠎ᠢᠶᠡᠨ ᠳᠠᠬᠢᠨᠲᠠ ᠡᠷᠭᠢᠴᠡᠭᠦᠯᠪᠡ᠃ ᠬᠠᠮᠤᠭ ᠰᠡᠬᠦᠯ᠎ᠳᠦ᠂ ᠬᠤᠪᠢᠰᠬᠠᠯ᠎ᠤᠨ ᠦᠵᠡᠭᠦᠯᠭᠡ᠎ᠶᠢᠨ ᠣᠷᠳᠣᠨ᠎ᠳᠤ ᠬᠦᠷᠴᠦ᠂ ᠲᠠᠢᠯᠪᠤᠷᠢᠯᠠᠭ᠍ᠴᠢ᠎ᠶᠢᠨ ᠨᠠᠷᠢᠨ ᠲᠠᠢᠯᠪᠤᠷᠢᠯᠠᠯ ᠳᠣᠣᠷ᠎ᠠ᠂ ᠨᠠᠮ᠎ᠤᠨ ᠭᠡᠰᠢᠭᠦᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠢᠭᠤᠯᠤᠭᠳᠠᠭᠰᠠᠨ᠎ᠠᠴᠠ ᠬᠥᠭᠵᠢᠨ ᠪᠤᠵᠠᠭᠠᠢᠷᠠᠭᠰᠠᠨ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶᠢ ᠭᠦᠨᠵᠡᠭᠡᠢ ᠣᠢᠯᠠᠭᠠᠵᠤ᠂ ᠴᠢᠬᠤᠯᠠ ᠶᠡᠬᠡ ᠲᠡᠦᠬᠡᠨ ᠬᠡᠷᠡᠭ ᠶᠠᠪᠤᠳᠠᠯ᠂ ᠪᠠᠭᠠᠲᠤᠷᠯᠢᠭ᠋ ᠬᠥᠮᠥᠰ᠎ᠦᠨ ᠦᠢᠯᠡ ᠠᠵᠢᠯᠯᠠᠭ᠎ᠠ ᠵᠢᠴᠢ ᠨᠠᠮ᠎ᠤᠨ ᠲᠡᠰᠪᠦᠷᠢ ᠬᠠᠲᠠᠭᠤᠵᠢᠯᠲᠠᠢ ᠲᠡᠮᠡᠴᠡᠭᠰᠡᠨ ᠣᠨ ᠰᠠᠷ᠎ᠠ᠎ᠶᠢ ᠲᠠᠬᠢᠨ ᠡᠷᠭᠢᠴᠡᠭᠦᠯᠪᠡ᠃

ᠲᠤᠰ ᠤᠳᠠᠭ᠎ᠠ᠎ᠶᠢᠨ ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠨᠢ ᠬᠤᠪᠢᠰᠬᠠᠯ᠎ᠤᠨ ᠬᠥᠮᠦᠵᠢᠯ᠎ᠢ ᠦᠢᠯᠡᠳᠦᠯᠭᠡ᠎ᠶᠢᠨ ᠳᠠᠪᠲᠠᠯᠲᠠ᠎ᠲᠠᠢ ᠤᠶᠠᠯᠳᠤᠭᠤᠯᠵᠤ᠂ ᠡᠯᠪᠡᠭ ᠪᠠᠶᠠᠯᠢᠭ᠋ ᠤᠯᠠᠨ ᠶᠠᠩᠵᠤ ᠬᠡᠯᠪᠡᠷᠢ᠎ᠪᠡᠷ ᠨᠠᠮ᠎ᠤᠨ ᠭᠡᠰᠢᠭᠦᠨ ᠺᠠᠳ᠋ᠷᠴᠤᠳ᠎ᠲᠤ ᠨᠠᠮ᠎ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶᠢ ᠭᠦᠨᠵᠡᠭᠡᠢ ᠣᠢᠯᠠᠭᠠᠭᠤᠯᠵᠤ᠂ ᠬᠤᠪᠢᠰᠬᠠᠯ᠎ᠤᠨ ᠭᠧᠨ᠎ᠢ ᠤᠯᠠᠮᠵᠢᠯᠠᠪᠠ᠃ ᠤᠯᠠᠨ᠎ᠢᠶᠠᠷ᠎ᠢᠶᠠᠨ᠂ ᠬᠣᠢᠰᠢᠳᠠ᠎ᠶᠢᠨ ᠠᠵᠢᠯ ᠳᠤᠮᠳᠠ᠎ᠪᠠᠨ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠡᠷᠡᠰ ᠪᠠᠲᠤ ᠢᠲᠡᠭᠡᠯ ᠵᠣᠷᠢᠭ᠋᠎ᠢᠶᠠᠷ ᠠᠮᠢ ᠠᠬᠤᠢ ᠣᠷᠴᠢᠨ ᠲᠣᠭᠣᠷᠢᠨ᠎ᠤ ᠦᠢᠯᠡᠰ᠎ᠲᠦ ᠣᠷᠣᠯᠴᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠲᠤᠭ᠎ᠲᠤ ᠭᠡᠷᠡᠯ ᠭᠢᠯᠪᠠᠭ᠎ᠠ ᠨᠡᠮᠡᠷᠢᠯᠡᠨ᠎ᠡ ᠭᠡᠵᠦ ᠢᠯᠡᠳᠬᠡᠵᠡᠭᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号