ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 10 ᠰᠠᠷ᠎ᠠ᠎ᠶ᠋ᠢᠨ 14 ᠤ ᠴᠠᠬᠢᠯᠭᠠᠨ ᠮᠡᠳᠡᠭᠡ (ᠰᠤᠷᠪᠤᠯᠵᠢᠯᠠᠭ᠍ᠴᠢ ᠼᠤᠤ ᠵᠢᠶᠠ ᠶᠤᠸᠠᠢ ᠮᠠ ᠵᠦᠸᠸ ᠶᠠᠨ) 10 ᠰᠠᠷ᠎ᠠ᠎ᠶ᠋ᠢᠨ 14 ᠤ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠡᠯᠡᠬᠡᠢ᠎ᠶᠢᠨ ᠡᠮᠡᠭ᠌ᠲᠡᠢᠴᠦᠳ᠎ᠦᠨ ᠲᠦᠷᠦᠭᠦᠴᠦᠳ᠎ᠦᠨ ᠬᠤᠷᠠᠯ᠎ᠳᠤ ᠣᠷᠣᠯᠴᠠᠬᠤ᠎ᠪᠠᠷ ᠳᠤᠮᠳᠠᠳᠤ ᠤᠯᠤᠰ᠎ᠲᠦ ᠢᠷᠡᠭ᠌ᠰᠡᠨ ᠭᠠᠨᠠ᠎ᠶᠢᠨ ᠶᠡᠷᠦᠩᠬᠡᠢᠯᠡᠭ᠌ᠴᠢ ᠮᠠᠬᠠᠮᠠ ᠲᠠᠢ ᠠᠭᠤᠯᠵᠠᠪᠠ᠃
ᠰᠢ ᠵᠢᠨ ᠫᠢᠩ᠂ ᠡᠨᠡ ᠵᠢᠯ ᠪᠣᠯ ᠳᠤᠮᠳᠠᠳᠤ ᠤᠯᠤᠰ ᠪᠣᠯᠤᠨ ᠭᠠᠨᠠ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 65 ᠵᠢᠯ᠎ᠦᠨ ᠤᠢ ᠪᠣᠯᠤᠨ᠎ᠠ᠃ ᠳᠤᠮᠳᠠᠳᠤ ᠭᠠᠨᠠ᠎ᠶ᠋ᠢᠨ ᠨᠥᠬᠥᠷᠯᠡᠯ᠎ᠢ ᠬᠣᠶᠠᠷ ᠤᠯᠤᠰ᠎ᠤᠨ ᠠᠬᠠᠮᠠᠳ ᠨᠢᠭᠡ ᠦᠶ᠎ᠡ᠎ᠶ᠋ᠢᠨ ᠤᠳᠤᠷᠢᠳᠭᠤ ᠬᠥᠮᠦᠰ ᠪᠡᠶ᠎ᠡ᠎ᠪᠡᠷ᠎ᠢᠶᠡᠨ ᠴᠣᠭ᠍ᠴᠠᠯᠠᠨ ᠪᠠᠢᠭᠤᠯᠵᠤ᠂ ᠶᠠᠪᠤᠬᠤ ᠲᠤᠳᠤᠮ ᠪᠡᠬᠢᠵᠢᠪᠡ᠃ ᠳᠤᠮᠳᠠᠳᠤ ᠤᠯᠤᠰ ᠭᠠᠨᠠ᠎ᠶᠢᠨ ᠬᠢᠨ᠎ᠦ ᠲᠤᠰ ᠤᠯᠤᠰ᠎ᠤᠨ᠎ᠢᠶᠠᠨ ᠪᠠᠢᠳᠠᠯ᠎ᠳᠤ ᠨᠡᠢᠴᠡᠭ᠌ᠰᠡᠨ ᠣᠳᠣᠬᠢᠴᠢᠯᠠᠯᠲᠠ᠎ᠶ᠋ᠢᠨ ᠵᠠᠮ᠎ᠢᠶᠠᠷ ᠵᠠᠮᠨᠠᠬᠤ᠎ᠶ᠋ᠢ ᠡᠷᠡᠰ ᠲᠡᠮᠵᠢᠵᠥ᠍᠂ ᠳᠤᠷᠠᠲᠠᠶ᠎ᠠ ᠭᠠᠨᠠ ᠵᠢᠨ ᠬᠢᠨ᠎ᠲᠡᠶ ᠬᠠᠮᠲᠤ᠎ᠪᠠᠷ ᠡᠯ᠎ᠡ ᠬᠦᠷᠢᠶᠡᠨ᠎ᠦ ᠬᠠᠮᠲᠤᠷᠠᠯᠴᠠᠭᠠᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠲᠡᠰ ᠳᠡᠪᠱᠢᠭᠦᠯᠬᠦ᠌᠎ᠶ᠋ᠢ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠦᠷᠭᠦᠯᠵᠢᠳᠡ᠎ᠶᠢᠨ ᠳᠤᠮᠳᠠᠳᠤ ᠠᠹᠷᠢᠺᠠ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠬᠠᠮᠲᠤ᠎ᠪᠠᠷ ᠪᠠᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ᠍ ᠵᠢᠭᠠᠵᠤ ᠭᠠᠷᠭᠠᠪᠠ᠃
ᠰᠢ ᠵᠢᠨ ᠫᠢᠩ᠂ ᠳᠤᠮᠳᠠᠳᠤ ᠤᠯᠤᠰ ᠢᠮᠠᠭ᠍ᠲᠠ ᠦᠨᠡᠨ ᠪᠣᠳᠠᠲᠠᠢ ᠳᠣᠲᠣᠨᠣ ᠦᠨᠡᠨᠴᠢ ᠣᠢᠯᠠᠭᠠᠭ᠍ᠳᠠᠬᠤᠨ ᠪᠣᠯᠤᠨ ᠵᠥᠪ ᠠᠱᠢᠭ ᠵᠢᠷᠤᠮ᠎ᠤᠨ ᠦᠵᠡᠯᠲᠡ᠎ᠶ᠋ᠢ ᠪᠠᠷᠢᠮᠲᠠᠯᠠᠨ ᠠᠹᠷᠢᠺᠠ ᠲᠢᠪ ᠯᠦ᠍ᠭᠡ ᠬᠠᠮᠲᠤᠷᠠᠯᠴᠠᠭ᠎ᠠ ᠥᠷᠨᠢᠭᠦᠯᠵᠦ᠍᠂ ᠳᠤᠷᠠᠲᠠᠶ᠎ᠠ ᠭᠠᠨᠠ ᠯᠤᠭ᠎ᠠ ᠤᠯᠤᠰ ᠲᠦᠷᠦ᠍᠎ᠶ᠋ᠢᠨ ᠢᠲᠡᠭᠡᠯᠴᠡᠭᠡ᠎ᠪᠡᠨ ᠨᠡᠮᠡᠭ᠌ᠳᠡᠭᠦᠯᠵᠦ᠍᠂ ᠬᠣᠶᠠᠷ ᠲᠠᠯ᠎ᠠ᠎ᠶ᠋ᠢᠨ ᠭᠣᠣᠯᠯᠠᠭ᠍ᠴᠢ ᠠᠱᠢᠭ ᠲᠤᠰᠠ ᠪᠣᠯᠤᠨ ᠠᠩᠬᠠᠷᠴᠤ᠌ ᠪᠠᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠬᠠᠷᠢᠯᠴᠠᠨ ᠲᠡᠮᠵᠢᠨ᠎ᠠ᠃ ᠬᠣᠶᠠᠷ ᠲᠠᠯ᠎ᠠ᠎ᠪᠠᠷ᠎ᠢᠶᠠᠨ ᠳᠤᠮᠳᠠᠳᠤ ᠠᠹᠷᠢᠺᠠ᠎ᠶ᠋ᠢᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ᠎ᠤᠨ ᠪᠡᠭᠡᠵᠢᠩ᠎ᠤᠨ ᠲᠦᠷᠦᠭᠦᠴᠦᠳ᠎ᠦᠨ ᠬᠤᠷᠠᠯ᠎ᠤᠨ ᠦᠷ᠎ᠡ ᠪᠦᠲᠦᠭᠡᠯ᠎ᠢ ᠬᠠᠮᠲᠤ᠎ᠪᠠᠷ ᠨᠠᠢᠳᠠᠪᠤᠷᠢᠵᠢᠭᠤᠯᠵᠤ᠂ ᠤᠯᠠᠨ ᠡᠱᠢᠵᠢᠭ᠌ᠰᠡᠨ ᠬᠠᠮᠲᠤᠷᠠᠯᠴᠠᠭᠠᠨ᠎ᠤ ᠵᠠᠭ᠍ᠪᠤᠷ᠎ᠢ ᠰᠦᠪᠡᠭ᠌ᠴᠢᠯᠡᠶᠡ; ᠠᠭᠤᠷᠬᠠᠶ᠎ᠶ᠋ᠢᠨ ᠦᠶ᠋ᠯᠡᠰ᠂ ᠡᠨᠧᠷᠭᠢ᠂ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠂ ᠲᠠᠷᠢᠶᠠᠯᠠᠩ ᠵᠢᠭᠠᠰᠤᠨ ᠠᠵᠤ ᠠᠬᠤᠶ ᠵᠡᠷᠭᠡ ᠬᠦᠷᠢᠶᠡᠨ᠎ᠦ ᠬᠠᠮᠲᠤᠷᠠᠯᠴᠠᠭ᠎ᠠ᠎ᠶ᠋ᠢ ᠥᠷᠭᠡᠳᠭᠡᠵᠦ᠍᠂ ᠭᠠᠨᠠ᠎ᠶᠢᠨ ᠬᠢᠨ᠎ᠤ ᠡᠬᠢ ᠪᠠᠶᠠᠯᠢᠭ᠎ᠤᠨ ᠳᠠᠪᠠᠭᠤᠯᠢᠭ᠎ᠢᠶᠡᠨ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ ᠪᠣᠯᠭᠠᠨ ᠤᠨᠳᠤᠤᠰᠢᠭᠤᠯᠬᠤ᠎ᠳᠦ ᠬᠠᠮᠵᠢᠵᠤ᠂ ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠬᠦ᠌ ᠪᠠ ᠣᠷᠴᠢᠨ ᠲᠣᠭᠣᠷᠢᠨ᠎ᠢ ᠬᠠᠮᠠᠭᠠᠯᠠᠬᠤ ᠪᠦᠲᠦᠮᠵᠢᠲᠡᠶ ᠬᠠᠮᠵᠢᠯᠴᠠᠭ᠎ᠠ᠎ᠶᠢ ᠪᠡᠶᠡᠯᠡᠭᠦᠯᠵᠦ᠍᠂ ᠬᠣᠶᠠᠷ ᠤᠯᠤᠰ᠎ᠤᠨ ᠬᠠᠮᠲᠤᠷᠠᠯᠴᠠᠭᠠᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠶ᠎ᠠ; ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠬᠠᠮᠲᠤ᠎ᠪᠠᠷ ᠦᠢᠯᠡᠳᠦᠯᠭᠡᠵᠢᠭᠦᠯᠵᠦ᠍᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠬᠤ᠎ᠶ᠋ᠢ ᠠᠬᠢᠭᠤᠯᠤᠶ᠎ᠠ᠃ ᠬᠣᠶᠠᠷ ᠲᠠᠯ᠎ᠠ᠎ᠪᠠᠷ᠎ᠢᠶᠠᠨ ᠬᠠᠮᠲᠤ᠎ᠪᠠᠷ ᠬᠥᠭ᠌ᠵᠢᠬᠦ᠌ ᠠᠵᠤ ᠠᠬᠤᠢ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠬᠡᠯᠡᠯᠴᠡᠭᠡᠷ᠎ᠦᠨ ᠠᠩᠬᠠᠨ᠎ᠤ ᠬᠤᠭᠤᠴᠠᠭᠠᠨ᠎ᠤ ᠲᠤᠬᠠᠢ ᠵᠠᠷᠴᠢᠮ᠎ᠤᠨ ᠬᠠᠮᠲᠤ᠎ᠶ᠋ᠢᠨ ᠲᠠᠨᠢᠯᠲᠠ ᠲᠠᠢ ᠪᠤᠯᠵᠤ᠂ ᠭᠠᠨᠠ᠎ᠶ᠋ᠢᠨ ᠬᠢᠨ᠎ᠤ ᠳᠤᠮᠳᠠᠳᠤ ᠤᠯᠤᠰ᠎ᠤᠨ ᠠᠹᠷᠢᠺᠠ ᠲᠢᠪ ᠳᠡᠬᠢ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ ᠤᠯᠤᠰ᠎ᠤᠳ᠎ᠤᠨ 100% ᠵᠢᠨ ᠭᠠᠢᠯᠢ᠎ᠶᠢᠨ ᠵᠦᠢᠯ᠎ᠦᠨ ᠦᠢᠯᠡᠳᠬᠦᠨ᠎ᠡᠴᠡ ᠪᠣᠭᠣᠮᠲᠠ᠎ᠶ᠋ᠢᠨ ᠭᠠᠢᠯᠢ ᠬᠤᠷᠢᠶᠠᠬᠤ ᠦᠭᠡᠢ ᠠᠷᠭ᠎ᠠ ᠬᠡᠮᠵᠢᠶ᠎ᠡ᠎ᠡᠴᠡ ᠠᠱᠢᠭ ᠬᠦᠷᠳᠡᠬᠦ᠌᠎ᠶ᠋ᠢ ᠬᠦᠰᠡᠵᠦ᠍ ᠪᠠᠢᠨ᠎ᠠ ᠭᠡᠵᠦ ᠴᠢᠬᠤᠯᠠᠴᠢᠯᠠᠪᠠ᠃
ᠮᠠᠬᠠᠮᠠ᠂ ᠳᠤᠮᠳᠠᠳᠤ ᠤᠯᠤᠰ᠎ᠤᠨ ᠳᠡᠯᠡᠬᠡᠢ᠎ᠶᠢᠨ ᠡᠮᠡᠭ᠌ᠲᠡᠢᠴᠦᠳ᠎ᠦᠨ ᠲᠦᠷᠦᠭᠦᠴᠦᠳ᠎ᠦᠨ ᠬᠤᠷᠠᠯ᠎ᠢ ᠠᠮᠵᠢᠯᠲᠠ ᠲᠠᠢ ᠡᠷᠬᠢᠯᠡᠭ᠌ᠰᠡᠨ᠎ᠳᠦ ᠬᠠᠯᠠᠭᠤᠨ ᠪᠠᠶᠠᠷ ᠬᠦᠷᠭᠡᠵᠦ᠍᠂ ᠡᠨᠡ ᠤᠳᠠᠭ᠎ᠠ᠎ᠶ᠋ᠢᠨ ᠲᠦᠷᠦᠭᠦᠴᠦᠳ᠎ᠦᠨ ᠬᠤᠷᠠᠯ ᠴᠢᠬᠤᠯᠠ ᠶᠡᠬᠡ ᠠᠴᠢ ᠬᠣᠯᠪᠣᠭ᠍ᠳᠠᠯ ᠲᠠᠢ ᠪᠠᠢᠵᠤ᠂ ᠳᠡᠯᠡᠬᠡᠢ᠎ᠶ᠋ᠢᠨ ᠡᠮᠡᠭ᠌ᠲᠡᠢᠴᠦᠳ᠎ᠦᠨ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠳᠤᠮᠳᠠᠳᠤ ᠤᠯᠤᠰ᠎ᠤᠨ ᠤᠳᠤᠷᠢᠳᠭᠤ ᠬᠦᠴᠦᠨ᠎ᠢ ᠢᠯᠡᠷᠡᠭᠦᠯᠪᠡ ᠭᠡᠵᠦ᠍ ᠦᠵᠡᠪᠡ᠃ ᠲᠡᠷᠡ᠂ ᠭᠠᠨᠠ ᠪᠣᠯᠤᠨ ᠳᠤᠮᠳᠠᠳᠤ ᠤᠯᠤᠰ᠎ᠤᠨ ᠨᠥᠬᠥᠷᠰᠡᠭ ᠬᠠᠷᠢᠯᠴᠠᠭ᠎ᠠ ᠥᠨᠢ ᠤᠳᠠᠭᠠᠨ ᠲᠡᠦᠬᠡ᠎ᠲᠡᠶ ᠶᠤᠮ᠂ ᠳᠤᠮᠳᠠᠳᠤ ᠤᠯᠤᠰ᠎ᠤᠨ᠎ᠬᠢᠨ ᠳᠤᠮᠳᠠᠳᠤ ᠠᠹᠷᠢᠺᠠ᠎ᠶ᠋ᠢᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ ᠪᠣᠯᠤᠨ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠳᠦᠭᠡᠨ ᠪᠠᠢᠭᠤᠯᠬᠤ ᠪᠣᠷᠣ ᠲᠥᠯᠥᠪ᠎ᠦᠨ ᠳᠣᠣᠷᠠᠬᠢ ᠬᠠᠮᠲᠤᠷᠠᠯᠴᠠᠭ᠎ᠠ᠎ᠪᠠᠷ ᠳᠠᠮᠵᠢᠨ ᠭᠠᠨᠠ᠎ᠳᠤ ᠬᠦᠴᠦᠲᠡᠢ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭ᠌ᠰᠡᠨ᠎ᠳᠦ ᠲᠠᠯᠠᠷᠬᠠᠵᠤ ᠪᠠᠢᠨ᠎ᠠ᠃ ᠭᠠᠨᠠ᠎ᠶ᠋ᠢᠨ ᠬᠢᠨ ᠨᠢᠭᠡ ᠳᠤᠮᠳᠠᠳᠤ ᠤᠯᠤᠰ ᠪᠠᠢᠬᠤ ᠲᠦᠷᠦ᠍᠎ᠶ᠋ᠢᠨ ᠪᠤᠳᠤᠯᠭ᠎ᠠ᠎ᠶ᠋ᠢ ᠡᠷᠡᠰ ᠬᠡᠷᠡᠭ᠌ᠵᠢᠭᠦᠯᠵᠦ᠍᠂ ᠳᠤᠮᠳᠠᠳᠤ ᠤᠯᠤᠰ ᠯᠤᠭ᠎ᠠ᠎ᠶ᠋ᠢᠨ ᠬᠠᠷᠢᠯᠴᠠᠭ᠎ᠠ᠎ᠪᠠᠨ ᠭᠦᠨᠵᠡᠭᠡᠢᠷᠡᠭᠦᠯᠬᠦ᠌᠎ᠪᠡᠷ ᠴᠢᠷᠮᠠᠢᠵᠤ᠂ ᠳᠤᠮᠳᠠᠳᠤ ᠤᠯᠤᠰ ᠯᠤᠭ᠎ᠠ ᠠᠷᠠᠯᠵᠢᠶ᠎ᠠ᠂ ᠲᠣᠭᠠᠴᠢᠯᠠᠭ᠍ᠰᠠᠨ ᠠᠵᠤ ᠠᠬᠤᠢ᠂ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠂ ᠡᠨᠧᠷᠭᠢ᠂ ᠠᠭᠤᠷᠬᠠᠢ᠎ᠶ᠋ᠢᠨ ᠭᠠᠷᠤᠯᠲᠠ᠂ ᠰᠣᠶᠣᠯ ᠢᠷᠭᠡᠨᠱᠢᠯ᠎ᠦᠨ ᠰᠣᠯᠢᠯᠴᠠᠭ᠎ᠠ ᠵᠡᠷᠭᠡ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠬᠣᠶᠠᠷ ᠤᠯᠤᠰ᠎ᠤᠨ ᠬᠠᠷᠢᠯᠴᠠᠭ᠎ᠠ᠎ᠶ᠋ᠢᠨ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠬᠤ᠎ᠶ᠋ᠢ ᠬᠦᠰᠡᠵᠦ᠍ ᠪᠠᠢᠨ᠎ᠠ᠃ ᠭᠠᠨᠠ᠎ᠶ᠋ᠢᠨ ᠬᠢᠨ ᠤᠯᠠᠨ ᠲᠠᠯᠠᠲᠤ ᠦᠵᠡᠯ᠎ᠢ ᠡᠷᠡᠰ ᠳᠡᠮᠵᠢᠵᠦ᠍᠂ ᠳᠤᠷᠠᠲᠠᠶ᠎ᠠ ᠳᠤᠮᠳᠠᠳᠤ ᠤᠯᠤᠰ ᠵᠡᠷᠭᠡ ᠣᠢᠯᠠᠭᠠᠭ᠍ᠳᠠᠬᠤᠨ ᠣᠢᠷᠠᠯᠴᠠᠭ᠎ᠠ ᠤᠯᠤᠰ᠎ᠤᠳ ᠲᠠᠶ ᠪᠦᠯᠬᠦᠮᠳᠡᠯ᠎ᠢᠶᠡᠨ ᠴᠢᠩᠭᠠᠳᠭᠠᠵᠤ᠂ ᠤᠯᠠᠨ ᠲᠠᠯ᠎ᠠ᠎ᠶ᠋ᠢᠨ ᠵᠣᠬᠢᠴᠠᠭᠤᠯᠭ᠎ᠠ᠎ᠪᠠᠨ ᠨᠢᠭ᠍ᠲᠠᠷᠠᠭᠤᠯᠵᠤ᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠦᠢᠯᠡᠳᠦᠯᠭᠡᠵᠢᠭᠦᠯᠵᠦ᠍᠂ ᠳᠡᠯᠡᠬᠡᠢ᠎ᠶ᠋ᠢᠨ ᠲᠥᠪ ᠭᠣᠣᠯᠴᠢ ