11 ᠳ᠋ᠦ᠍ᠭᠡᠷ ᠰᠠᠷ᠎ᠠ᠎ᠶᠢᠨ 27᠎ᠤ ᠡᠳᠦᠷ ᠂ ᠥᠪᠥᠷ ᠮᠣᠩᠭᠣᠯ ᠪᠣᠯᠣᠨ ᠨᠢᠩᠰᠢᠶᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠢᠷᠭᠠᠢ ᠬᠤᠳᠠ᠎ᠳᠤ 《 ᠠᠭᠠᠷ ᠮᠠᠨᠳᠠᠯ᠎ᠤᠨ ᠪᠣᠬᠢᠷᠲᠤᠯ᠎ᠢ ᠬᠠᠮᠲᠤᠷᠠᠨ ᠰᠡᠷᠭᠡᠢᠯᠡᠵᠦ ᠬᠠᠮᠲᠤᠷᠠᠨ ᠬᠢᠵᠠᠭᠠᠷᠯᠠᠬᠤ ᠪᠣᠷᠣ᠌ ᠲᠥᠯᠥᠪ᠎ᠦᠨ ᠵᠥᠪᠯᠡᠯᠴᠡᠭᠡᠷ 》᠎ᠲᠦ ᠭᠠᠷᠤᠨ ᠥᠰᠥᠭ ᠵᠢᠷᠤᠪᠠ᠂ ᠡᠨᠡ ᠨᠢ ᠬᠣᠶᠠᠷ ᠭᠠᠵᠠᠷ᠎ᠤᠨ ᠠᠭᠠᠷ ᠮᠠᠨᠳᠠᠯ᠎ᠤᠨ ᠪᠣᠬᠢᠷᠲᠤᠯ᠎ᠢ ᠬᠠᠮᠵᠢᠯᠴᠠᠨ ᠵᠠᠰᠠᠬᠤ ᠠᠵᠢᠯ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ᠃
ᠵᠥᠪᠯᠡᠯᠴᠡᠭᠡᠷ᠎ᠢ ᠦᠨᠳᠦᠰᠦᠯᠡᠪᠡᠯ᠂ ᠬᠣᠶᠠᠷ ᠲᠠᠯ᠎ᠠ᠎ᠪᠠᠷ᠎ᠢᠶᠠᠨ ᠦᠵᠦ ᠲᠥᠯᠥᠪᠯᠡᠭᠡ᠎ᠪᠡᠨ ᠴᠢᠩᠭᠠᠳᠬᠠᠵᠤ᠂ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ᠎ᠶᠢ 《 ᠠᠷᠪᠠᠨ ᠲᠠᠪᠤᠳᠤᠭᠠᠷ ᠲᠠᠪᠤᠨ ᠵᠢᠯ 》᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ᠎ᠳᠦ ᠣᠷᠣᠭᠤᠯᠤᠨ᠎ᠠ; PM2.5 ᠪᠣᠯᠣᠨ ᠣᠽᠣᠨ᠎ᠢ ᠬᠠᠮᠵᠢᠯᠴᠠᠨ ᠡᠵᠡᠮᠳᠡᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠭᠠᠳᠠᠭᠰᠢᠯᠠᠭᠤᠯᠬᠤ ᠪᠠᠷᠢᠮᠵᠢᠶ᠎ᠠ᠎ᠶᠢ ᠨᠢᠭᠡᠳᠦᠯᠲᠡᠢ ᠪᠣᠯᠭᠠᠵᠤ᠂ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠢᠳᠠᠯ᠎ᠢ ᠠᠷᠭᠠᠴᠠᠬᠤ ᠬᠠᠮᠲᠤᠷᠠᠯᠴᠠᠭ᠎ᠠ᠎ᠶᠢ ᠴᠢᠩᠭᠠᠳᠬᠠᠨ᠎ᠠ; ᠬᠠᠤᠯᠢ ᠬᠡᠷᠡᠭᠵᠢᠭᠦᠯᠦᠯᠲᠡ᠎ᠶᠢᠨ ᠬᠠᠮᠵᠢᠯᠴᠠᠭ᠎ᠠ᠎ᠶᠢ ᠠᠬᠢᠭᠤᠯᠵᠤ᠂ ᠮᠡᠳᠡᠭᠡ ᠵᠠᠩᠭᠢ᠎ᠶᠢᠨ ᠬᠠᠷᠢᠯᠴᠠᠨ ᠨᠡᠪᠲᠡᠷᠡᠯᠴᠡᠬᠦ ᠲᠣᠭᠲᠠᠴᠠ᠎ᠶᠢ ᠪᠠᠢᠭᠤᠯᠵᠤ᠂ ᠬᠠᠮᠲᠤᠷᠠᠭᠰᠠᠨ ᠪᠠᠢᠴᠠᠭᠠᠯᠲᠠ᠎ᠶᠢ ᠥᠷᠨᠢᠭᠦᠯᠦᠨ᠎ᠡ ; ᠡᠭᠦᠨ᠎ᠦ ᠬᠠᠮᠲᠤ᠂ ᠦᠬᠠᠢ ᠪᠣᠯᠣᠨ ᠱᠢ ᠽᠦᠢ ᠱᠠᠨ᠂ ᠠᠯᠠᠱᠠ ᠪᠣᠯᠣᠨ ᠵᠦᠩ ᠸᠧᠢ ᠵᠡᠷᠭᠡ ᠬᠥᠷᠰᠢ ᠵᠡᠷᠭᠡᠯᠡᠳᠡᠭᠡ ᠭᠠᠵᠠᠷ ᠣᠷᠣᠨ᠎ᠤ ᠪᠠᠢᠩᠭᠤ᠎ᠶᠢᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ᠎ᠶᠢ ᠪᠦᠬᠦ ᠣᠷᠣᠨ ᠪᠦᠰᠡ᠎ᠪᠡᠷ ᠪᠦᠷᠬᠦᠭᠦᠯᠬᠦ᠎ᠶᠢ ᠪᠡᠶᠡᠯᠡᠭᠦᠯᠦᠨ᠎ᠡ᠃