ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ  -   ᠪᠠᠢ᠌ᠷᠢᠯᠠᠭᠤᠯᠤᠨ ᠲᠤᠭᠤᠰᠢᠯᠠᠭᠤᠯᠬᠤ
ᠰᠢ ᠵᠢᠨ ᠫᠢᠩ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠮᠤ ᠪᠤᠳᠠᠭ᠎ᠠ ᠵᠢᠴᠢ ᠲᠠᠷᠢᠶᠠᠯᠠᠩ᠎ᠤᠨ ᠵᠣᠬᠢᠶᠠᠨ ᠪᠠᠢᠭᠤᠯᠤᠯᠲᠠ ᠪᠠᠢᠭᠤᠯᠤᠭᠳᠠᠭᠰᠠᠨ 80 ᠵᠢᠯ᠎ᠦᠨ ᠣᠢ᠎ᠳᠤ ᠪᠠᠶᠠᠷ᠎ᠤᠨ ᠵᠠᠬᠢᠳᠠᠯ ᠢᠯᠡᠭᠡᠪᠡ
ᠨᠡᠶ᠋ᠢᠲᠡᠯᠡᠭᠰᠡᠨ ᠴᠠᠭ᠄ 2025-10-17

10 ᠰᠠᠷ᠎ᠠ᠎ᠶᠢᠨ 16 ᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠮᠤ ᠪᠤᠳᠠᠭ᠎ᠠ ᠵᠢᠴᠢ ᠲᠠᠷᠢᠶᠠᠯᠠᠩ᠎ᠤᠨ ᠵᠣᠬᠢᠶᠠᠨ ᠪᠠᠢᠭᠤᠯᠤᠯᠲᠠ ᠪᠠᠢᠭᠤᠯᠤᠭᠳᠠᠭᠰᠠᠨ 80 ᠵᠢᠯ᠎ᠦᠨ ᠣᠢ᠎ᠳᠤ ᠪᠠᠶᠠᠷ᠎ᠤᠨ ᠵᠠᠬᠢᠳᠠᠯ ᠢᠯᠡᠭᠡᠪᠡ᠃

