ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠮᠧᠲ᠋ᠠᠨ ᠭᠠᠳᠠᠭᠰᠢᠯᠠᠭᠤᠯᠤᠯᠲᠠ᠎ᠶᠢᠨ ᠡᠵᠡᠮᠳᠡᠯ᠎ᠦᠨ ᠪᠠᠢᠴᠠᠭᠠᠨ ᠰᠤᠳᠤᠯᠤᠯᠲᠠ᠎ᠶᠢ ᠭᠦᠨᠵᠡᠭᠡᠢ ᠠᠬᠢᠭᠤᠯᠵᠤ ᠭᠣᠣᠯᠳᠠᠯᠭ᠎ᠠ᠎ᠲᠠᠢ ᠬᠦᠷᠢᠶᠡᠨ᠎ᠳᠡᠬᠢ ᠭᠠᠳᠠᠭᠰᠢᠭᠤᠯᠤᠯᠳᠠ᠎ᠶᠢ ᠪᠠᠭᠠᠰᠬᠠᠬᠤ ᠲᠥᠯᠦᠪᠵᠢᠭᠦᠯᠭᠡ᠎ᠳᠦ ᠬᠦᠴᠦᠨ ᠣᠯᠭᠣᠨ᠎ᠠ
ᠨᠡᠶ᠋ᠢᠲᠡᠯᠡᠭᠰᠡᠨ ᠴᠠᠭ᠄ 2025-11-06

《 ᠮᠧᠲ᠋ᠠᠨ᠎ᠤ ᠭᠠᠳᠠᠭᠰᠢᠯᠠᠭᠤᠯᠤᠯᠲᠠ᠎ᠶᠢ ᠬᠢᠵᠠᠭᠠᠷᠯᠠᠬᠤ ᠠᠵᠢᠯᠯᠠᠭ᠎ᠠ᠎ᠶᠢᠨ ᠲᠥᠰᠥᠯ 》᠎ᠢ ᠨᠠᠢᠳᠠᠪᠤᠷᠢᠵᠢᠭᠤᠯᠬᠤ᠎ᠶᠢᠨ ᠲᠥᠯᠥᠭᠡ ᠂ ᠣᠢᠷ᠎ᠠ᠎ᠳᠤ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠪᠤᠭᠤᠲᠤ᠎ᠳᠤ ᠬᠦᠷᠴᠦ ᠮᠧᠲ᠋ᠠᠨ᠎ᠤ ᠭᠠᠳᠠᠭᠰᠢᠯᠠᠭᠤᠯᠤᠯᠲᠠ᠎ᠶᠢ ᠬᠢᠵᠠᠭᠠᠷᠯᠠᠬᠤ ᠲᠤᠰᠬᠠᠢ ᠪᠠᠢᠴᠠᠭᠠᠨ ᠰᠤᠳᠤᠯᠤᠯᠲᠠ ᠬᠢᠵᠦ ᠂ ᠲᠤᠬᠠᠢ᠎ᠶᠢᠨ ᠭᠠᠵᠠᠷ᠎ᠤᠨ ᠠᠳᠠᠯᠢ ᠪᠤᠰᠤ ᠬᠦᠷᠢᠶᠡᠨ᠎ᠳᠡᠬᠢ ᠮᠧᠲ᠋ᠠᠨ᠎ᠤ ᠭᠠᠳᠠᠭᠰᠢᠯᠠᠭᠤᠯᠤᠯᠲᠠ᠎ᠶᠢᠨ ᠪᠠᠢᠳᠠᠯ᠎ᠢ ᠣᠢᠯᠠᠭᠠᠨ ᠂ ᠭᠠᠳᠠᠭᠰᠢᠯᠠᠭᠤᠯᠤᠯᠲᠠ᠎ᠶᠢ ᠪᠠᠭᠠᠰᠬᠠᠬᠤ ᠲᠥᠯᠦᠪᠵᠢᠭᠦᠯᠭᠡ᠎ᠳᠦ ᠲᠣᠭ᠎ᠠ ᠪᠠᠷᠢᠮᠲᠠ᠎ᠶᠢᠨ ᠲᠤᠯᠭᠠᠭᠤᠷᠢᠯᠠᠯ ᠬᠠᠩᠭᠠᠭᠰᠠᠨ ᠪᠠᠢᠨ᠎ᠠ᠃

