ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ  -   ᠴᠠᠭ᠎ᠤᠨ ᠪᠠᠶ᠋ᠢᠳᠠᠯ ᠤᠯᠤᠰ ᠲᠥᠷᠦ ᠵᠢᠨ ᠲᠥᠪᠯᠡᠷᠡᠯ
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠨ ᠭᠤᠷᠪᠠᠳᠤᠭ᠋ᠠᠷ ᠬᠤᠷᠠᠯ ᠡᠬᠢᠯᠡᠪᠡ  ᠰᠦᠨ ᠱᠣᠣ ᠴᠧᠩ ᠬᠤᠷᠠᠯ᠎ᠢ ᠡᠷᠭᠢᠯᠡᠪᠡ
ᠨᠡᠶ᠋ᠢᠲᠡᠯᠡᠭᠰᠡᠨ ᠴᠠᠭ᠄ 2025-01-15

      11 ᠰᠠᠷ᠎ᠠ ᠵᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠨ ᠭᠤᠷᠪᠠᠳᠤᠭ᠋ᠠᠷ ᠬᠤᠷᠠᠯ ᠡᠬᠢᠯᠡᠭᠰᠡᠨ ᠪᠥᠭᠡᠳ ᠠᠩᠬᠠᠳᠤᠭ᠋ᠠᠷ ᠪᠥᠬᠥᠳᠡ ᠬᠤᠷᠠᠯ ᠬᠢᠪᠡ᠃

图片01.jpg

      11 ᠰᠠᠷ᠎ᠠ ᠵᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠨ ᠭᠤᠷᠪᠠᠳᠤᠭ᠋ᠠᠷ ᠬᠤᠷᠠᠯ ᠡᠬᠢᠯᠡᠭᠰᠡᠨ ᠪᠥᠭᠡᠳ ᠠᠩᠬᠠᠳᠤᠭ᠋ᠠᠷ ᠪᠥᠬᠥᠳᠡ ᠬᠤᠷᠠᠯ ᠬᠢᠪᠡ᠃ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
      ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠎ᠳᠤ ᠣᠲᠣ 71 ᠪᠦᠷᠢᠯᠳᠦᠬᠦᠨ᠎ᠲᠠᠢ᠂ ᠲᠣᠰ ᠤᠳᠠᠭ᠋ᠠᠨ᠎ᠤ ᠬᠤᠷᠠᠯ᠎ᠳᠤ 61 ᠬᠥᠮᠥᠨ ᠣᠷᠣᠯᠴᠠᠵᠤ᠂ ᠬᠠᠤᠯᠢ᠎ᠳᠤ ᠲᠣᠭᠲᠠᠭ᠋ᠠᠭᠰᠠᠨ ᠬᠥᠮᠥᠨ᠎ᠤ ᠲᠣᠭ᠎ᠠ᠎ᠳᠤ ᠨᠡᠶ᠋ᠢᠴᠡᠨ᠎ᠡ᠃
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠡᠷᠬᠢᠯᠡᠭᠴᠢ ᠰᠦᠨ ᠱᠤᠤ ᠴᠧᠩ ᠬᠤᠷᠠᠯ᠎ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠪᠠᠢ᠌ᠩᠭᠤ ᠵᠢᠨ ᠳᠡᠳ᠋ ᠡᠷᠬᠢᠯᠡᠭᠴᠢ ᠯᠢᠨ ᠱᠤᠤ ᠴᠦᠨ᠂ ᠳᠡᠳ᠋ ᠡᠷᠬᠢᠯᠡᠭᠴᠢ ᠳ᠋ᠤᠸᠠᠨ ᡁᠢ ᠴᠢᠶᠠᠩ᠂ ᠯᠢ ᠪᠢᠩ ᠷᠥᠩ᠂ ᠦ᠋ ᠶᠠᠨ ᠭᠠᠩ᠂ ᠨᠠᠷᠢᠨ ᠪᠢᠴᠢᠭ᠎ᠤᠨ ᠳᠠᠷᠤᠭ᠎ᠠ ᠱ᠌ᠢ ᠸᠸᠨ ᠰᠢᠤᠸᠠᠢ ᠬᠤᠷᠠᠯ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠴᠢ᠊ ᠪᠠᠲᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠵᠢᠨ ᠳᠠᠷᠤᠭ᠎ᠠ ᠶᠠᠩ ᠽᠥᠩ ᠷᠧᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠨ ᠪᠠᠢ᠌ᠴᠠᠭ᠋ᠠᠬᠤ ᠳᠠᠷᠤᠭ᠎ᠠ ᠯᠢ ᠶᠦᠩ ᠵᠢᠶᠦ᠋ᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠪᠠᠢ᠌ᠭᠤᠯᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠸᠠᠨ ᠴᠤᠤ ᠴᠢ ᠬᠤᠷᠠᠯ᠎ᠳᠤ ᠰᠤᠯᠠ ᠣᠷᠣᠯᠴᠠᠪᠠ᠃
      ᠬᠤᠷᠠᠯ᠎ᠤᠨ ᠵᠥᠪᠯᠡᠬᠦ ᠵᠦᠢ᠍ᠯ᠎ᠢ ᠪᠠᠲᠤᠯᠠᠭᠰᠠᠨ᠎ᠤ ᠳᠠᠷᠠᠭ᠎ᠠ᠂ ᠬᠤᠷᠠᠯ᠎ᠠᠴᠠ ᠴᠢ᠊ ᠪᠠᠲᠤ᠂ ᠶᠠᠩ ᠽᠥᠩ ᠷᠧᠨ᠂ ᠯᠢ ᠶᠦᠩ ᠵᠢᠶᠦ᠋ᠨ᠎ᠤ ᠬᠢᠭᠰᠡᠨ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ ᠪᠠᠭᠤᠯᠭ᠋ᠠᠬᠤ᠎ᠪᠠᠷ ᠳᠡᠪᠰᠢᠭᠦᠯᠦᠭᠰᠡᠨ ᠬᠥᠮᠥᠰ᠎ᠤᠨ ᠪᠠᠶ᠋ᠢᠳᠠᠯ᠎ᠤᠨ ᠲᠤᠬᠠᠢ ᠲᠣᠳᠣᠷᠬᠠᠢ᠌ᠯᠠᠯᠲᠠ ᠵᠢ ᠰᠣᠨᠣᠰᠴᠠᠢ᠃
      ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠳᠦᠷᠢᠮ᠎ᠤᠨ ᠵᠥᠪᠯᠡᠯ᠎ᠤᠨ ᠡᠷᠬᠢᠯᠡᠭᠴᠢ ᠭᠡᠰᠢᠭᠦᠨ ᠰᠠᠷᠠᠨ᠎ᠤ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠭ᠎ᠠ ᠵᠢᠨ ᠬᠡᠷᠡᠭ ᠶᠠᠪᠤᠳᠠᠯ᠎ᠤᠨ ᠬᠠᠮᠢᠶᠠᠷᠤᠯᠲᠠ ᠵᠢᠨ ᠳᠦᠷᠢᠮ (ᠲᠥᠰᠥᠯ)》᠎ᠢ ᠬᠢᠨᠠᠨ ᠵᠥᠪᠯᠡᠭᠰᠡᠨ ᠦᠷ᠎ᠡ ᠳ᠋ᠦᠩ᠎ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠳᠦᠷᠢᠮ᠎ᠤᠨ ᠵᠥᠪᠯᠡᠯ᠎ᠤᠨ ᠳᠡᠳ᠋ ᠡᠷᠬᠢᠯᠡᠭᠴᠢ ᠭᠡᠰᠢᠭᠦᠨ ᠵᠧᠩ ᠵᠢᠨ ᠴᠦᠨ᠎ᠤ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠠᠮᠢᠶᠠᠷᠤᠯᠲᠠ ᠵᠢᠨ ᠳᠦᠷᠢᠮ (ᠲᠥᠰᠥᠯ)》᠎ᠢ ᠬᠢᠨᠠᠨ ᠵᠥᠪᠯᠡᠭᠰᠡᠨ ᠦᠷ᠎ᠡ ᠳ᠋ᠦᠩ᠎ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠳᠦᠷᠢᠮ᠎ᠤᠨ ᠵᠥᠪᠯᠡᠯ᠎ᠤᠨ ᠳᠡᠳ᠋ ᠡᠷᠬᠢᠯᠡᠭᠴᠢ ᠭᠡᠰᠢᠭᠦᠨ ᠵᠠᠩ ᠽᠦᠸᠧ ᠾᠧᠦ ᠵᠢᠨ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠳᠦᠷᠢᠮ (ᠲᠥᠰᠥᠯ)》᠎ᠢ ᠬᠢᠨᠠᠨ ᠵᠥᠪᠯᠡᠭᠰᠡᠨ ᠦᠷ᠎ᠡ ᠳ᠋ᠦᠩ᠎ᠤᠨ ᠲᠤᠬᠠᠢ ᠮᠡᠳᠡᠭᠦᠯᠦᠯᠲᠡ ᠵᠢ ᠰᠣᠨᠣᠰᠪᠠ᠃
      ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ ᠵᠢᠨ ᠳᠡᠳ᠋ ᠳᠠᠷᠤᠭ᠎ᠠ ᠯᠧᠦ ᠪᠥᠸᠧ ᠵᠢᠶᠦ᠋ᠨ᠎ᠤ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠭᠢᠭᠯᠢᠭ ᠭᠠᠵᠠᠷ᠎ᠢ ᠬᠠᠮᠠᠭ᠋ᠠᠯᠠᠬᠤ ᠳᠦᠷᠢᠮ (ᠵᠠᠰᠠᠪᠤᠷᠢ ᠣᠷᠣᠭᠤᠯᠤᠭᠰᠠᠨ ᠲᠥᠰᠥᠯ)》᠎ᠤᠨ ᠲᠤᠬᠠᠢ ᠲᠣᠳᠣᠷᠬᠠᠢ᠌ᠯᠠᠯᠲᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠨᠡᠢ᠌ᠭᠡᠮ᠎ᠤᠨ ᠪᠠᠢ᠌ᠭᠤᠯᠤᠯᠲᠠ ᠵᠢᠨ ᠵᠥᠪᠯᠡᠯ᠎ᠤᠨ ᠡᠷᠬᠢᠯᠡᠭᠴᠢ ᠭᠡᠰᠢᠭᠦᠨ ᠱ᠌ᠢ ᠸᠠᠨ ᠵᠢᠶᠦ᠋ᠨ᠎ᠤ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠷᠰᠢ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢᠨ ᠳᠦᠷᠢᠮ (ᠲᠥᠰᠥᠯ)》᠎ᠤᠨ ᠲᠤᠬᠠᠢ ᠲᠣᠳᠣᠷᠬᠠᠢ᠌ᠯᠠᠯᠲᠠ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯ ᠣᠯᠭᠣᠯᠲᠠ ᠵᠢ ᠠᠬᠢᠭᠤᠯᠬᠤ ᠬᠠᠤᠯᠢ》 ᠪᠣᠯᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢ ᠠᠬᠢᠭᠤᠯᠬᠤ ᠳᠦᠷᠢᠮ》᠎ᠢ ᠬᠡᠷᠡᠭᠵᠢᠭᠦᠯᠦᠭᠰᠡᠨ ᠪᠠᠶ᠋ᠢᠳᠠᠯ᠎ᠢ ᠪᠠᠢ᠌ᠴᠠᠭ᠋ᠠᠭᠰᠠᠨ ᠲᠤᠬᠠᠢ ᠮᠡᠳᠡᠭᠦᠯᠦᠯᠲᠡ ᠵᠢ ᠰᠣᠨᠣᠰᠪᠠ᠃
      ᠬᠤᠷᠠᠯ᠎ᠠᠴᠠ ᠴᠢ᠊ ᠪᠠᠲᠤ ᠵᠢᠨ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠠᠢ᠌ᠭᠤᠯᠬᠤ ᠵᠢ ᠠᠬᠢᠭᠤᠯᠬᠤ ᠳᠦᠷᠢᠮ》᠎ᠢ ᠬᠡᠷᠡᠭᠵᠢᠭᠦᠯᠦᠭᠰᠡᠨ ᠪᠠᠶ᠋ᠢᠳᠠᠯ᠎ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠠᠷᠢᠶᠠᠯᠠᠩ ᠮᠠᠯ ᠠᠵᠤ ᠠᠬᠤᠢ ᠵᠢᠨ ᠵᠥᠪᠯᠡᠯ᠎ᠤᠨ ᠡᠷᠬᠢᠯᠡᠭᠴᠢ ᠭᠡᠰᠢᠭᠦᠨ ᠯᠢᠦ ᠶᠦᠩ ᡁᠢ ᠵᠢᠨ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠣᠷᠠᠬᠢ ᠤᠰᠤᠨ᠎ᠤ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠳᠦᠷᠢᠮ》᠎ᠢ ᠬᠡᠷᠡᠭᠵᠢᠭᠦᠯᠦᠭᠰᠡᠨ ᠪᠠᠶ᠋ᠢᠳᠠᠯ᠎ᠢ ᠪᠠᠢ᠌ᠴᠠᠭ᠋ᠠᠭᠰᠠᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠡᠷᠬᠢᠯᠡᠭᠴᠢ ᠭᠡᠰᠢᠭᠦᠨ ᠹᠧᠩ ᠷᠧᠨ ᠹᠧᠢ ᠵᠢᠨ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢ᠌ᠯᠭ᠋ᠠᠬᠤ ᠪᠠ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷᠯᠡᠭᠦᠯᠬᠦ ᠵᠢ ᠵᠣᠭᠰᠤᠭ᠋ᠠᠬᠤ ᠳᠦᠷᠢᠮ》᠎ᠢ ᠬᠡᠷᠡᠭᠵᠢᠭᠦᠯᠦᠭᠰᠡᠨ ᠪᠠᠶ᠋ᠢᠳᠠᠯ᠎ᠢ ᠪᠠᠢ᠌ᠴᠠᠭ᠋ᠠᠭᠰᠠᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠪᠠᠢ᠌ᠩᠭᠤ ᠵᠢᠨ ᠳᠡᠳ᠋ ᠳᠠᠷᠤᠭ᠎ᠠ ᠯᠢᠦ ᠬᠣᠩ᠎ᠤᠨ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠡᠬᠢᠵᠢᠭᠦᠯᠬᠦ ᠵᠢ ᠠᠬᠢᠭᠤᠯᠬᠤ ᠳᠦᠷᠢᠮ》᠎ᠢ ᠬᠡᠷᠡᠭᠵᠢᠭᠦᠯᠦᠭᠰᠡᠨ ᠪᠠᠶ᠋ᠢᠳᠠᠯ᠎ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠤᠨ ᠳᠠᠷᠤᠭ᠎ᠠ ᠭᠥᠸᠧ ᠵᠠᠨ ᠵᠢᠶᠠᠩ᠎ᠤᠨ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠬᠤ ᠵᠢ ᠠᠬᠢᠭᠤᠯᠬᠤ ᠳᠦᠷᠢᠮ》᠎ᠢ ᠬᠡᠷᠡᠭᠵᠢᠭᠦᠯᠦᠭᠰᠡᠨ ᠪᠠᠶ᠋ᠢᠳᠠᠯ᠎ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠬᠤ᠌ ᠶᠢᠩ ᠹᠧᠩ᠎ᠤᠨ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠵᠢ ᠪᠦᠲᠦᠭᠡᠨ ᠪᠠᠢ᠌ᠭᠤᠯᠬᠤ ᠵᠢ ᠠᠬᠢᠭᠤᠯᠬᠤ ᠳᠦᠷᠢᠮ》᠎ᠢ ᠬᠡᠷᠡᠭᠵᠢᠭᠦᠯᠦᠭᠰᠡᠨ ᠪᠠᠶ᠋ᠢᠳᠠᠯ᠎ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠳᠠᠷᠤᠭ᠎ᠠ ᠮᠠ ᠪᠦᠦ ᠭᠥᠸᠧ ᠵᠢᠨ ᠬᠢᠭᠰᠡᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ ᠮᠥᠩᠭᠥᠨ ᠭᠦᠢ᠍ᠯᠭᠡᠭᠡᠨ᠎ᠤ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠠᠵᠢᠯ᠎ᠤᠨ ᠪᠠᠶ᠋ᠢᠳᠠᠯ᠎ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠵᠠᠩ ᠸᠸᠨ ᠲᠤᠤ ᠵᠢᠨ ᠬᠢᠭᠰᠡᠨ ᠰᠢᠨᠵᠢᠯᠡᠬᠦ ᠤᠬᠠᠭ᠋ᠠᠨ ᠮᠡᠷᠭᠡᠵᠢᠯ᠎ᠤᠨ 《ᠪᠦᠰᠡᠯᠡᠯᠲᠡ ᠵᠢ ᠰᠢᠪᠲᠤᠯᠬᠤ》 ᠢᠨᠵᠧᠨᠧᠷᠢᠩ᠎ᠢ ᠬᠡᠷᠡᠭᠵᠢᠭᠦᠯᠦᠭᠰᠡᠨ ᠪᠠᠶ᠋ᠢᠳᠠᠯ᠎ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠳᠠᠷᠤᠭ᠎ᠠ ᠱᠧᠩ ᠰᠢᠶᠣᠣ ᠶᠢᠦ ᠵᠢᠨ ᠬᠢᠭᠰᠡᠨ ᠤᠰᠤᠨ᠎ᠤ ᠡᠬᠢ ᠪᠠᠶᠠᠯᠢᠭ᠎ᠤᠨ ᠬᠤᠪᠢᠶᠠᠷᠢᠯᠠᠯᠲᠠ ᠪᠠ ᠬᠠᠮᠢᠶᠠᠷᠤᠯᠲᠠ ᠵᠢᠨ ᠪᠠᠶ᠋ᠢᠳᠠᠯ᠎ᠤᠨ ᠲᠤᠬᠠᠢ ᠮᠡᠳᠡᠭᠦᠯᠦᠯᠲᠡ ᠵᠢ ᠰᠣᠨᠣᠰᠪᠠ᠃
      ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠠᠷᠢᠨ ᠪᠢᠴᠢᠭ᠎ᠤᠨ ᠳᠠᠷᠤᠭ᠎ᠠ ᠵᠧᠩ ᠳ᠋ᠦᠩ ᠪᠥᠸᠧ ᠪᠣᠯᠣᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠲᠥᠯᠥᠭᠡᠯᠡᠭᠴᠢᠳ᠎ᠤᠨ ᠠᠵᠢᠯ᠎ᠤᠨ ᠵᠥᠪᠯᠡᠯ᠎ᠤᠨ ᠡᠷᠬᠢᠯᠡᠭᠴᠢ᠂ ᠲᠥᠯᠥᠭᠡᠯᠡᠭᠴᠢᠳ᠎ᠤᠨ ᠬᠢᠷᠢ ᠬᠡᠮ᠎ᠢ ᠬᠢᠨᠠᠨ ᠪᠠᠢ᠌ᠴᠠᠭ᠋ᠠᠬᠤ ᠵᠥᠪᠯᠡᠯ᠎ᠤᠨ ᠳᠡᠳ᠋ ᠡᠷᠬᠢᠯᠡᠭᠴᠢ ᠭᠡᠰᠢᠭᠦᠨ ᠭᠥᠸᠧ ᠰᠢᠨ᠎ᠤ ᠬᠢᠭᠰᠡᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ ᠲᠥᠯᠥᠭᠡᠯᠡᠭᠴᠢᠳ᠎ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ᠎ᠢ ᠰᠢᠢ᠍ᠳᠪᠦᠷᠢᠯᠡᠭᠰᠡᠨ ᠪᠠᠶ᠋ᠢᠳᠠᠯ᠎ᠤᠨ ᠲᠤᠬᠠᠢ ᠮᠡᠳᠡᠭᠦᠯᠦᠯᠲᠡ᠂ ᠣᠨᠴᠠ ᠵᠠᠷᠢᠮ ᠲᠥᠯᠥᠭᠡᠯᠡᠭᠴᠢ ᠵᠢᠨ ᠲᠥᠯᠥᠭᠡᠯᠡᠭᠴᠢ ᠵᠢᠨ ᠬᠢᠷᠢ ᠬᠡᠮ᠎ᠤᠨ ᠲᠤᠬᠠᠢ ᠮᠡᠳᠡᠭᠦᠯᠦᠯᠲᠡ ᠵᠢ ᠲᠤᠰ ᠲᠤᠰ ᠰᠣᠨᠣᠰᠴᠠᠢ᠃
      ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠡᠷᠬᠢᠯᠡᠭᠴᠢᠳ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ᠎ᠤᠨ ᠲᠤᠰᠢᠶᠠᠯ᠎ᠠᠴᠠ ᠪᠠᠭᠤᠯᠭ᠋ᠠᠬᠤ᠎ᠪᠠᠷ ᠳᠡᠪᠰᠢᠭᠦᠯᠦᠭᠰᠡᠨ ᠬᠥᠮᠥᠰ᠎ᠤᠨ ᠪᠠᠶ᠋ᠢᠳᠠᠯ᠎ᠤᠨ ᠲᠤᠬᠠᠢ ᠲᠣᠳᠣᠷᠬᠠᠢ᠌ᠯᠠᠯᠲᠠ ᠵᠢ ᠬᠢᠨᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 《ᠮᠠᠨᠵᠤᠤᠷ᠎ᠤᠨ ᠬᠢᠯᠢ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ᠎ᠤ ᠬᠠᠮᠢᠶᠠᠷᠤᠯᠲᠠ ᠵᠢᠨ ᠳᠦᠷᠢᠮ》᠎ᠢ ᠬᠦᠴᠦᠨ ᠦᠭᠡᠢ ᠪᠣᠯᠭ᠋ᠠᠬᠤ ᠎ᠪᠠᠷ ᠳᠡᠪᠰᠢᠭᠦᠯᠦᠭᠰᠡᠨ ᠲᠣᠳᠣᠷᠬᠠᠢ᠌ᠯᠠᠯᠲᠠ᠂ ᠬᠡᠰᠡᠭ ᠲᠣᠭᠣᠷᠢᠭ ᠪᠠᠢ᠌ᠭᠤᠯᠤᠭᠰᠠᠨ ᠬᠣᠲᠠ ᠵᠢᠨ ᠮᠡᠳᠡᠭᠦᠯᠦᠨ ᠵᠥᠪᠰᠢᠶᠡᠷᠡᠭᠦᠯᠦᠭᠰᠡᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 2023 ᠣᠨ᠎ᠤ ᠪᠥᠬᠥ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠠᠵᠤ ᠠᠬᠤᠢ᠌ᠯᠠᠯ᠎ᠤᠨ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠪᠠᠶ᠋ᠢᠳᠠᠯ᠎ᠤᠨ ᠲᠤᠬᠠᠢ ᠮᠡᠳᠡᠭᠦᠯᠦᠯᠲᠡ᠂ 2023 ᠣᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠪᠠᠶ᠋ᠢᠳᠠᠯ᠎ᠤᠨ ᠲᠤᠬᠠᠢ ᠶᠡᠷᠦᠩᠬᠡᠢ᠌ᠯᠡᠭᠰᠡᠨ ᠮᠡᠳᠡᠭᠦᠯᠦᠯᠲᠡ᠂ 2024 ᠣᠨ᠎ᠤ ᠡᠨᠧᠷᠭᠢ ᠠᠷᠪᠢᠯᠠᠬᠤ ᠠᠵᠢᠯ᠎ᠤᠨ ᠪᠠᠶ᠋ᠢᠳᠠᠯ᠎ᠤᠨ ᠲᠤᠬᠠᠢ ᠮᠡᠳᠡᠭᠦᠯᠦᠯᠲᠡ᠂ 2024 ᠣᠨ᠎ᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠬᠣᠶᠠᠳᠤᠭ᠋ᠠᠷ ᠤᠳᠠᠭ᠋ᠠᠨ᠎ᠤ ᠲᠥᠰᠥᠪ᠎ᠤᠨ ᠲᠣᠬᠢᠷᠠᠭᠤᠯᠤᠯᠲᠠ ᠵᠢᠨ ᠲᠥᠰᠥᠯ᠎ᠤᠨ ᠬᠣᠯᠪᠣᠭᠳᠠᠯ ᠪᠦᠬᠦᠢ ᠪᠠᠶ᠋ᠢᠳᠠᠯ᠎ᠤᠨ ᠲᠤᠬᠠᠢ ᠮᠡᠳᠡᠭᠦᠯᠦᠯᠲᠡ ᠵᠢ ᠬᠢᠨᠠᠨ ᠵᠥᠪᠯᠡᠪᠡ᠃
      ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠡᠯ᠎ᠡ ᠲᠤᠰᠬᠠᠢ ᠵᠥᠪᠯᠡᠯ᠎ᠤᠨ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠂ ᠬᠡᠰᠡᠭ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠵᠢᠯ᠎ᠤᠨ ᠪᠠᠢ᠌ᠭᠤᠯᠤᠮᠵᠢ ᠪᠠ ᠠᠶ᠋ᠢᠮᠠᠭ᠎ᠤᠨ ᠠᠵᠢᠯᠯᠠᠬᠤ ᠬᠣᠷᠢᠶ᠎ᠠ ᠵᠢᠨ ᠬᠠᠷᠢᠭᠤᠴᠠᠯᠭ᠋ᠠᠲᠠᠨ᠂ ᠡᠯ᠎ᠡ ᠲᠣᠭᠣᠷᠢᠭ ᠪᠠᠢ᠌ᠭᠤᠯᠤᠭᠰᠠᠨ ᠬᠣᠲᠠ᠂ ᠮᠠᠨᠵᠤᠤᠷ ᠬᠣᠲᠠ᠂ ᠡᠷᠢᠶᠡᠨ ᠬᠣᠲᠠ᠂ ᠥᠪᠡᠷᠲᠡᠭᠡᠨ ᠵᠠᠰᠠᠬᠤ ᠬᠣᠰᠢᠭᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠬᠠᠷᠢᠭᠤᠴᠠᠯᠭ᠋ᠠᠲᠠᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠰᠤᠯᠠ ᠣᠷᠣᠯᠴᠠᠪᠠ᠃

 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠰᠢ ᠵᠢᠨ ᠫᠢᠩ᠄ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠵᠢ ᠭᠦᠨᠵᠡᠭᠡᠢ ᠠᠬᠢᠭᠤᠯᠬᠤ ᠬᠡᠷᠡᠭᠲᠡᠶ
 
             蒙ICP备05000248号