ᠳᠣᠣᠷ᠎ᠠ ᠱᠤᠤᠬᠢᠶᠠᠨᠳᠤ ᠪᠠᠷᠢᠯᠭ᠎ᠠ ᠵᠢᠨ ᠲᠥᠬᠦᠭᠡᠷᠦᠮᠵᠢ ᠵᠢᠨ ᠵᠢᠯᠤᠭᠣᠳᠬᠤ ᠨᠡᠷᠡᠰ᠎ᠤᠨ ᠵᠢᠭᠰᠠᠭ᠋ᠠᠯᠲᠠ (2024 ᠣᠨ᠎ᠤ ᠬᠡᠪᠯᠡᠯ)
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》 ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ ᠠᠮᠢ ᠠᠬᠤᠢ ᠣᠷᠴᠢᠨ ᠲᠣᠭᠣᠷᠢᠨ᠎ᠤ ᠶᠠᠮᠤᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠳᠣᠣᠷ᠎ᠠ ᠱᠤᠤᠬᠢᠶᠠᠨᠳᠤ ᠪᠠᠷᠢᠯᠭ᠎ᠠ ᠵᠢᠨ ᠲᠥᠬᠦᠭᠡᠷᠦᠮᠵᠢ ᠵᠢ ᠰᠢᠯᠢᠨ ᠰᠣᠩᠭᠣᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠠᠵᠤ ᠠᠬᠤᠢ᠌ᠯᠠᠯ ᠭᠤᠶᠤᠴᠢᠯᠠᠨ ᠮᠡᠳᠡᠭᠦᠯᠬᠦ᠂ ᠣᠷᠣᠨ ᠨᠤᠲᠤᠭ᠎ᠤᠨ ᠠᠩᠬᠠᠨ᠎ᠤ ᠬᠢᠨᠠᠯᠲᠠ᠂ ᠲᠤᠰᠬᠠᠢ ᠮᠡᠷᠭᠡᠵᠢᠯᠲᠡᠨ᠎ᠤ ᠰᠢᠯᠭ᠋ᠠᠷᠠᠭᠤᠯᠤᠯᠲᠠ ᠪᠠ ᠰᠦᠯᠵᠢᠶᠡᠨ ᠳᠡᠭᠡᠷ᠎ᠡ ᠢᠯᠡ ᠨᠡᠢ᠌ᠲᠡᠯᠡᠬᠦ ᠵᠡᠷᠭᠡ ᠲᠠᠰ ᠳᠠᠷᠠᠭ᠋ᠠᠯᠠᠯ ᠵᠶ᠋ᠠᠷ ᠳᠠᠮᠵᠢᠭᠤᠯᠤᠨ᠂ 《ᠳᠣᠣᠷ᠎ᠠ ᠱᠤᠤᠬᠢᠶᠠᠨᠳᠤ ᠪᠠᠷᠢᠯᠭ᠎ᠠ ᠵᠢᠨ ᠲᠥᠬᠦᠭᠡᠷᠦᠮᠵᠢ ᠵᠢᠨ ᠵᠢᠯᠤᠭᠣᠳᠬᠤ ᠨᠡᠷᠡᠰ᠎ᠤᠨ ᠵᠢᠭᠰᠠᠭ᠋ᠠᠯᠲᠠ (2024 ᠣᠨ᠎ᠤ ᠬᠡᠪᠯᠡᠯ)》 ᠵᠢ ᠲᠣᠭᠲᠠᠭ᠋ᠠᠪᠠ᠂ ᠣᠲᠣ ᠵᠠᠷᠯᠠᠨ ᠨᠡᠢ᠌ᠲᠡᠯᠡᠪᠡ᠃
ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠳᠡᠮᠵᠢᠵᠦ ᠵᠣᠷᠢᠭᠵᠢᠭᠤᠯᠬᠤ ᠲᠥᠷᠥ ᠵᠢᠨ ᠪᠣᠳᠣᠯᠭ᠎ᠠ ᠵᠢ ᠰᠤᠳᠤᠯᠤᠨ ᠨᠡᠢ᠌ᠲᠡᠯᠡᠵᠦ᠂ ᠳᠣᠣᠷ᠎ᠠ ᠱᠤᠤᠬᠢᠶᠠᠨᠳᠤ ᠪᠠᠷᠢᠯᠭ᠎ᠠ ᠵᠢᠨ ᠲᠥᠬᠦᠭᠡᠷᠦᠮᠵᠢ ᠵᠢ ᠳᠡᠯᠭᠡᠷᠡᠭᠦᠯᠦᠨ ᠬᠡᠷᠡᠭᠯᠡᠵᠦ᠂ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ᠎ᠳᠤ ᠬᠦᠴᠦ ᠨᠡᠮᠡᠷᠢᠯᠡᠬᠦ ᠵᠢ ᠵᠣᠷᠢᠭᠵᠢᠭᠤᠯᠤᠨ᠎ᠠ᠃
ᠳᠠᠭ᠋ᠠᠯᠳᠤᠭᠤᠯᠤᠯ᠄ ᠳᠣᠣᠷ᠎ᠠ ᠱᠤᠤᠬᠢᠶᠠᠨᠳᠤ ᠪᠠᠷᠢᠯᠭ᠎ᠠ ᠵᠢᠨ ᠲᠥᠬᠦᠭᠡᠷᠦᠮᠵᠢ ᠵᠢᠨ ᠵᠢᠯᠤᠭᠣᠳᠬᠤ ᠨᠡᠷᠡᠰ᠎ᠤᠨ ᠵᠢᠭᠰᠠᠭ᠋ᠠᠯᠲᠠ (2024 ᠣᠨ᠎ᠤ ᠬᠡᠪᠯᠡᠯ)
ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ
ᠠᠮᠢ ᠠᠬᠤᠢ ᠣᠷᠴᠢᠨ ᠲᠣᠭᠣᠷᠢᠨ᠎ᠤ ᠶᠠᠮᠤᠨ
ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ
ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ
2024 ᠣᠨ᠎ᠤ 12 ᠰᠠᠷ᠎ᠠ ᠵᠢᠨ 12᠎ᠤᠨ ᠡᠳᠦᠷ
ᠬᠠᠮᠢᠶ᠎ᠠ ᠪᠦᠬᠦᠢ ᠪᠢᠴᠢᠭ ᠬᠠᠷ᠎ᠠ᠄
ᠳᠠᠭ᠋ᠠᠯᠳᠤᠭᠤᠯᠤᠯ᠎ᠢ ᠪᠠᠭᠤᠯᠭ᠋ᠠᠬᠤ 1᠄ ᠳᠣᠣᠷ᠎ᠠ ᠱᠤᠤᠬᠢᠶᠠᠨᠳᠤ ᠪᠠᠷᠢᠯᠭ᠎ᠠ ᠵᠢᠨ ᠲᠥᠬᠦᠭᠡᠷᠦᠮᠵᠢ ᠵᠢᠨ ᠵᠢᠯᠤᠭᠣᠳᠬᠤ ᠨᠡᠷᠡᠰ᠎ᠤᠨ ᠵᠢᠭᠰᠠᠭ᠋ᠠᠯᠲᠠ (2024 ᠣᠨ᠎ᠤ ᠬᠡᠪᠯᠡᠯ). pdf