ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠮᠧᠲ᠋ᠠᠨ᠎ᠤ ᠭᠠᠳᠠᠭᠰᠢᠯᠠᠭᠤᠯᠤᠯᠲᠠ᠎ᠶᠢ ᠡᠵᠡᠮᠳᠡᠬᠦ ᠪᠠᠢᠴᠠᠭᠠᠨ ᠰᠤᠳᠤᠯᠤᠯᠲᠠ ᠥᠷᠨᠢᠭᠦᠯᠵᠦ ᠭᠣᠣᠯᠳᠠᠯᠭ᠎ᠠ᠎ᠲᠠᠢ ᠠᠵᠢᠯ ᠲᠥᠷᠥᠯ᠎ᠦᠨ ᠭᠠᠳᠠᠭᠰᠢᠯᠠᠭᠤᠯᠤᠯᠲᠠ᠎ᠶᠢ ᠪᠠᠭᠠᠰᠬᠠᠬᠤ ᠠᠷᠭ᠎ᠠ ᠪᠣᠳᠣᠯᠭ᠎ᠠ ᠲᠣᠭᠲᠠᠭᠠᠬᠤ᠎ᠳᠤ ᠬᠦᠴᠦᠨ ᠨᠡᠮᠡᠷᠢᠯᠡᠨ᠎ᠡ
ᠨᠡᠶ᠋ᠢᠲᠡᠯᠡᠭᠰᠡᠨ ᠴᠠᠭ᠄ 2025-11-04

《 ᠮᠧᠲ᠋ᠠᠨ ᠭᠠᠳᠠᠭᠰᠢᠯᠠᠭᠤᠯᠬᠤ᠎ᠶᠢ ᠡᠵᠡᠮᠳᠡᠬᠦ ᠠᠵᠢᠯᠯᠠᠭ᠎ᠠ᠎ᠶᠢᠨ ᠲᠥᠰᠥᠯ 》᠎ᠢ ᠢᠳᠡᠪᠬᠢᠲᠡᠢ ᠳᠠᠭᠠᠬᠤ᠎ᠶᠢᠨ ᠲᠥᠯᠥᠭᠡ᠂ 7 ᠳ᠋ᠤᠭᠠᠷ ᠰᠠᠷ᠎ᠠ᠎ᠶᠢᠨ 22᠎ᠤᠨ ᠡᠳᠦᠷ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠤᠳᠤᠯᠭᠠᠨ᠎ᠤ ᠬᠦᠷᠢᠶᠡᠯᠡᠩ᠎ᠡᠴᠡ ᠲᠤᠰᠬᠠᠢ ᠮᠡᠷᠭᠡᠵᠢᠯ᠎ᠦᠨ ᠠᠵᠢᠯᠲᠠᠨ᠎ᠢ ᠵᠣᠬᠢᠶᠠᠨ ᠪᠠᠢᠭᠤᠯᠤᠨ ᠬᠥᠬᠡᠬᠣᠲᠠ᠎ᠶᠢᠨ ᠬᠡᠰᠡᠭ ᠭᠣᠣᠯᠳᠠᠯᠭ᠎ᠠ᠎ᠲᠠᠢ ᠠᠵᠤ ᠠᠬᠤᠢᠯᠠᠯ᠎ᠳᠤ ᠣᠴᠢᠭᠤᠯᠵᠤ ᠂ ᠮᠧᠲ᠋ᠠᠨ ᠭᠠᠳᠠᠭᠰᠢᠯᠠᠭᠤᠯᠬᠤ᠎ᠶᠢ ᠡᠵᠡᠮᠳᠡᠬᠦ ᠲᠤᠰᠬᠠᠢ ᠪᠠᠢᠴᠠᠭᠠᠨ ᠰᠤᠳᠤᠯᠤᠯᠲᠠ ᠥᠷᠨᠢᠭᠦᠯᠪᠡ ᠃ ᠲᠣᠰ ᠤᠳᠠᠭᠠᠨ᠎ᠤ ᠪᠠᠢᠴᠠᠭᠠᠨ ᠰᠤᠳᠤᠯᠤᠯᠲᠠ ᠨᠢ ᠡᠯ᠎ᠡ ᠠᠵᠢᠯ ᠲᠥᠷᠥᠯ᠎ᠦᠨ ᠮᠧᠲ᠋ᠠᠨ᠎ᠤ ᠭᠠᠳᠠᠭᠰᠢᠯᠠᠭᠤᠯᠤᠯᠲᠠ᠎ᠶᠢᠨ ᠵᠠᠩᠭᠢᠯᠠᠭ᠎ᠠ᠎ᠶᠢᠨ ᠭᠣᠭᠴᠣᠭ᠎ᠠ᠎ᠶᠢ ᠲᠣᠳᠣᠷᠬᠠᠢ ᠣᠢᠯᠠᠭᠠᠬᠤ᠎ᠪᠠᠷ ᠬᠦᠴᠦᠯᠡᠨ ᠴᠢᠷᠮᠠᠢᠵᠤ ᠂ ᠲᠠᠷᠠᠭᠠᠴᠢ᠎ᠶᠢᠨ ᠰᠢᠨᠵᠢᠯᠡᠬᠦ ᠤᠬᠠᠭᠠᠨᠴᠢ ᠪᠦᠲᠦᠮᠵᠢᠲᠡᠶ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠠᠷᠭ᠎ᠠ ᠪᠣᠳᠣᠯᠭ᠎ᠠ᠎ᠶᠢ ᠲᠣᠭᠲᠠᠭᠠᠬᠤ᠎ᠳᠤ ᠪᠠᠲᠤ ᠪᠡᠬᠢ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠭᠰᠠᠨ ᠪᠠᠢᠨ᠎ᠠ ᠃ ᠪᠠᠢᠴᠠᠭᠠᠨ ᠰᠤᠳᠤᠯᠬᠤ ᠳᠤᠭᠤᠢᠯᠠᠩ᠎ᠤᠨ ᠬᠢᠨ ᠲᠤᠰ ᠲᠤᠰ ᠠᠳᠠᠯᠢ ᠪᠤᠰᠤ ᠲᠦᠷᠦᠯ᠎ᠦᠨ ᠭᠣᠣᠯᠳᠠᠯᠭ᠎ᠠ᠎ᠲᠠᠢ ᠠᠵᠤ ᠠᠬᠤᠢᠯᠠᠯ᠎ᠢ ᠰᠤᠷᠪᠤᠯᠵᠢᠯᠠᠪᠠ᠃

ᠬᠥᠬᠡᠬᠣᠲᠠ᠎ᠶᠢᠨ ᠪᠡᠭᠡᠵᠢᠩ ᠬᠣᠲᠠ᠎ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠰᠢᠢᠳᠪᠦᠷᠢᠯᠡᠬᠦ ᠬᠢᠵᠠᠭᠠᠷᠲᠤ ᠺᠣᠮᠫᠠᠨᠢ ᠪᠣᠯᠣᠨ ᠬᠥᠬᠡᠬᠣᠲᠠ᠎ᠶᠢᠨ ᠢ ᠳᠧ ᠺᠠᠩ ᠡᠮᠴᠢᠯᠡᠭᠡᠨ᠎ᠦ ᠬᠣᠭ ᠨᠣᠪᠰᠢ ᠰᠢᠢᠳᠪᠦᠷᠢᠯᠡᠬᠦ ᠬᠢᠵᠠᠭᠠᠷᠲᠤ ᠺᠣᠮᠫᠠᠨᠢ᠎ᠳᠤ ᠂ ᠪᠠᠢᠴᠠᠭᠠᠨ ᠰᠤᠳᠤᠯᠬᠤ ᠠᠵᠢᠯᠲᠠᠳ ᠠᠮᠢᠳᠤᠷᠠᠯ᠎ᠤᠨ ᠬᠣᠭ ᠨᠣᠪᠰᠢ ᠪᠠ ᠡᠮᠴᠢᠯᠡᠭᠡᠨ᠎ᠦ ᠬᠣᠭ ᠨᠣᠪᠰᠢ᠎ᠶᠢ ᠰᠢᠢᠳᠪᠦᠷᠢᠯᠡᠬᠦ ᠂ ᠰᠢᠲᠠᠭᠠᠬᠤ ᠵᠡᠷᠭᠡ ᠮᠧᠲ᠋ᠠᠨ ᠡᠭᠦᠰᠬᠡᠬᠦ ᠵᠠᠩᠭᠢᠯᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ ᠂ ᠬᠠᠶᠠᠭᠳᠠᠮᠠᠯ ᠬᠡᠢ᠎ᠶᠢ ᠰᠢᠢᠳᠪᠦᠷᠢᠯᠡᠬᠦ ᠵᠢᠴᠢ ᠴᠡᠪᠡᠷᠰᠢᠭᠦᠯᠬᠦ ᠰᠢᠰᠲᠧᠮ᠎ᠦᠨ ᠠᠵᠢᠯᠯᠠᠭᠠᠨ᠎ᠤ ᠪᠠᠢᠳᠠᠯ ᠵᠢᠴᠢ ᠨᠢᠭᠡᠨᠲᠡ ᠬᠡᠷᠡᠭᠵᠢᠭᠦᠯᠦᠭᠰᠡᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠠᠷᠭ᠎ᠠ ᠬᠡᠮᠵᠢᠶ᠎ᠡ᠎ᠶᠢ ᠪᠥᠬᠥ ᠲᠠᠯ᠎ᠠ᠎ᠪᠠᠷ ᠨᠠᠷᠢᠨ ᠨᠢᠮᠪᠠᠢ ᠣᠢᠯᠠᠭᠠᠵᠤ ᠂ ᠬᠣᠯᠪᠣᠭᠳᠠᠯ ᠪᠦᠬᠦᠢ ᠠᠵᠤ ᠠᠬᠤᠢᠯᠠᠯ᠎ᠤᠨ ᠬᠣᠭ ᠨᠣᠪᠰᠢ᠎ᠶᠢ ᠰᠢᠢᠳᠪᠦᠷᠢᠯᠡᠬᠦ ᠶᠠᠪᠤᠴᠠ᠎ᠳᠠᠬᠢ ᠮᠧᠲ᠋ᠠᠨ ᠭᠠᠳᠠᠭᠰᠢᠯᠠᠭᠤᠯᠬᠤ ᠪᠣᠳᠠᠲᠠᠢ ᠪᠠᠢᠳᠠᠯ᠎ᠢ ᠭᠦᠨᠵᠡᠭᠡᠢ ᠡᠵᠡᠮᠰᠢᠪᠡ ᠃

ᠵᠢᠨ ᠴᠢᠶᠣᠤ᠎ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠣᠯ ᠲᠤᠰ ᠤᠳᠠᠭᠠᠨ᠎ᠤ ᠪᠠᠢᠴᠠᠭᠠᠨ ᠰᠤᠳᠤᠯᠤᠯᠲᠠ᠎ᠶᠢᠨ ᠪᠠᠰᠠ ᠨᠢᠭᠡᠨ ᠴᠢᠬᠤᠯᠠ ᠦᠷᠳᠡᠭᠡ ᠪᠣᠯᠣᠨ᠎ᠠ᠃ ᠪᠠᠢᠴᠠᠭᠠᠨ ᠰᠤᠳᠤᠯᠤᠯᠲᠠ᠎ᠶᠢᠨ ᠠᠵᠢᠯᠲᠠᠳ ᠪᠣᠬᠢᠷ ᠤᠰᠤ᠎ᠶᠢ ᠰᠢᠢᠳᠪᠦᠷᠢᠯᠡᠬᠦ ᠤᠷᠠᠨ ᠮᠡᠷᠭᠡᠰᠢᠯ᠎ᠦᠨ ᠲᠣᠭᠣᠷᠢᠨ᠎ᠳᠤ ᠬᠦᠴᠢᠯᠲᠥ᠋ᠷᠥᠭᠴᠢ ᠦᠭᠡᠢᠳᠡᠯ᠎ᠦᠨ ᠲᠠᠲᠠᠭᠠᠯ ᠂ ᠪᠣᠬᠢᠷ ᠰᠢᠪᠠᠷ᠎ᠢ ᠰᠢᠩᠭᠡᠭᠡᠬᠦ ᠲᠠᠲᠠᠭᠠᠯ ᠵᠡᠷᠭᠡ ᠠᠮᠠᠷᠬᠠᠨ ᠮᠧᠲ᠋ᠠᠨ ᠡᠭᠦᠰᠳᠡᠭ ᠣᠷᠣᠨ ᠪᠦᠰᠡ᠎ᠶᠢᠨ ᠮᠧᠲ᠋ᠠᠨ᠎ᠢ ᠬᠣᠷᠢᠶᠠᠨ ᠴᠤᠭᠯᠠᠭᠤᠯᠵᠤ ᠠᠰᠢᠭ᠍ᠯᠠᠬᠤ ᠮᠡᠷᠭᠡᠵᠢᠯ᠎ᠢ ᠭᠣᠣᠯᠳᠠᠯᠭ᠎ᠠ᠎ᠲᠠᠢ ᠪᠠᠢᠴᠠᠭᠠᠨ ᠦᠵᠡᠭᠰᠡᠨ᠎ᠦ ᠬᠠᠮᠲᠤ ᠬᠣᠯᠪᠣᠭᠳᠠᠯ ᠪᠦᠬᠦᠢ ᠲᠥᠬᠦᠭᠡᠷᠦᠮᠵᠢ᠎ᠶᠢᠨ ᠠᠵᠢᠯᠯᠠᠭᠠᠨ᠎ᠤ ᠦᠷ᠎ᠡ ᠪᠦᠲᠦᠮᠵᠢ᠎ᠳᠦ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ ᠂ ᠪᠣᠬᠢᠷ ᠤᠰᠤ᠎ᠶᠢ ᠰᠢᠢᠳᠪᠦᠷᠢᠯᠡᠬᠦ ᠠᠵᠢᠯ ᠲᠥᠷᠥᠯ᠎ᠦᠨ ᠮᠧᠲ᠋ᠠᠨ᠎ᠤ ᠭᠠᠳᠠᠭᠰᠢᠯᠠᠭᠤᠯᠤᠯᠲᠠ ᠪᠠ ᠡᠵᠡᠮᠳᠡᠯ᠎ᠦᠨ ᠪᠠᠢᠳᠠᠯ᠎ᠢ ᠣᠢᠯᠠᠭᠠᠬᠤ᠎ᠳᠤ ᠨᠢᠭᠡ ᠵᠦᠢᠯ᠎ᠦᠨ ᠮᠠᠲᠧᠷᠢᠶᠠᠯ ᠬᠠᠩᠭᠠᠭᠰᠠᠨ ᠪᠠᠢᠨ᠎ᠠ ᠃

