ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠥᠪᠡᠷᠲᠡᠭᠡᠨ ᠵᠠᠰᠠᠬᠤ ᠣᠷᠣᠨ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠠᠵᠢᠯ᠎ᠢ ᠡᠬᠢᠯᠡᠭᠦᠯᠪᠡ
ᠨᠡᠶ᠋ᠢᠲᠡᠯᠡᠭᠰᠡᠨ ᠴᠠᠭ᠄ 2025-11-06

ᠣᠢᠷ᠎ᠠ᠎ᠳᠤ ᠂ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ᠎ᠶᠢᠨ ᠬᠤᠪᠢᠷᠠᠭᠤᠯᠤᠯᠲᠠ᠎ᠶᠢ ᠲᠦᠯᠬᠢᠨ ᠠᠬᠢᠭᠤᠯᠵᠤ ᠂ ᠨᠡᠭᠦᠷᠡᠰᠦᠲᠥ᠋ᠷᠥᠭᠴᠢ᠎ᠶᠢᠨ ᠣᠷᠭᠢᠯ᠎ᠳᠤ ᠬᠦᠷᠬᠦ ᠬᠠᠷᠠᠯᠲᠠ᠎ᠶᠢ ᠪᠡᠶᠡᠯᠡᠭᠦᠯᠬᠦ᠎ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠡᠴᠡ ᠥᠪᠡᠷᠲᠡᠭᠡᠨ ᠵᠠᠰᠠᠬᠤ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠦᠨ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠠᠵᠢᠯ᠎ᠢ ᠵᠢᠩᠬᠢᠨᠢ᠎ᠪᠡᠷ ᠡᠬᠢᠯᠡᠭᠦᠯᠪᠡ ᠃ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠮᠡᠷᠭᠡᠵᠢᠯ᠎ᠢᠶᠡᠷ ᠲᠤᠯᠭᠠᠭᠤᠷᠢᠯᠠᠭᠰᠠᠨ ᠨᠢᠭᠡᠴᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠡᠮᠦᠨᠡᠬᠢ ᠬᠤᠭᠤᠴᠠᠭᠠᠨ᠎ᠤ ᠭᠦᠢᠴᠡᠳ ᠰᠤᠳᠤᠯᠤᠨ ᠪᠡᠯᠡᠳᠬᠡᠭᠰᠡᠨ ᠰᠠᠭᠤᠷᠢᠨ ᠳᠡᠭᠡᠷ᠎ᠡ ᠂ ᠲᠥᠯᠦᠪᠵᠢᠭᠦᠯᠭᠡ᠎ᠶᠢᠨ ᠬᠥᠲᠥᠯᠪᠦᠷᠢ᠎ᠶᠢ ᠨᠠᠢᠷᠠᠭᠤᠯᠤᠨ ᠵᠣᠬᠢᠶᠠᠪᠠ ᠃ ᠲᠥᠯᠦᠪᠵᠢᠭᠦᠯᠭᠡ ᠨᠢ ᠤᠷᠢᠳᠤᠬᠢ᠎ᠶᠢ ᠵᠠᠯᠭᠠᠮᠵᠢᠯᠠᠨ ᠬᠣᠢᠰᠢᠬᠢ᠎ᠳᠤ ᠵᠠᠮ ᠨᠡᠭᠡᠭᠡᠬᠦ ᠵᠠᠩᠭᠢᠯᠠᠭ᠎ᠠ᠎ᠶᠢᠨ ᠴᠡᠭ᠎ᠲᠦ ᠰᠠᠭᠤᠷᠢᠯᠠᠵᠤ᠂ ᠥᠨᠳᠥᠷ ᠵᠣᠭᠰᠣᠴᠠ᠎ᠪᠠᠷ ᠠᠷᠭ᠎ᠠ ᠰᠦᠪᠡᠭᠴᠢᠯᠡᠵᠦ᠂ ᠥᠨᠳᠥᠷ ᠪᠠᠷᠢᠮᠵᠢᠶ᠎ᠠ᠎ᠪᠠᠷ ᠪᠠᠢᠷᠢᠯᠠᠭᠤᠯᠵᠤ᠂ ᠴᠢᠨᠠᠷ ᠰᠠᠢᠲᠠᠢ ᠠᠬᠢᠭᠤᠯᠬᠤ ᠪᠣᠯᠣᠨ᠎ᠠ᠃ ᠲᠤᠰ ᠤᠳᠠᠭ᠎ᠠ᠎ᠶᠢᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠨᠢ᠂ ᠥᠪᠡᠷᠲᠡᠭᠡᠨ ᠵᠠᠰᠠᠬᠤ ᠣᠷᠣᠨ᠎ᠤ ᠥᠩᠭᠡᠷᠡᠭᠰᠡᠨ ᠲᠠᠪᠤᠨ ᠵᠢᠯ᠎ᠦᠨ ᠠᠵᠢᠯ᠎ᠤᠨ ᠦᠷ᠎ᠡ ᠪᠦᠲᠦᠮᠵᠢ᠎ᠶᠢ ᠪᠦᠬᠦ ᠲᠠᠯ᠎ᠠ᠎ᠪᠠᠷ ᠳ᠋ᠦᠩᠨᠡᠵᠦ᠂ ᠬᠣᠢᠰᠢᠳᠠ᠎ᠶᠢᠨ ᠲᠠᠪᠤᠨ ᠵᠢᠯ᠎ᠦᠨ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠰᠢᠨ᠎ᠡ ᠠᠶᠠᠨ᠎ᠢᠶᠠᠨ ᠡᠬᠢᠯᠡᠭᠦᠯᠵᠦ᠂ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠠᠵᠢᠯ᠎ᠤᠨ 《 ᠰᠠᠨᠠᠭᠠᠴᠢᠯᠠᠭ᠎ᠠ᠎ᠠᠴᠠ᠎ᠪᠠᠨ ᠵᠣᠬᠢᠴᠠᠬᠤ 》 ᠡᠴᠡ 《 ᠰᠠᠨᠠᠭᠠᠴᠢᠯᠠᠭ᠎ᠠ᠎ᠠᠴᠠ᠎ᠪᠠᠨ ᠬᠥᠲᠥᠯᠥᠨ ᠳᠠᠭᠠᠭᠤᠯᠬᠤ 》 ᠲᠡᠢᠰᠢ ᠬᠤᠪᠢᠷᠠᠬᠤ᠎ᠶᠢ ᠠᠬᠢᠭᠤᠯᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号