《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》 ᠵᠢᠨ 《ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ ᠵᠢᠴᠢ ᠵᠠᠰᠠᠨ ᠰᠡᠷᠭᠦᠭᠡᠬᠦ ᠠᠵᠢᠯ᠎ᠤᠨ ᠬᠠᠮᠢᠶ᠎ᠠ ᠪᠦᠬᠦᠢ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠵᠢᠭ᠋ᠠᠯᠲᠠ》 ᠵᠢ ᠦᠨᠳᠦᠰᠦᠯᠡᠵᠦ᠂ ᠮᠠᠨ᠎ᠤ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠦᠨᠡᠯᠡᠨ ᠵᠢᠱ᠌ᠢᠬᠦ᠂ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠭᠰᠡᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠲᠥᠷᠥᠯ ᠵᠦᠢ᠍ᠯ᠎ᠢ ᠦᠨᠡᠯᠡᠨ ᠵᠢᠱ᠌ᠢᠭᠰᠡᠨ ᠪᠠᠶ᠋ᠢᠳᠠᠯ᠎ᠲᠠᠢ ᠤᠶᠠᠯᠳᠤᠭᠤᠯᠤᠨ᠂ ᠡᠳᠦᠭᠡ 2024 ᠣᠨ᠎ᠤ ᠡᠴᠦᠰ ᠪᠣᠯᠲᠠᠯᠠᠬᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ ᠵᠢ ᠰᠢᠯᠵᠢᠭᠦᠯᠦᠨ ᠭᠠᠷᠭ᠋ᠠᠭᠰᠠᠨ ᠨᠠᠷᠢᠨ ᠲᠠᠩᠰᠠ》 ᠵᠢ ᠨᠡᠢ᠌ᠲᠡᠯᠡᠨ᠎ᠡ᠃ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ᠎ᠳᠤ ᠵᠢᠭᠰᠠᠭ᠋ᠠᠨ ᠣᠷᠣᠭᠤᠯᠤᠭᠰᠠᠨ ᠭᠠᠵᠠᠷ᠎ᠢ ᠣᠷᠣᠨ ᠰᠠᠭᠤᠴᠠ᠂ ᠤᠯᠠᠨ ᠨᠠᠢ᠌ᠳᠠ ᠵᠢᠨ ᠬᠠᠮᠢᠶᠠᠷᠤᠯᠲᠠ ᠬᠢᠭᠡᠳ ᠤᠯᠠᠨ ᠨᠠᠢ᠌ᠳᠠ ᠵᠢᠨ ᠦᠢ᠍ᠯᠡᠴᠢᠯᠡᠭᠡᠨ᠎ᠳᠤ ᠬᠡᠷᠡᠭᠯᠡᠬᠦ ᠭᠠᠵᠠᠷ ᠪᠣᠯᠭ᠋ᠠᠵᠤ ᠪᠣᠯᠬᠤ ᠦᠭᠡᠢ᠃ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠦᠨᠡᠯᠡᠨ ᠵᠢᠱ᠌ᠢᠭᠰᠡᠨ ᠮᠡᠳᠡᠭᠦᠯᠦᠯᠲᠡ᠎ᠳᠤ ᠲᠣᠭᠲᠠᠭ᠋ᠠᠭᠰᠠᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ᠂ ᠵᠠᠰᠠᠨ ᠰᠡᠷᠭᠦᠭᠡᠬᠦ ᠬᠠᠷᠠᠯᠲᠠ᠎ᠳᠤ ᠦᠯᠦ ᠬᠦᠷᠦᠭᠰᠡᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠰᠡᠭ᠎ᠲᠤ ᠲᠦᠭᠰᠢᠭᠦᠷᠢ ᠵᠢ ᠬᠠᠮᠢᠶᠠᠷᠤᠨ ᠡᠵᠡᠮᠳᠡᠬᠦ᠂ ᠵᠠᠰᠠᠨ ᠰᠡᠷᠭᠦᠭᠡᠬᠦᠯᠦᠭᠡ ᠬᠠᠮᠢᠶ᠎ᠠ ᠦᠭᠡᠢ ᠶᠠᠮᠠᠷᠪᠠ ᠲᠥᠷᠥᠯ ᠵᠦᠢ᠍ᠯ᠎ᠢ ᠠᠵᠢᠯ ᠡᠬᠢᠯᠡᠭᠦᠯᠦᠨ ᠪᠦᠲᠦᠭᠡᠨ ᠪᠠᠢ᠌ᠭᠤᠯᠬᠤ ᠵᠢ ᠴᠠᠭ᠋ᠠᠵᠠᠯᠠᠨ᠎ᠠ᠃