ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠨᠠᠮ᠎ᠤᠨ ᠶᠡᠷᠦᠩᠬᠡᠢ ᠡᠭᠦᠷ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠬᠡᠰᠡᠭ ᠨᠠᠮ᠎ᠤᠨ ᠡᠭᠦᠷ ᠲᠠᠢ ᠬᠠᠮᠲᠤᠷᠠᠨ ᠴᠢᠬᠡᠴᠢ ᠵᠠᠰᠠᠭ᠎ᠤᠨ ᠰᠡᠷᠡᠮᠵᠢᠯᠡᠭᠦᠯᠬᠦ ᠬᠥᠮᠦᠵᠢᠯ᠎ᠦᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-11-06

ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶᠢ ᠭᠦᠨᠵᠡᠭᠡᠢᠷᠡᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠠᠷᠢᠭᠤᠨ ᠴᠢᠬᠡᠴᠢ᠎ᠪᠡᠷ ᠪᠡᠶ᠎ᠡ᠎ᠪᠡᠨ ᠱᠠᠭᠠᠷᠳᠠᠬᠤ ᠦᠵᠡᠯ ᠰᠠᠨᠠᠭᠠᠨ᠎ᠤ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠬᠦ᠎ᠶᠢᠨ ᠲᠥᠯᠥᠭᠡ᠂ 7 ᠰᠠᠷ᠎ᠠ᠎ᠶᠢᠨ 8᠎ᠤ ᠦᠳᠡ᠎ᠶᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠨᠠᠮ᠎ᠤᠨ ᠶᠡᠷᠦᠩᠬᠡᠢ ᠡᠭᠦᠷ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠬᠡᠰᠡᠭ ᠨᠠᠮ᠎ᠤᠨ ᠡᠭᠦᠷ᠎ᠲᠠᠢ ᠬᠠᠮᠲᠤᠷᠠᠨ ᠬᠥᠬᠡᠬᠣᠲᠠ᠎ᠶᠢᠨ ᠨᠢᠭᠡᠳᠦᠭᠡᠷ ᠭᠢᠨᠳᠠᠨ᠎ᠳᠤ ᠬᠦᠷᠴᠦ ᠴᠢᠬᠡᠴᠢ ᠵᠠᠰᠠᠭ᠎ᠤᠨ ᠰᠡᠷᠡᠮᠵᠢᠯᠡᠭᠦᠯᠬᠦ ᠬᠥᠮᠦᠵᠢᠯ᠎ᠦᠨ ᠠᠵᠢᠯᠯᠠᠭ᠎ᠠ ᠥᠷᠨᠢᠭᠦᠯᠪᠡ᠃

ᠠᠵᠢᠯᠯᠠᠭ᠎ᠠ ᠨᠢ ᠭᠢᠨᠳᠠᠨ᠎ᠤ ᠲᠣᠭᠲᠠᠭᠠᠯ᠎ᠢ ᠴᠢᠩᠭ᠎ᠠ ᠵᠢᠷᠤᠮᠯᠠᠨ ᠡᠮᠬᠢ ᠵᠢᠷᠤᠮ᠎ᠲᠠᠢ ᠶᠠᠪᠤᠭᠳᠠᠪᠠ ᠃ ᠪᠦᠬᠦ ᠬᠥᠮᠥᠰ ᠰᠤᠷᠭᠠᠨ ᠬᠥᠮᠥᠵᠢᠭᠦᠯᠵᠦ ᠥᠭᠡᠷᠡᠴᠢᠯᠡᠬᠦ ᠤᠬᠠᠭᠤᠯᠭ᠎ᠠ᠎ᠶᠢᠨ ᠹᠢᠯᠢᠮ᠎ᠢ ᠦᠵᠡᠭᠰᠡᠨ ᠪᠥᠭᠡᠳ ᠡᠷᠬᠡ ᠲᠤᠰᠢᠶᠠᠯ᠎ᠢᠶᠠᠨ ᠠᠰᠢᠭ᠍ᠯᠠᠨ ᠶᠠᠯ᠎ᠠ ᠬᠢᠵᠦ ᠡᠷᠡᠭᠦᠦ ᠰᠢᠢᠳᠬᠡᠯ ᠭᠦᠢᠴᠡᠳᠬᠡᠵᠦ ᠪᠠᠢᠭ᠎ᠠ ᠬᠥᠮᠥᠰ᠎ᠦᠨ 《 ᠥᠪᠡᠷ᠎ᠤᠨ ᠪᠡᠶ᠎ᠡ᠎ᠪᠠᠷ ᠦᠯᠢᠭᠡᠷᠯᠡᠬᠦ 》᠎ᠶᠢ ᠰᠣᠨᠣᠰᠴᠠᠢ᠃ ᠡᠷᠡᠭᠦᠦ ᠰᠢᠢᠳᠬᠡᠯ ᠭᠦᠢᠴᠡᠳᠬᠡᠵᠦ ᠪᠠᠢᠭ᠎ᠠ ᠬᠥᠮᠥᠰ ᠥᠪᠡᠷ᠎ᠦᠨ ᠳᠣᠷᠣᠢᠲᠠᠯ᠎ᠤᠨ ᠵᠠᠮ᠎ᠢᠶᠠᠨ ᠭᠦᠨᠵᠡᠭᠡᠢ ᠵᠠᠳᠠᠯᠤᠨ ᠰᠢᠨᠵᠢᠯᠡᠵᠦ᠂ ᠬᠠᠤᠯᠢ᠎ᠶᠢ ᠵᠥᠷᠢᠴᠡᠵᠦ ᠶᠠᠯ᠎ᠠ ᠬᠢᠭᠰᠡᠨ᠎ᠡᠴᠡ ᠪᠣᠯᠤᠭᠰᠠᠨ ᠬᠦᠨᠳᠦ ᠨᠣᠴᠢᠲᠠᠢ ᠦᠷ᠎ᠡ ᠤᠷᠰᠢᠭ᠋᠎ᠲᠤ ᠬᠥᠷᠥᠭᠰᠡᠨ᠎ᠢᠶᠡᠨ ᠲᠣᠭᠠᠴᠢᠵᠤ᠂ ᠲᠤᠬᠠᠢ᠎ᠶᠢᠨ ᠲᠠᠯᠠᠪᠤᠷ᠎ᠲᠤ ᠪᠠᠢᠭᠰᠠᠨ ᠬᠥᠮᠥᠰ᠎ᠲᠦ ᠰᠡᠷᠡᠮᠵᠢ᠎ᠶᠢᠨ ᠬᠤᠩᠬᠤ᠎ᠶᠢ ᠳᠤᠤᠭᠠᠷᠭᠠᠪᠠ᠃ ᠳᠠᠷᠠᠭ᠎ᠠ᠎ᠪᠠᠷ ᠨᠢ ᠣᠯᠠᠨ᠎ᠢᠶᠠᠷ᠎ᠢᠶᠠᠨ ᠴᠢᠬᠡᠴᠢ ᠵᠠᠰᠠᠭ᠎ᠤᠨ ᠲᠤᠬᠠᠢ ᠰᠡᠷᠡᠮᠵᠢᠯᠡᠭᠦᠯᠬᠦ ᠬᠥᠮᠦᠵᠢᠯ᠎ᠦᠨ ᠹᠢᠯᠢᠮ᠎ᠢ ᠦᠵᠡᠭᠰᠡᠨ ᠪᠥᠭᠡᠳ ᠬᠢᠨᠠᠨ ᠡᠵᠡᠮᠳᠡᠬᠦ ᠰᠢᠰᠲᠧᠮ᠎ᠢᠶᠡᠷ ᠳᠠᠮᠵᠢᠭᠤᠯᠤᠨ ᠶᠠᠯᠠᠲᠠᠨ᠎ᠤ ᠦᠢᠯᠡᠳᠪᠦᠷᠢᠯᠡᠯ ᠬᠥᠳᠡᠯᠮᠦᠷᠢ᠎ᠶᠢᠨ ᠲᠤᠬᠠᠢ᠎ᠶᠢᠨ ᠲᠠᠯᠠᠪᠠᠶ᠎ᠶᠢ ᠦᠵᠡᠪᠡ ᠃