ᠪᠠᠢᠴᠠᠭᠠᠨ ᠰᠤᠳᠤᠯᠬᠤ ᠳᠤᠭᠤᠢᠯᠠᠩ᠎ᠤᠨ ᠬᠢᠨ ᠡᠩ ᠲᠡᠷᠢᠭᠦᠨ᠎ᠳᠦ ᠪᠤᠭᠤᠲᠤ ᠬᠣᠲᠠ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠲᠣᠪᠴᠢᠶ᠎ᠠ᠎ᠶᠢᠨ ᠬᠠᠮᠢᠶ᠎ᠠ ᠪᠦᠬᠦᠢ ᠬᠥᠮᠥᠰ᠎ᠲᠠᠢ ᠲᠠᠷᠢᠶᠠᠯᠠᠩ ᠮᠠᠯ ᠠᠵᠤ ᠠᠬᠤᠢ᠎ᠶᠢᠨ ᠮᠧᠲ᠋ᠠᠨ ᠭᠠᠳᠠᠭᠰᠢᠯᠠᠭᠤᠯᠬᠤ ᠢᠷᠡᠯᠲᠡ ᠂ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠬᠡᠪᠴᠢᠶ᠎ᠡ ᠂ ᠢᠯᠭᠠᠳᠠᠰᠤ᠎ᠶᠢ ᠰᠢᠢᠳᠪᠦᠷᠢᠯᠡᠬᠦ ᠠᠷᠭ᠎ᠠ ᠮᠠᠶᠢᠭ᠋ ᠵᠢᠴᠢ ᠬᠢᠨᠠᠨ ᠬᠡᠮᠵᠢᠭᠰᠡᠨ ᠲᠣᠭ᠎ᠠ ᠪᠠᠷᠢᠮᠲᠠ ᠵᠡᠷᠭᠡ᠎ᠶᠢᠨ ᠲᠣᠭᠣᠷᠢᠨ᠎ᠳᠤ ᠶᠠᠷᠢᠯᠴᠠᠬᠤ ᠬᠤᠷᠠᠯ ᠬᠢᠵᠦ ᠂ ᠲᠣᠰ ᠬᠦᠷᠢᠶᠡᠨ᠎ᠳᠡᠬᠢ ᠭᠠᠳᠠᠭᠰᠢᠯᠠᠭᠤᠯᠤᠯᠲᠠ᠎ᠶᠢᠨ ᠣᠨᠴᠠᠯᠢᠭ᠋ ᠪᠠ ᠬᠠᠮᠢᠶᠠᠷᠤᠨ ᠡᠵᠡᠮᠳᠡᠵᠦ ᠪᠠᠢᠭ᠎ᠠ ᠣᠳᠣᠬᠢ ᠪᠠᠢᠳᠠᠯ᠎ᠢ ᠲᠣᠳᠣᠷᠬᠠᠢᠯᠠᠪᠠ᠃

