ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ  -   ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ᠎ᠢ ᠦᠷᠭᠦᠯᠵᠢᠯᠡᠨ ᠰᠠᠢ᠌ᠲᠥᠷ ᠬᠢᠶ᠎ᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠢᠩᠰᠢᠶᠠ᠎ᠶᠢᠨ ᠬᠣᠲᠣᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠭᠠᠷ ᠮᠠᠨᠳᠠᠯ᠎ᠤᠨ ᠪᠣᠬᠢᠷᠲᠤᠯ᠎ᠢ ᠬᠠᠮᠲᠤᠷᠠᠨ ᠰᠡᠷᠭᠡᠢᠯᠡᠵᠦ ᠬᠠᠮᠲᠤᠷᠠᠨ ᠡᠵᠡᠮᠳᠡᠬᠦ ᠪᠣᠷᠣ᠌ ᠲᠥᠯᠥᠪ᠎ᠦᠨ ᠵᠥᠪᠯᠡᠯᠴᠡᠭᠡᠷ᠎ᠲᠦ ᠭᠠᠷ᠎ᠤᠨ ᠦᠰᠦᠭ ᠵᠢᠷᠤᠪᠠ
ᠨᠡᠶ᠋ᠢᠲᠡᠯᠡᠭᠰᠡᠨ ᠴᠠᠭ᠄ 2025-12-10

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯᠣᠨ ᠨᠢᠩᠰᠢᠶᠠ᠎ᠶᠢᠨ ᠬᠣᠲᠣᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠰᠣᠯᠢᠯᠴᠠᠭ᠎ᠠ ᠬᠠᠮᠲᠤᠷᠠᠯᠴᠠᠭ᠎ᠠ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠠᠭᠠᠷ ᠮᠠᠨᠳᠠᠯ᠎ᠤᠨ ᠪᠣᠬᠢᠷᠲᠤᠯ᠎ᠢ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ ᠰᠢᠨ᠎ᠡ ᠪᠠᠢᠷᠢᠰᠢᠯ᠎ᠢ ᠪᠦᠷᠢᠯᠳᠦᠭᠦᠯᠬᠦ᠎ᠶᠢ ᠠᠬᠢᠭᠤᠯᠵᠤ᠂ ᠥᠪᠥᠷ ᠮᠣᠩᠭᠣᠯ ᠨᠢᠩᠰᠢᠶᠠ᠎ᠶᠢᠨ ᠬᠥᠷᠰᠢ ᠵᠡᠷᠭᠡᠯᠡᠳᠡᠭᠡ ᠭᠠᠵᠠᠷ ᠣᠷᠣᠨ᠎ᠤ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠢ ᠬᠦᠴᠦ᠎ᠪᠡᠨ ᠬᠠᠮᠲᠤᠳᠬᠠᠨ  ᠰᠠᠢᠵᠢᠷᠠᠭᠤᠯᠬᠤ᠎ᠶᠢᠨ ᠲᠥᠯᠥᠭᠡ᠂ 11 ᠳ᠋ᠦ᠍ᠭᠡᠷ ᠰᠠᠷ᠎ᠠ᠎ᠶᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠢᠭᠡᠳ ᠨᠢᠩᠰᠢᠶᠠ᠎ᠶᠢᠨ ᠬᠣᠲᠣᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠢᠷᠭᠠᠢ᠎ᠳᠤ 《 ᠠᠭᠠᠷ ᠮᠠᠨᠳᠠᠯ᠎ᠤᠨ ᠪᠣᠬᠢᠷᠲᠤᠯ᠎ᠢ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ ᠪᠣᠷᠣ᠌ ᠲᠥᠯᠥᠪ᠎ᠦᠨ ᠵᠥᠪᠯᠡᠯᠴᠡᠭᠡᠷ 》᠎ᠲᠦ ᠭᠠᠷ᠎ᠤᠨ ᠥᠰᠥᠭ ᠵᠢᠷᠤᠪᠠ᠃
      ᠬᠡᠯᠡᠯᠴᠡᠭᠡᠷ᠎ᠢ ᠦᠨᠳᠦᠰᠦᠯᠡᠪᠡᠯ᠂ ᠬᠣᠶᠠᠷ ᠲᠠᠯ᠎ᠠ᠎ᠪᠠᠷ᠎ᠢᠶᠠᠨ 《 ᠬᠠᠮᠲᠤ᠎ᠪᠠᠷ ᠵᠥᠪᠳᠡᠯᠴᠡᠨ ᠬᠠᠮᠲᠤ᠎ᠪᠠᠷ ᠵᠠᠰᠠᠬᠤ᠂ ᠣᠷᠣᠨ ᠪᠦᠰᠡ ᠬᠣᠯᠪᠤᠭᠠᠯᠠᠨ ᠬᠥᠳᠡᠯᠦᠯᠴᠡᠬᠦ᠂ ᠬᠠᠮᠲᠤᠷᠠᠯᠴᠠᠭ᠎ᠠ ᠬᠢᠵᠦ ᠬᠠᠮᠲᠤ᠎ᠪᠠᠷ ᠠᠰᠢᠭ᠋ ᠬᠦᠷᠳᠡᠬᠦ 》 ᠵᠠᠷᠴᠢᠮ᠎ᠢ ᠪᠠᠷᠢᠮᠲᠠᠯᠠᠵᠤ᠂ ᠠᠭᠠᠷ ᠮᠠᠨᠳᠠᠯ᠎ᠤᠨ ᠪᠣᠬᠢᠷᠲᠤᠯ᠎ᠢ ᠬᠠᠮᠲᠤ᠎ᠪᠠᠷ ᠰᠡᠷᠭᠡᠢᠯᠡᠨ ᠡᠵᠡᠮᠳᠡᠬᠦ ᠦᠵᠦ ᠲᠥᠯᠥᠪᠯᠡᠭᠡ᠎ᠶᠢ ᠬᠠᠮᠲᠤ᠎ᠪᠠᠷ ᠴᠢᠩᠭᠠᠳᠬᠠᠵᠤ᠂ ᠬᠥᠷᠰᠢ ᠵᠡᠷᠭᠡᠯᠡᠳᠡᠭᠡ ᠭᠠᠵᠠᠷ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ ᠪᠣᠯᠣᠨ ᠲᠤᠰᠬᠠᠢ ᠲᠥᠯᠦᠪᠵᠢᠭᠦᠯᠭᠡ᠎ᠶᠢᠨ ᠬᠠᠮᠵᠢᠯᠴᠠᠭ᠎ᠠ᠎ᠶᠢ ᠢᠳᠡᠪᠬᠢᠲᠡᠢ ᠠᠬᠢᠭᠤᠯᠤᠨ᠎ᠠ᠃ ᠦᠬᠠᠢ ᠬᠣᠲᠠ ︱ ᠱᠢ ᠽᠦᠢ ᠱᠠᠨ ᠬᠣᠲᠠ ᠂ ᠠᠯᠠᠱᠠ ᠠᠢᠮᠠᠭ ︱ ᠵᠥᠩ ᠸᠧᠢ ᠬᠣᠲᠠ᠂ ᠣᠷᠳᠣᠰ᠎ᠤᠨ ᠱᠠᠩᠬᠤ᠎ᠶᠢᠨ ᠰᠦᠮ᠎ᠡ ︱ ᠨᠢᠩᠳᠦ᠋ᠩ᠎ᠦᠨ ᠠᠵᠤ ᠠᠬᠤᠢ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠋ ᠵᠢᠴᠢ ᠪᠤᠰᠤᠳ ᠬᠥᠷᠰᠢ ᠵᠡᠷᠭᠡᠯᠡᠳᠡᠭᠡ ᠬᠣᠰᠢᠭᠤ ᠰᠢᠶᠠᠨ ( ᠬᠣᠲᠠ ᠂ ᠲᠣᠭᠣᠷᠢᠭ᠋ )᠎ᠤ ᠬᠣᠭᠣᠷᠣᠨᠳᠣᠬᠢ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠬᠠᠮᠲᠤᠷᠠᠯᠴᠠᠭ᠎ᠠ ᠰᠣᠯᠢᠯᠴᠠᠭ᠎ᠠ᠎ᠶᠢ ᠪᠥᠬᠥ ᠲᠠᠯ᠎ᠠ᠎ᠪᠠᠷ ᠴᠢᠩᠭᠠᠳᠬᠠᠨ᠎ᠠ᠃ PM2.5 ᠪᠣᠯᠣᠨ O3᠎ᠶᠢᠨ ᠬᠠᠮᠵᠢᠯᠴᠠᠭᠰᠠᠨ ᠡᠵᠡᠮᠳᠡᠯ᠎ᠳᠦ ᠬᠦᠴᠦ ᠲᠠᠯᠪᠢᠨ ᠠᠩᠬᠠᠷᠤᠯ᠎ᠢᠶᠠᠨ ᠲᠥᠪᠯᠡᠷᠡᠭᠦᠯᠵᠦ᠂ ᠭᠣᠣᠯᠳᠠᠯᠭ᠎ᠠ ᠎ᠲᠠᠢ ᠠᠵᠢᠯ ᠲᠥᠷᠥᠯ᠎ᠦᠨ ᠠᠵᠤ ᠠᠬᠤᠢᠯᠠᠯ᠎ᠤᠨ ᠠᠭᠠᠷ ᠮᠠᠨᠳᠠᠯ᠎ᠤᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠪᠠᠷᠢᠮᠵᠢᠶ᠎ᠠ᠎ᠶᠢ ᠨᠢᠭᠡᠳᠦᠯᠲᠡᠢ ᠪᠣᠯᠭᠠᠵᠤ᠂ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠰᠠᠭᠤᠷᠢ ᠰᠤᠳᠤᠯᠭᠠᠨ᠎ᠢ ᠬᠠᠮᠲᠤᠷᠠᠨ ᠥᠷᠨᠢᠭᠦᠯᠵᠦ᠂ ᠬᠦᠨᠳᠦ ᠪᠣᠬᠢᠷᠲᠤᠯ᠎ᠲᠠᠢ ᠴᠠᠭ ᠠᠭᠤᠷ᠎ᠢ ᠬᠠᠮᠲᠤᠷᠠᠨ ᠵᠥᠪᠳᠡᠯᠴᠡᠬᠦ ᠪᠠ ᠪᠠᠴᠢᠮ ᠪᠠᠢᠳᠠᠯ᠎ᠢ ᠠᠷᠭᠠᠴᠠᠬᠤ᠎ᠶᠢᠨ ᠬᠣᠯᠪᠤᠭᠠᠯᠠᠨ ᠬᠥᠳᠡᠯᠦᠯᠴᠡᠬᠦ᠎ᠶᠢ ᠴᠢᠩᠭᠠᠳᠬᠠᠨ᠂ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ᠎ᠶᠢᠨ ᠬᠢᠨᠠᠯᠲᠠ ᠪᠠᠢᠴᠠᠭᠠᠯᠲᠠ᠎ᠶᠢᠨ ᠮᠡᠳᠡᠭᠡ ᠵᠠᠩᠭᠢ᠎ᠶᠢᠨ ᠬᠠᠷᠢᠯᠴᠠᠨ ᠨᠡᠪᠲᠡᠷᠡᠯᠴᠡᠬᠦ ᠲᠣᠭᠲᠠᠴᠠ᠎ᠶᠢ ᠪᠠᠢᠭᠤᠯᠵᠤ᠂ ᠠᠭᠠᠷ ᠮᠠᠨᠳᠠᠯ᠎ᠤᠨ ᠪᠣᠬᠢᠷᠲᠤᠯ᠎ᠢ ᠵᠠᠰᠠᠬᠤ ᠬᠢᠷᠢ ᠬᠡᠮᠵᠢᠶ᠎ᠡ᠎ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠷᠣᠨ ᠪᠦᠰᠡ᠎ᠶᠢᠨ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠬᠤ᠎ᠶᠢ ᠠᠬᠢᠭᠤᠯᠵᠤ᠂ 《 1+1>2 》᠎ᠤᠨ ᠬᠠᠮᠵᠢᠯᠴᠠᠨ ᠵᠠᠰᠠᠬᠤ ᠦᠷ᠎ᠡ ᠪᠦᠲᠦᠮᠵᠢ᠎ᠶᠢ ᠴᠢᠷᠮᠠᠢᠨ ᠪᠡᠶᠡᠯᠡᠭᠦᠯᠦᠨ᠎ᠡ᠃
      ᠳᠠᠷᠠᠭᠠᠴᠢ᠎ᠶᠢᠨ ᠠᠯᠬᠤᠮ᠎ᠳᠤ᠂ ᠬᠣᠶᠠᠷ ᠲᠠᠯ᠎ᠠ᠎ᠪᠠᠷ᠎ᠢᠶᠠᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠬᠠᠮᠲᠤᠷᠠᠯᠴᠠᠭᠠᠨ᠎ᠤ ᠳᠤᠭᠤᠢᠯᠠᠩ᠎ᠢ ᠪᠠᠢᠭᠤᠯᠵᠤ᠂ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠬᠠᠮᠲᠤᠷᠠᠯᠴᠠᠭᠠᠨ᠎ᠤ ᠬᠠᠮᠲᠤᠷᠠᠭᠰᠠᠨ ᠬᠤᠷᠠᠯ᠎ᠤᠨ ᠳᠦᠷᠢᠮ᠎ᠢ ᠪᠠᠢᠭᠤᠯᠵᠤ᠂ ᠣᠨ᠎ᠤ ᠭᠣᠣᠯᠳᠠᠯᠭ᠎ᠠ᠎ᠲᠠᠢ ᠡᠭᠦᠷᠭᠡ᠎ᠶᠢᠨ ᠨᠠᠷᠢᠨ ᠲᠠᠩᠰᠠ᠎ᠶᠢ ᠲᠣᠭᠲᠠᠭᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠤᠷᠠᠯ ᠬᠤᠷᠠᠯᠳᠤᠭᠤᠯᠵᠤ᠂ ᠭᠣᠣᠯᠳᠠᠯᠭ᠎ᠠ᠎ᠲᠠᠢ ᠬᠠᠮᠲᠤᠷᠠᠯᠴᠠᠭᠠᠨ᠎ᠤ ᠵᠦᠢᠯᠡᠰ᠎ᠢ ᠵᠠᠷᠯᠠᠨ ᠵᠣᠬᠢᠴᠠᠭᠤᠯᠵᠤ᠂ ᠬᠠᠮᠲᠤᠷᠠᠯᠴᠠᠭᠠᠨ᠎ᠤ ᠠᠮᠵᠢᠯᠲᠠ᠎ᠲᠠᠢ ᠲᠤᠷᠰᠢᠯᠭ᠎ᠠ᠎ᠶᠢ ᠳ᠋ᠦᠩᠨᠡᠨ ᠳᠡᠯᠭᠡᠷᠡᠭᠦᠯᠵᠦ᠂ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ ᠪᠣᠷᠣ᠌ ᠲᠥᠯᠥᠪ᠎ᠦᠨ ᠵᠥᠪᠯᠡᠯᠴᠡᠭᠡᠷ᠎ᠢ ᠪᠣᠳᠠᠲᠠᠢ᠎ᠳᠤ ᠨᠠᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ᠎ᠶᠢ ᠪᠠᠲᠤᠯᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号