ᠰᠢ ᠵᠢᠨ ᠫᠢᠩ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠮᠤ ᠪᠤᠳᠠᠭ᠎ᠠ ᠵᠢᠴᠢ ᠲᠠᠷᠢᠶᠠᠯᠠᠩ᠎ᠤᠨ ᠵᠣᠬᠢᠶᠠᠨ ᠪᠠᠢᠭᠤᠯᠤᠯᠲᠠ ᠳᠡᠯᠡᠬᠡᠢ᠎ᠶᠢᠨ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ᠂ ᠬᠥᠳᠡᠭᠡ ᠲᠣᠰᠬᠤᠨ᠎ᠤ ᠬᠥᠭᠵᠢᠯᠲᠡ ᠪᠣᠯᠣᠨ ᠠᠮᠤ ᠪᠤᠳᠠᠭᠠᠨ᠎ᠤ ᠰᠢᠰᠲ᠋ᠧᠮ᠎ᠦᠨ ᠬᠡᠯᠪᠡᠷᠢ᠎ᠶᠢ ᠬᠤᠪᠢᠷᠠᠭᠤᠯᠬᠤ᠎ᠶᠢ ᠠᠬᠢᠭᠤᠯᠬᠤ᠂ ᠡᠯ᠎ᠡ ᠤᠯᠤᠰ᠎ᠤᠨ ᠠᠷᠠᠳ ᠲᠦᠮᠡᠨ᠎ᠦ ᠠᠮᠢᠳᠤᠷᠠᠯ᠎ᠤᠨ ᠲᠦᠪᠰᠢᠨ᠎ᠢ ᠳᠡᠭᠡᠭᠰᠢᠯᠡᠭᠦᠯᠬᠦ᠎ᠳᠦ ᠴᠢᠬᠤᠯᠠ ᠦᠢᠯᠡᠳᠦᠯ ᠦᠵᠡᠭᠦᠯᠪᠡ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠠᠮᠤ ᠪᠤᠳᠠᠭᠠᠨ᠎ᠤ ᠠᠮᠤᠷ ᠲᠦᠪᠰᠢᠨ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠥᠪᠡᠷ᠎ᠦᠨ ᠪᠡᠶ᠎ᠡ᠎ᠳᠡᠭᠡᠨ ᠲᠦᠰᠢᠭᠯᠡᠬᠦ᠎ᠶᠢ ᠪᠠᠷᠢᠮᠲᠠᠯᠠᠨ 14 ᠳ᠋ᠦᠩᠰᠢᠭᠤᠷ ᠭᠠᠷᠤᠢ ᠬᠥᠮᠥᠨ ᠠᠮᠠ᠎ᠶᠢᠨ ᠬᠣᠭᠣᠯᠠ ᠬᠦᠨᠡᠰᠦᠨ᠎ᠦ ᠠᠰᠠᠭᠤᠳᠠᠯ᠎ᠢ ᠰᠠᠢᠲᠤᠷ ᠰᠢᠢᠳᠪᠦᠷᠢᠯᠡᠭᠰᠡᠨ ᠪᠥᠭᠡᠳ ᠬᠡᠷᠡᠭᠴᠡᠭᠡ ᠲᠡᠢ ᠤᠯᠤᠰ᠎ᠲᠤ ᠴᠢᠳᠠᠯ᠎ᠤᠨ ᠬᠢᠷᠢ᠎ᠪᠡᠷ᠎ᠢᠶᠡᠨ ᠬᠠᠪᠰᠤᠷᠤᠯᠭ᠎ᠠ ᠦᠵᠡᠭᠦᠯᠵᠦ᠂ ᠳᠡᠯᠡᠬᠡᠢ᠎ᠶᠢᠨ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠳᠤᠮᠳᠠᠳᠤ ᠤᠯᠤᠰ᠎ᠤᠨ ᠬᠦᠴᠦᠨ ᠴᠢᠳᠠᠯ᠎ᠢᠶᠠᠨ ᠡᠷᠭᠦᠪᠡ᠃ ᠳᠤᠮᠳᠠᠳᠤ ᠤᠯᠤᠰ ᠥᠩᠭᠡᠷᠡᠭᠰᠡᠨ ᠲᠡᠢ᠎ᠪᠡᠨ ᠠᠳᠠᠯᠢ᠎ᠪᠠᠷ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠮᠤ ᠪᠤᠳᠠᠭ᠎ᠠ ᠵᠢᠴᠢ ᠲᠠᠷᠢᠶᠠᠯᠠᠩ᠎ᠤᠨ ᠵᠣᠬᠢᠶᠠᠨ ᠪᠠᠢᠭᠤᠯᠤᠯᠲᠠ᠎ᠶᠢᠨ ᠣᠯᠠᠨ ᠤᠯᠤᠰ᠎ᠤᠨ ᠠᠮᠤ ᠪᠤᠳᠠᠭ᠎ᠠ ᠲᠠᠷᠢᠶᠠᠯᠠᠩ᠎ᠤᠨ ᠬᠦᠷᠢᠶᠡᠨ᠎ᠳᠦ ᠴᠢᠬᠤᠯᠠ ᠦᠢᠯᠡᠳᠦᠯ ᠦᠵᠡᠭᠦᠯᠬᠦ᠎ᠶᠢ ᠳᠡᠮᠵᠢᠵᠦ᠂ ᠳᠤᠷᠠᠲᠠᠶ᠎ᠠ ᠳᠡᠯᠡᠬᠡᠢ ᠨᠡᠢᠭᠡᠮ ᠲᠡᠢ ᠭᠠᠷ ᠬᠣᠯᠪᠣᠯᠴᠠᠨ ᠪᠥᠬᠥ ᠪᠥᠮᠪᠥᠷᠴᠡᠭ᠎ᠦᠨ ᠬᠥᠭᠵᠢᠯᠲᠡ᠎ᠶᠢᠨ ᠰᠠᠨᠠᠭᠠᠴᠢᠯᠠᠭ᠎ᠠ᠎ᠶᠢ ᠨᠠᠢᠳᠠᠪᠤᠷᠢᠵᠢᠭᠤᠯᠵᠤ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ 2030 ᠣᠨ᠎ᠤ ᠦᠷᠭᠦᠯᠵᠢᠯᠡᠬᠦ ᠬᠥᠭᠵᠢᠯᠲᠡ᠎ᠶᠢᠨ ᠵᠥᠪᠯᠡᠬᠦ ᠵᠦᠢᠯ᠎ᠢ ᠠᠬᠢᠭᠤᠯᠵᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠵᠤ᠂ ᠡᠯ᠎ᠡ ᠤᠯᠤᠰ᠎ᠤᠨ ᠠᠷᠠᠳ ᠲᠦᠮᠡᠨ᠎ᠦ ᠠᠵᠠ ᠵᠢᠷᠭᠠᠯ᠎ᠢ ᠨᠡᠮᠡᠭᠳᠡᠭᠦᠯᠬᠦ᠎ᠳᠦ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃

ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠮᠤ ᠪᠤᠳᠠᠭ᠎ᠠ ᠵᠢᠴᠢ ᠲᠠᠷᠢᠶᠠᠯᠠᠩ᠎ᠤᠨ ᠵᠣᠬᠢᠶᠠᠨ ᠪᠠᠢᠭᠤᠯᠤᠯᠲᠠ 1945 ᠣᠨ᠎ᠤ 10 ᠰᠠᠷ᠎ᠠ᠎ᠶᠢᠨ 16 ᠎ᠤ ᠡᠳᠦᠷ ᠪᠠᠢᠭᠤᠯᠤᠭᠳᠠᠵᠠᠢ᠂ ᠳᠤᠮᠳᠠᠳᠤ ᠤᠯᠤᠰ ᠪᠣᠯ ᠲᠣᠰ ᠵᠣᠬᠢᠶᠠᠨ ᠪᠠᠢᠭᠤᠯᠤᠯᠲᠠ᠎ᠶᠢ ᠡᠭᠦᠰᠬᠡᠨ ᠪᠠᠢᠭᠤᠯᠤᠭᠰᠠᠨ ᠪᠦᠷᠢᠯᠳᠦᠬᠦᠨ ᠤᠯᠤᠰ ᠪᠣᠯᠣᠨ᠎ᠠ᠃

ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 10 ᠰᠠᠷ᠎ᠠ᠎ᠶᠢᠨ 16 ᠎ᠤ ᠴᠠᠬᠢᠯᠭᠠᠨ ᠮᠡᠳᠡᠭᠡ

ᠢᠷᠡᠯᠲᠡ᠄    
          
ᠬᠠᠮᠢᠶ᠎ᠡ ᠪᠦᠬᠦᠢ ᠰᠣᠨᠢᠨ
 
             蒙ICP备05000248号