ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠰᠤᠳᠤᠯᠭ᠋ᠠᠨ᠎ᠤ ᠬᠦᠷᠢᠶᠡᠯᠡᠩ᠎ᠤᠨ᠎ᠬᠢᠨ ᠶᠠᠳᠠᠭᠤ ᠬᠦᠴᠢᠷᠳᠡᠯᠲᠡᠢ ᠠᠵᠢᠯᠲᠠᠨ ᠠᠵᠢᠯᠴᠢᠨ᠎ᠢ ᠲᠣᠬᠣᠨᠢᠭᠤᠯᠬᠤ ᠠᠵᠢᠯᠯᠠᠭ᠎ᠠ ᠥᠷᠨᠢᠭᠦᠯᠵᠡᠢ
ᠨᠡᠶ᠋ᠢᠲᠡᠯᠡᠭᠰᠡᠨ ᠴᠠᠭ᠄ 2025-02-19

      ᠮᠣᠭ᠋ᠠᠢ ᠵᠢᠯ᠎ᠤᠨ ᠴᠠᠭ᠋ᠠᠨ ᠰᠠᠷ᠎ᠠ ᠪᠣᠯᠬᠤ ᠭᠡᠵᠦ ᠪᠠᠢ᠌ᠭ᠎ᠠ ᠦᠶ᠎ᠡ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠰᠤᠳᠤᠯᠭ᠋ᠠᠨ᠎ᠤ ᠬᠦᠷᠢᠶᠡᠯᠡᠩ᠎ᠤᠨ᠎ᠬᠢᠨ ᠬᠦᠴᠢᠷᠳᠡᠯᠲᠡᠢ ᠠᠵᠢᠯᠲᠠᠨ ᠠᠵᠢᠯᠴᠢᠨ᠎ᠢ ᠲᠣᠬᠣᠨᠢᠭᠤᠯᠬᠤ ᠠᠵᠢᠯᠯᠠᠭ᠎ᠠ ᠵᠢ ᠢᠳᠡᠪᠬᠢᠲᠡᠢ ᠥᠷᠨᠢᠭᠦᠯᠪᠡ᠃ ᠣᠢ᠌ᠷ᠎ᠠ᠎ᠳᠤ᠂ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠠᠮ᠎ᠤᠨ ᠶᠡᠷᠦᠩᠬᠡᠢ ᠡᠭᠦᠷ᠎ᠤᠨ ᠱᠦᠵᠢ ᠢᠦᠢ ᠰᠢᠶᠣᠣ ᠳ᠋ᠦᠩ ᠨᠠᠮ᠎ᠤᠨ ᠶᠡᠷᠦᠩᠬᠡᠢ ᠡᠭᠦᠷ᠎ᠤᠨ ᠪᠤᠰᠤᠳ ᠪᠦᠷᠢᠯᠳᠦᠬᠦᠨ ᠵᠶ᠋ᠡᠨ ᠳᠠᠭ᠋ᠠᠭᠤᠯᠤᠨ ᠬᠦᠴᠢᠷᠳᠡᠯ᠎ᠲᠠᠢ ᠠᠵᠢᠯᠲᠠᠨ ᠠᠵᠢᠯᠴᠢᠨ ᠸᠠᠩ ᠳ᠋ᠧ ᠬᠤᠸᠠ ᠨᠥᠬᠥᠷ᠎ᠤᠨ ᠭᠡᠷ᠎ᠲᠤ ᠬᠦᠷᠴᠦ ᠲᠣᠬᠣᠨᠢᠭᠤᠯᠪᠠ᠃
      ᠲᠣᠬᠣᠨᠢᠭᠤᠯᠬᠤ ᠳᠤᠭᠤᠢ᠌ᠯᠠᠩ᠎ᠤᠨ᠎ᠬᠢᠨ ᠸᠠᠩ᠎ᠳᠤ ᠬᠤᠸᠠ ᠨᠥᠬᠥᠷ᠎ᠲᠤ ᠠᠮᠤ ᠪᠤᠳᠠᠭ᠎ᠠ᠂ ᠭᠤᠯᠢᠷ᠂ ᠲᠣᠰᠣ ᠵᠡᠷᠭᠡ ᠠᠮᠢᠳᠤᠷᠠᠯ᠎ᠤᠨ ᠬᠡᠷᠡᠭᠰᠡᠯ ᠵᠢᠴᠢ ᠲᠣᠬᠣᠨᠢᠭᠤᠯᠬᠤ ᠮᠥᠩᠭᠥ ᠬᠦᠷᠭᠡᠵᠦ᠂ ᠨᠠᠮ᠎ᠤᠨ ᠶᠡᠷᠦᠩᠬᠡᠢ ᠡᠭᠦᠷ᠎ᠤᠨ ᠭᠦᠨ ᠵᠤᠵᠠᠭ᠋ᠠᠨ ᠬᠠᠯᠠᠮᠵᠢᠯᠠᠯ᠎ᠢ ᠳᠠᠮᠵᠢᠭᠤᠯᠪᠠ᠃ ᠳᠣᠲᠣᠨᠣ᠎ᠪᠠᠷ ᠶᠠᠷᠢᠯᠴᠠᠬᠤ ᠳᠤᠮᠳᠠ᠂ ᠲᠣᠬᠣᠨᠢᠭᠤᠯᠬᠤ ᠳᠤᠭᠤᠢ᠌ᠯᠠᠩ᠎ᠤᠨ᠎ᠬᠢᠨ ᠲᠡᠭᠦᠨ᠎ᠤ ᠪᠡᠶ᠎ᠡ ᠮᠠᠬᠠᠪᠤᠳ᠎ᠤᠨ ᠪᠠᠶ᠋ᠢᠳᠠᠯ ᠪᠣᠯᠣᠨ ᠭᠡᠷ ᠪᠦᠯᠢ ᠵᠢᠨ ᠠᠮᠢᠳᠤᠷᠠᠯ᠎ᠤᠨ ᠪᠠᠶ᠋ᠢᠳᠠᠯ᠎ᠢ ᠨᠠᠷᠢᠨ ᠠᠰᠠᠭᠤᠨ ᠯᠠᠪᠯᠠᠵᠤ᠂ ᠲᠡᠭᠦᠨ᠎ᠤ ᠪᠣᠳᠠᠲᠠᠢ ᠬᠦᠴᠢᠷᠳᠡᠯ᠎ᠢ ᠭᠦᠨᠵᠡᠭᠡᠢ ᠣᠢ᠌ᠯᠠᠭ᠋ᠠᠭᠰᠠᠨ ᠪᠥᠭᠡᠳ ᠲᠡᠭᠦᠨ᠎ᠢ ᠪᠡᠶ᠎ᠡ᠎ᠪᠠᠨ ᠪᠣᠯᠪᠠᠰᠤᠷᠠᠭᠤᠯᠬᠤ ᠵᠢ ᠪᠠᠷᠢᠮᠲᠠᠯᠠᠵᠤ᠂ ᠡᠷᠡᠭᠦᠯ ᠴᠢᠭᠢᠷᠠᠭ᠎ᠢ ᠴᠢᠬᠤᠯᠠᠴᠢᠯᠠᠬᠤ ᠬᠡᠷᠡᠭᠲᠡᠢ ᠭᠡᠵᠦ ᠵᠣᠷᠢᠭᠵᠢᠭᠤᠯᠪᠠ᠃
      ᠸᠠᠩ᠎ᠳᠤ ᠬᠤᠸᠠ ᠨᠥᠬᠥᠷ ᠨᠠᠮ᠎ᠤᠨ ᠶᠡᠷᠦᠩᠬᠡᠢ ᠡᠭᠦᠷ᠎ᠤᠨ ᠲᠡᠭᠦᠨ᠎ᠢ ᠲᠣᠬᠣᠨᠢᠭᠤᠯᠤᠭᠰᠠᠨ᠎ᠳᠤ ᠲᠤᠢ᠌ᠯ ᠵᠶ᠋ᠠᠷ ᠲᠠᠯᠠᠷᠬᠠᠬᠤ ᠵᠢᠨ ᠬᠠᠮᠲᠤ ᠡᠨᠡ ᠤᠳᠠᠭ᠎ᠠ ᠵᠢᠨ ᠲᠣᠬᠣᠨᠢᠭᠤᠯᠤᠯ᠎ᠨᠢ ᠲᠡᠭᠦᠨ᠎ᠳᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠬᠠᠶ᠋ᠢᠷ᠎ᠠ ᠬᠠᠯᠠᠮᠵᠢ ᠵᠢ ᠭᠦᠨᠵᠡᠭᠡᠢ ᠮᠡᠳᠡᠷᠡᠭᠦᠯᠵᠦ᠂ ᠲᠡᠭᠦᠨ᠎ᠤ ᠬᠣᠶ᠋ᠢᠰᠢᠳᠠ ᠵᠢᠨ ᠠᠵᠢᠯ᠎ᠤᠨ ᠳᠤᠮᠳᠠ᠎ᠪᠠᠨ ᠴᠥᠬᠥᠷᠡᠰᠢ ᠦᠭᠡᠢ ᠲᠡᠮᠡᠴᠡᠬᠦ ᠵᠣᠷᠢᠭ᠎ᠢ ᠪᠠᠲᠤᠳᠬᠠᠵᠠᠢ ᠭᠡᠪᠡ᠃ ᠲᠤᠰ ᠤᠳᠠᠭ᠋ᠠᠨ᠎ᠤ ᠠᠵᠢᠯᠯᠠᠭ᠎ᠠ᠎ᠨᠢ ᠬᠤᠪᠢ ᠬᠥᠮᠥᠨ᠎ᠢ ᠳᠤᠯᠠᠭ᠋ᠠᠴᠠᠭᠤᠯᠤᠭᠰᠠᠨ ᠵᠶ᠋ᠠᠷ ᠪᠠᠷᠠᠬᠤ ᠦᠭᠡᠢ᠂ ᠨᠡᠩ ᠴᠤ᠌ ᠥᠷᠭᠡᠨ ᠤᠯᠠᠨ ᠠᠵᠢᠯᠲᠠᠨ ᠠᠵᠢᠯᠴᠢᠨ᠎ᠤ ᠠᠵᠢᠯ᠎ᠤᠨ ᠬᠠᠯᠠᠭᠤᠨ ᠰᠡᠳᠬᠢᠯᠭᠡ ᠵᠢ ᠬᠥᠭᠵᠢᠭᠡᠵᠦ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠬᠠᠯᠠᠮᠵᠢᠯᠠᠯ᠎ᠢ ᠠᠵᠢᠯ᠎ᠤᠨ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠵᠤ᠂ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠡᠷᠡᠮᠡᠬᠡᠢ᠌ᠯᠡᠨ ᠲᠠᠪᠰᠢᠨ᠎ᠠ ᠭᠡᠵᠦ ᠢᠯᠡᠳᠬᠡᠵᠡᠭᠡᠪᠡ᠂ ᠡᠨᠡ᠎ᠨᠢ ᠨᠡᠢ᠌ᠭᠡᠮ ᠵᠢᠷᠤᠮ᠎ᠤᠨ ᠶᠡᠬᠡ ᠭᠡᠷ ᠪᠦᠯᠢ ᠵᠢᠨ ᠬᠠᠷᠢᠯᠴᠠᠨ ᠬᠠᠯᠠᠮᠵᠢᠯᠠᠵᠤ᠂ ᠬᠠᠷᠢᠯᠴᠠᠨ ᠬᠠᠪᠰᠤᠷᠤᠯᠴᠠᠬᠤ ᠰᠠᠢ᠍ᠢ᠍ᠨ ᠰᠠᠢ᠌ᠬᠠᠨ ᠠᠭᠤᠷ ᠠᠮᠢᠰᠬᠤᠯ᠎ᠢ ᠭᠦᠢ᠍ᠴᠡᠳ ᠢᠯᠡᠷᠡᠭᠦᠯᠵᠦ᠂ ᠣᠶᠤᠨ᠎ᠤ ᠪᠣᠯᠪᠠᠰᠤᠨ᠎ᠤ ᠨᠢᠭᠡᠴᠢ ᠵᠢᠨ ᠪᠠᠢ᠌ᠭᠤᠯᠤᠯᠲᠠ ᠵᠢ ᠴᠢᠨᠠᠭᠰᠢᠳᠠ ᠠᠬᠢᠭᠤᠯᠬᠤ᠎ᠳᠤ ᠪᠠᠲᠤ ᠪᠡᠬᠢ ᠰᠠᠭᠤᠷᠢ ᠵᠢ ᠲᠠᠯᠪᠢᠭᠰᠠᠨ ᠪᠠᠢ᠌ᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠠᠶᠠᠬᠳᠠᠮᠠᠯ ᠡᠳ᠋᠎ᠤᠨ ᠬᠡᠮᠵᠢᠶ᠎ᠡ ᠵᠢ ᠪᠠᠭ᠋ᠠᠰᠬᠠᠬᠤ
WWF
ᠤᠯᠤᠰ᠎ᠤᠨ ᠨᠤᠳᠤᠭ ᠳᠡᠪᠢᠰᠬᠡᠷ᠎ᠤᠨ ᠡᠬᠢ ᠪᠠᠶᠠᠯᠢᠭ
ᠨᠤᠭᠤᠭ᠋ᠠᠯᠢᠭ ᠵᠠᠮ
ᠪᠤᠬᠢᠷᠳᠤᠯ ᠦᠬᠡᠢ ᠪᠦᠳᠦᠬᠡᠭᠳᠡᠬᠦᠨ
 
             蒙ICP备05000248号