ᠲᠣᠰ ᠤᠳᠠᠭᠠᠨ᠎ᠤ ᠠᠵᠢᠯᠯᠠᠭ᠎ᠠ ᠨᠢ 《 ᠵᠠᠢ ᠵᠠᠪᠰᠠᠷ ᠦᠭᠡᠢ 》 ᠬᠡᠯᠪᠡᠷᠢ᠎ᠪᠡᠷ ᠨᠠᠮ᠎ᠤᠨ ᠭᠡᠰᠢᠭᠦᠨ ᠺᠠᠳ᠋ᠷᠴᠤᠳ᠎ᠲᠤ ᠥᠨᠳᠥᠷ ᠬᠡᠷᠡᠮ᠎ᠦᠨ ᠳᠣᠲᠣᠨ᠎ᠠ ᠭᠠᠳᠠᠨᠠᠬᠢ ᠬᠤᠷᠴᠠ ᠰᠢᠷᠦᠭᠦᠨ ᠵᠥᠷᠢᠶ᠎ᠡ ᠪᠠ ᠬᠠᠤᠯᠢ ᠰᠠᠬᠢᠯᠭ᠎ᠠ᠎ᠠᠴᠠ ᠵᠥᠷᠢᠴᠡᠭᠰᠡᠨ ᠬᠦᠨᠳᠦ ᠨᠣᠴᠢᠲᠠᠢ ᠦᠨ᠎ᠡ ᠥᠷᠲᠡᠭ᠎ᠢ ᠭᠦᠨᠵᠡᠭᠡᠢ ᠮᠡᠳᠡᠷᠡᠭᠦᠯᠦᠭᠰᠡᠨ ᠪᠠᠢᠨ᠎ᠠ ᠃ ᠤᠯᠠᠨ᠎ᠢᠶᠠᠷ᠎ᠢᠶᠠᠨ᠂ ᠬᠡᠷᠡᠭ᠎ᠢᠶᠡᠷ ᠲᠣᠯᠢ ᠪᠣᠯᠭᠠᠵᠤ᠂ ᠴᠠᠭ ᠢᠮᠠᠭᠲᠠ ᠲᠠᠷᠢᠬᠢ ᠲᠣᠯᠣᠭᠠᠢ᠎ᠪᠠᠨ ᠰᠡᠷᠭᠡᠭ ᠪᠠᠢᠯᠭᠠᠵᠤ᠂ ᠪᠢᠰᠢᠷᠡᠨ ᠵᠢᠷᠦᠬᠡᠰᠢᠶᠡᠬᠦ᠎ᠶᠢ ᠮᠡᠳᠡᠵᠦ᠂ ᠰᠡᠷᠡᠮᠵᠢᠯᠡᠨ ᠡᠮᠢᠶᠡᠵᠦ᠂ ᠬᠣᠷᠢᠭ᠎ᠠ ᠱᠤᠭᠤᠮ᠎ᠢ ᠰᠠᠬᠢᠵᠤ᠂ ᠥᠳᠥᠭᠡᠯᠭᠡ᠎ᠶᠢ ᠡᠷᠡᠰ ᠬᠣᠷᠢᠭ᠍ᠯᠠᠵᠤ᠂ ᠡᠷᠬᠡ᠎ᠪᠡᠨ ᠵᠥᠪ ᠬᠡᠷᠡᠭᠵᠢᠭᠦᠯᠵᠦ᠂ ᠠᠷᠢᠭᠤᠨ ᠴᠢᠬᠡᠴᠢ ᠤᠯᠤᠰ ᠲᠦᠷᠦ᠎ᠶᠢᠨ ᠣᠣᠷ ᠴᠢᠨᠠᠷ᠎ᠢᠶᠠᠨ ᠡᠭᠦᠷᠢᠳᠡ ᠬᠠᠳᠠᠭᠠᠯᠠᠵᠤ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠦᠢᠯᠡᠰ᠎ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠵᠡᠭᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号