ᠱᠧᠩ ᠵᠢᠶᠠᠨ ᠪᠦᠯᠦᠭᠯᠡᠯ᠎ᠦᠨ ᠵᠧᠩ ᠪᠠᠩ ᠮᠠᠯᠵᠢᠯ᠎ᠤᠨ ᠲᠠᠯᠠᠪᠠᠢ᠎ᠳᠤ᠂ ᠪᠠᠢᠴᠠᠭᠠᠨ ᠰᠤᠳᠤᠯᠤᠭ᠍ᠴᠢ᠎ᠠᠴᠠ ᠮᠠᠯᠵᠢᠯ᠎ᠤᠨ ᠲᠠᠯᠠᠪᠠᠢ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠎ᠲᠠᠢ ᠰᠠᠨᠠᠯ᠎ᠢᠶᠠᠨ ᠭᠦᠨᠵᠡᠭᠡᠢ ᠰᠣᠯᠢᠯᠴᠠᠬᠤ᠎ᠪᠠᠷ ᠳᠠᠮᠵᠢᠭᠤᠯᠵᠤ᠂ ᠢᠯᠭᠠᠳᠠᠰᠤ᠎ᠶᠢ ᠰᠢᠢᠳᠪᠦᠷᠢᠯᠡᠬᠦ ᠪᠠ ᠬᠠᠳᠠᠭᠠᠯᠠᠬᠤ ᠭᠣᠭᠴᠣᠭ᠎ᠠ᠎ᠶᠢᠨ ᠮᠧᠲ᠋ᠠᠨ᠎ᠤ ᠭᠠᠳᠠᠭᠰᠢᠯᠠᠭᠤᠯᠤᠯᠲᠠ᠎ᠶᠢᠨ ᠣᠨᠴᠠᠯᠢᠭ᠋ ᠪᠣᠯᠣᠨ ᠣᠳᠣᠬᠢ ᠪᠠᠢᠳᠠᠯ᠎ᠢ ᠨᠠᠷᠢᠨ ᠨᠢᠭ᠍ᠲᠠ ᠡᠵᠡᠮᠰᠢᠵᠡᠢ᠃

ᠵᠠᠯᠭᠠᠭᠠᠳ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠤᠳᠤᠯᠭᠠᠨ᠎ᠤ ᠬᠦᠷᠢᠶᠡᠯᠡᠩ᠎ᠦᠨ ᠬᠢᠨ ᠲᠣᠰ ᠤᠳᠠᠭᠠᠨ᠎ᠤ ᠪᠠᠢᠴᠠᠭᠠᠨ ᠰᠤᠳᠤᠯᠤᠯᠲᠠ᠎ᠶᠢᠨ ᠠᠵᠢᠯ᠎ᠤᠨ ᠨᠠᠷᠢᠨ ᠪᠣᠳᠠᠲᠠᠢ ᠲᠣᠭ᠎ᠠ ᠪᠠᠷᠢᠮᠲᠠ ᠪᠠ ᠪᠣᠳᠠᠲᠠᠢ ᠪᠠᠢᠳᠠᠯ᠎ᠢ ᠦᠨᠳᠦᠰᠦᠯᠡᠨ ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠢᠴᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠠᠷᠭ᠎ᠠ ᠪᠣᠳᠣᠯᠭ᠎ᠠ᠎ᠶᠢ ᠲᠣᠭᠲᠠᠭᠠᠵᠤ ᠂ ᠭᠣᠣᠯᠳᠠᠯᠭ᠎ᠠ᠎ᠲᠠᠢ ᠠᠵᠢᠯ ᠲᠥᠷᠥᠯ᠎ᠦᠨ ᠮᠧᠲ᠋ᠠᠨ ᠭᠠᠳᠠᠭᠰᠢᠯᠠᠭᠤᠯᠬᠤ᠎ᠶᠢ ᠬᠢᠵᠠᠭᠠᠷᠯᠠᠬᠤ ᠠᠵᠢᠯ᠎ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠬᠦ ᠪᠣᠯᠣᠨ᠎ᠠ ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号