ᠣᠢᠷ᠎ᠠ᠎ᠶᠢᠨ ᠬᠤᠭᠤᠴᠠᠭᠠᠨ᠎ᠳᠤ ᠂ ᠶᠢᠦ ᠷᠠᠨ ᠮᠠᠯ ᠠᠵᠤ ᠠᠬᠤᠢ᠎ᠪᠠᠷ ᠲᠦᠷᠦᠭᠦᠯᠡᠭᠦᠯᠦᠨ ᠂ ᠣᠯᠠᠨ ᠨᠢᠭᠡᠴᠢ ᠬᠠᠮᠲᠤᠷᠠᠨ ᠥᠷᠨᠢᠭᠦᠯᠦᠭᠰᠡᠨ ᠬᠥᠬᠡᠬᠣᠲᠠ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠦᠨ 《 ᠪᠦᠰᠡᠯᠡᠯᠲᠡ᠎ᠶᠢ ᠰᠢᠪᠲᠤᠯᠬᠤ 》 ᠢᠨᠵᠧᠨᠧᠷᠢᠩ᠎ᠦᠨ 《 ᠵᠠᠷᠯᠠᠨ ᠮᠠᠩᠯᠠᠢᠯᠠᠭᠤᠯᠬᠤ 》 ᠭᠣᠣᠯᠳᠠᠯᠭ᠎ᠠ᠎ᠲᠠᠢ ᠵᠢᠱ᠌ᠢᠶ᠎ᠡ ᠦᠵᠡᠭᠦᠯᠬᠦ ᠲᠥᠷᠥᠯ ᠵᠦᠢᠯ 《 ᠰᠠᠭᠠᠯᠢ᠎ᠶᠢᠨ ᠦᠨᠢᠶ᠎ᠡ᠎ᠶᠢ ᠡᠷᠴᠢᠮᠵᠢᠭᠦᠯᠦᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠎ᠤᠨ ᠢᠯᠭᠠᠳᠠᠰᠤᠨ ᠤᠰᠤ᠎ᠶᠢ ᠥᠨᠳᠥᠷ ᠪᠦᠲᠦᠮᠵᠢᠲᠡᠶ᠎ᠪᠡᠷ ᠰᠢᠢᠳᠪᠦᠷᠢᠯᠡᠬᠦ ᠪᠠ ᠣᠯᠠᠨ ᠡᠰᠢᠵᠢᠭᠦᠯᠦᠨ ᠡᠬᠢ ᠪᠠᠶᠠᠯᠢᠭ᠍ᠵᠢᠭᠤᠯᠤᠨ ᠠᠰᠢᠭ᠍ᠯᠠᠬᠤ 》 ᠨᠢ 2024 ᠣᠨ᠎ᠤ ᠳᠤᠮᠳᠠ ᠬᠤᠭᠤᠴᠠᠭᠠᠨ᠎ᠤ ᠠᠵᠢᠯ᠎ᠤᠨ ᠠᠮᠵᠢᠯᠲᠠ ᠪᠦᠲᠦᠮᠵᠢ᠎ᠶᠢᠨ ᠦᠨᠡᠯᠡᠯᠲᠡ᠎ᠳᠦ ᠨᠢᠭᠡᠳᠦᠭᠡᠷ᠎ᠲᠦ ᠣᠷᠣᠪᠠ ᠃
《 ᠵᠠᠷᠯᠠᠨ ᠮᠠᠩᠯᠠᠢᠯᠠᠭᠤᠯᠬᠤ 》 《 ᠰᠠᠭᠠᠯᠢ᠎ᠶᠢᠨ ᠦᠨᠢᠶ᠎ᠡ᠎ᠶᠢ ᠡᠷᠴᠢᠮᠵᠢᠭᠦᠯᠦᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠎ᠤᠨ ᠢᠯᠭᠠᠳᠠᠰᠤᠨ ᠤᠰᠤ᠎ᠶᠢ ᠥᠨᠳᠥᠷ ᠦᠷ᠎ᠡ ᠠᠰᠢᠭ᠋᠎ᠲᠠᠢ ᠰᠢᠢᠳᠪᠦᠷᠢᠯᠡᠬᠦ ᠪᠠ ᠣᠯᠠᠨ ᠡᠰᠢᠲᠦ ᠡᠬᠢ ᠪᠠᠶᠠᠯᠢᠭ᠍ᠵᠢᠭᠤᠯᠤᠨ ᠠᠰᠢᠭ᠍ᠯᠠᠬᠤ ᠲᠥᠷᠥᠯ ᠵᠦᠢᠯ 》 ᠪᠣᠯ 2024 ᠣᠨ᠎ᠤ ᠬᠥᠬᠡᠬᠣᠲᠠ᠎ᠶᠢᠨ 12 ᠰᠢᠨᠵᠢᠯᠡᠬᠦ ᠤᠬᠠᠭᠠᠨ ᠮᠡᠷᠭᠡᠵᠢᠯ᠎ᠦᠨ 《 ᠪᠦᠰᠡᠯᠡᠯᠲᠡ᠎ᠶᠢ ᠰᠢᠪᠲᠤᠯᠬᠤ 》 ᠢᠨᠵᠧᠨᠧᠷᠢᠩ᠎ᠦᠨ ᠭᠣᠣᠯᠳᠠᠯᠭ᠎ᠠ᠎ᠲᠠᠢ ᠵᠢᠱ᠌ᠢᠶ᠎ᠡ ᠦᠵᠡᠭᠦᠯᠬᠦ ᠲᠥᠷᠥᠯ ᠵᠦᠢᠯ᠎ᠦᠨ ᠨᠢᠭᠡ ᠪᠠᠢᠵᠤ᠂ ᠶᠢᠦ ᠷᠠᠨ ᠮᠠᠯ ᠠᠵᠤ ᠠᠬᠤᠢ ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠂ ᠥᠪᠥᠷ ᠮᠣᠩᠭᠣᠯ᠎ᠤᠨ ᠤᠯᠤᠰ᠎ᠤᠨ ᠰᠦᠨ ᠦᠢᠯᠡᠰ᠎ᠦᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ ᠵᠡᠷᠭᠡ ᠵᠢᠷᠭᠤᠭᠠᠨ ᠨᠢᠭᠡᠴᠢ᠎ᠡᠴᠡ ᠵᠣᠬᠢᠶᠠᠨ ᠪᠠᠢᠭᠤᠯᠤᠭᠰᠠᠨ ᠠᠵᠤ ᠠᠬᠤᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠣᠯᠪᠣᠭᠠᠲᠤ ᠴᠣᠭᠴᠠ ᠬᠠᠮᠲᠤᠷᠠᠨ ᠠᠵᠢᠯᠯᠠᠪᠠ ᠃ ᠲᠥᠷᠥᠯ ᠵᠦᠢᠯ ᠨᠢ ᠨᠡᠶ᠋ᠢᠲᠡ 5 ᠰᠡᠳᠦᠪ ᠲᠣᠬᠢᠷᠠᠭᠤᠯᠵᠤ ᠂ ᠥᠪᠥᠷ ᠮᠣᠩᠭᠣᠯ᠎ᠤᠨ ᠮᠠᠯ ᠠᠵᠤ ᠠᠬᠤᠢ᠎ᠶᠢᠨ ᠢᠯᠭᠠᠳᠠᠰᠤᠨ ᠪᠣᠬᠢᠷᠲᠤᠯ᠎ᠢ ᠡᠬᠢ ᠪᠠᠶᠠᠯᠢᠭ᠍ᠵᠢᠭᠤᠯᠤᠨ ᠠᠰᠢᠭ᠍ᠯᠠᠬᠤ ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ᠎ᠶᠢ ᠬᠤᠪᠢᠷᠠᠭᠤᠯᠤᠨ ᠬᠥᠭᠵᠢᠭᠦᠯᠬᠦ᠎ᠳᠦ ᠰᠢᠰᠲᠧᠮᠵᠢᠭᠦᠯᠦᠨ ᠰᠢᠢᠳᠪᠦᠷᠢᠯᠡᠬᠦ ᠲᠥᠰᠥᠯ ᠬᠠᠩᠭᠠᠬᠤ᠎ᠪᠠᠷ ᠴᠢᠷᠮᠠᠢᠨ᠎ᠠ᠃
ᠣᠳᠣᠬᠠᠨ᠎ᠳᠤ ᠂ ᠲᠥᠷᠥᠯ ᠵᠦᠢᠯ ᠨᠢ ᠨᠢᠭᠡᠨᠲᠡ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠤ ᠂ ᠹᠣᠰᠹᠣᠷ ᠠᠭᠤᠰᠬᠠᠵᠤ ᠠᠮᠢ ᠨᠠᠰᠤ᠎ᠶᠢ ᠠᠬᠢᠭᠤᠯᠬᠤ ᠰᠢᠯᠢᠳᠡᠭ ᠦᠷ᠎ᠡ ᠪᠦᠲᠦᠮᠵᠢ᠎ᠲᠠᠢ 5 ᠠᠰᠢᠭ᠍ᠲᠠᠢ ᠪᠠᠺᠲᠧᠷᠢ᠎ᠶᠢᠨ ᠡᠰᠢ᠎ᠶᠢ ᠰᠤᠳᠤᠯᠤᠨ ᠨᠡᠭᠡᠭᠡᠵᠦ ᠰᠣᠩᠭᠣᠨ ᠭᠠᠷᠭᠠᠵᠤ ᠂ 2 ᠵᠦᠢᠯ᠎ᠦᠨ ᠡᠭᠦᠳᠦᠯᠲᠡ᠎ᠶᠢᠨ ᠲᠤᠰᠬᠠᠢ ᠠᠰᠢᠭ᠋᠎ᠢ ᠭᠥᠯᠢᠶᠡᠨ ᠠᠪᠴᠤ ᠰᠢᠢᠳᠪᠦᠷᠢᠯᠡᠵᠦ ᠂ ᠮᠤᠵᠢ᠎ᠶᠢᠨ ᠱᠠᠲᠤᠨ᠎ᠤ ᠣᠷᠣᠨ ᠨᠤᠲᠤᠭ᠎ᠤᠨ 1 ᠪᠠᠷᠢᠮᠵᠢᠶ᠎ᠠ᠎ᠶᠢ ᠨᠠᠢᠷᠠᠭᠤᠯᠤᠨ ᠵᠣᠬᠢᠶᠠᠵᠤ ᠂ 3 ᠥᠭᠦᠯᠡᠯ ᠨᠡᠢᠲᠡᠯᠡᠨ ᠂ 10 ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠯᠧᠮᠧᠨ᠋ᠲ᠎ᠢ ᠴᠤᠭᠯᠠᠭᠤᠯᠵᠤ ᠂ ᠰᠤᠳᠤᠯᠭᠠᠨ᠎ᠤ ᠰᠡᠳᠦᠪ᠎ᠢ ᠶᠠᠭ ᠲᠥᠯᠥᠪᠯᠡᠭᠡ ᠶᠣᠰᠣᠭᠠᠷ ᠬᠡᠷᠡᠭᠵᠢᠭᠦᠯᠵᠦ ᠪᠣᠶ᠃