ᠪᠤᠭᠤᠲᠤ ᠬᠤᠳᠠ᠎ᠶᠢᠨ ᠠᠮᠢᠳᠤᠷᠠᠯ᠎ᠤᠨ ᠬᠣᠭ ᠨᠣᠪᠰᠢ᠎ᠶᠢ ᠰᠢᠢᠳᠪᠦᠷᠢᠯᠡᠬᠦ ᠲᠥᠪ᠎ᠲᠦ᠂ ᠪᠠᠢᠴᠠᠭᠠᠨ ᠰᠤᠳᠤᠯᠤᠭ᠍ᠴᠢ᠎ᠠᠴᠠ ᠪᠤᠯᠠᠬᠤ ᠣᠷᠣᠨ᠂ ᠨᠡᠪᠴᠢᠮᠡᠯ ᠰᠢᠭᠦᠰᠦ᠎ᠶᠢ ᠰᠢᠢᠳᠪᠦᠷᠢᠯᠡᠬᠦ ᠰᠢᠰᠲᠧᠮ ᠵᠢᠴᠢ ᠮᠧᠲ᠋ᠠᠨ᠎ᠢ ᠬᠣᠷᠢᠶᠠᠨ ᠴᠤᠭᠯᠠᠭᠤᠯᠵᠤ ᠠᠰᠢᠭ᠍ᠯᠠᠬᠤ ᠲᠥᠬᠦᠭᠡᠷᠦᠮᠵᠢ᠎ᠶᠢᠨ ᠠᠵᠢᠯᠯᠠᠭᠠᠨ᠎ᠤ ᠪᠠᠢᠳᠠᠯ᠎ᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠵᠦ᠂ ᠮᠧᠲ᠋ᠠᠨ᠎ᠤ ᠡᠭᠦᠰᠬᠦ ᠵᠢᠮ᠎ᠡ ᠶᠣᠰᠣ᠌᠂ ᠬᠣᠷᠢᠶᠠᠨ ᠴᠤᠭᠯᠠᠭᠤᠯᠬᠤ ᠦᠷ᠎ᠡ ᠠᠰᠢᠭ᠋᠂ ᠡᠬᠢ ᠪᠠᠶᠠᠯᠢᠭ᠍ᠵᠢᠭᠤᠯᠤᠨ ᠠᠰᠢᠭ᠍ᠯᠠᠬᠤ ᠠᠷᠭ᠎ᠠ ᠵᠠᠮ ᠵᠢᠴᠢ ᠡᠵᠡᠮᠳᠡᠨ ᠭᠠᠳᠠᠭᠰᠢᠯᠠᠭᠤᠯᠬᠤ ᠮᠡᠷᠭᠡᠵᠢᠯ᠎ᠦᠨ ᠬᠦᠴᠢᠷᠳᠡᠯ ᠵᠡᠷᠭᠡ᠎ᠶᠢ ᠠᠩᠬᠠᠷᠴᠠᠢ᠃

ᠸᠠᠨ ᠱᠦᠢ ᠴᠢᠤᠸᠠᠨ᠎ᠤ ᠪᠣᠬᠢᠷ ᠤᠰᠤ᠎ᠶᠢ ᠰᠢᠢᠳᠪᠦᠷᠢᠯᠡᠬᠦ ᠦᠢᠯᠡᠳᠪᠦᠷᠢ᠎ᠳᠦ᠂ ᠪᠠᠢᠴᠠᠭᠠᠨ ᠰᠤᠳᠤᠯᠬᠤ ᠳᠤᠭᠤᠢᠯᠠᠩ᠎ᠤᠨ ᠬᠢᠨ ᠪᠣᠬᠢᠷ ᠤᠰᠤ᠎ᠶᠢ ᠰᠢᠢᠳᠪᠦᠷᠢᠯᠡᠬᠦ ᠶᠠᠪᠤᠴᠠ᠎ᠳᠠᠬᠢ ᠮᠧᠲ᠋ᠠᠨ ᠡᠭᠦᠰᠬᠦ ᠨᠥᠬᠥᠴᠡᠯ᠂ ᠭᠠᠳᠠᠭᠰᠢᠯᠠᠭᠤᠯᠤᠯᠲᠠ᠎ᠶᠢᠨ ᠬᠡᠮᠵᠢᠶ᠎ᠡ᠎ᠶᠢ ᠪᠠᠷᠤᠭᠯᠠᠨ ᠪᠤᠳᠤᠬᠤ ᠠᠷᠭ᠎ᠠ ᠵᠢᠴᠢ ᠤᠳᠤ᠎ᠶᠢᠨ ᠪᠠᠢᠭ᠎ᠠ ᠭᠠᠳᠠᠭᠰᠢᠯᠠᠭᠤᠯᠤᠯᠲᠠ᠎ᠶᠢ ᠬᠢᠵᠠᠭᠠᠷᠯᠠᠬᠤ ᠮᠡᠷᠭᠡᠵᠢᠯ᠎ᠦᠨ ᠬᠡᠷᠡᠭᠯᠡᠭᠡᠨ᠎ᠦ ᠦᠷ᠎ᠡ ᠪᠦᠲᠦᠮᠵᠢ᠎ᠶᠢ ᠣᠢᠯᠠᠭᠠᠵᠤ᠂ ᠬᠣᠯᠪᠣᠭᠳᠠᠯ ᠪᠦᠬᠦᠢ ᠲᠥᠬᠦᠭᠡᠷᠦᠮᠵᠢ᠎ᠶᠢᠨ ᠲᠣᠬᠢᠷᠠᠭᠤᠯᠤᠯᠲᠠ ᠪᠠ ᠠᠵᠢᠯᠯᠠᠭᠠᠨ᠎ᠤ ᠪᠣᠯᠵᠣᠯᠲᠤ ᠲᠣᠭ᠎ᠠ᠎ᠶᠢ ᠲᠡᠮᠳᠡᠭᠯᠡᠪᠡ᠃

ᠲᠠᠷᠠᠭᠠᠴᠢ᠎ᠶᠢᠨ ᠠᠯᠬᠤᠮ᠎ᠳᠤ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠬᠢᠨ ᠲᠣᠰ ᠤᠳᠠᠭᠠᠨ᠎ᠤ ᠪᠠᠢᠴᠠᠭᠠᠨ ᠰᠤᠳᠤᠯᠤᠯᠲᠠ᠎ᠶᠢᠨ ᠦᠷ᠎ᠡ ᠪᠦᠲᠦᠭᠡᠯ᠎ᠲᠠᠢ ᠤᠶᠠᠯᠳᠤᠭᠤᠯᠤᠨ᠂ ᠠᠳᠠᠯᠢ ᠪᠤᠰᠤ ᠬᠦᠷᠢᠶᠡᠨ᠎ᠳᠡᠬᠢ ᠮᠧᠲ᠋ᠠᠨ ᠭᠠᠳᠠᠭᠰᠢᠯᠠᠭᠤᠯᠬᠤ ᠵᠠᠩᠭᠢᠯᠠᠭ᠎ᠠ᠎ᠶᠢᠨ ᠡᠵᠡᠮᠳᠡᠬᠦ ᠴᠡᠭ᠎ᠲᠦ ᠰᠢᠰᠲᠧᠮ᠎ᠲᠠᠢ ᠵᠠᠳᠠᠯᠤᠯᠲᠠ ᠬᠢᠵᠦ ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠪᠣᠳᠠᠲᠠᠢ ᠰᠠᠨᠠᠭᠤᠯᠭ᠎ᠠ᠎ᠶᠢ ᠪᠣᠶ ᠪᠣᠯᠭᠠᠵᠤ᠂ ᠭᠣᠣᠯᠳᠠᠯᠭ᠎ᠠ᠎ᠲᠠᠢ ᠠᠵᠢᠯ ᠲᠥᠷᠥᠯ᠎ᠦᠨ ᠮᠧᠲ᠋ᠠᠨ ᠭᠠᠳᠠᠭᠰᠢᠯᠠᠭᠤᠯᠬᠤ ᠬᠡᠮᠵᠢᠶ᠎ᠡ᠎ᠶᠢ ᠬᠢᠵᠠᠭᠠᠷᠯᠠᠬᠤ ᠠᠵᠢᠯ᠎ᠤᠨ ᠰᠢᠨ᠎ᠡ ᠳᠡᠭᠲᠡᠷ᠎ᠲᠦ ᠭᠠᠷᠬᠤ᠎ᠳᠤ ᠬᠦᠴᠦᠨ ᠨᠡᠮᠡᠷᠢᠯᠡᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号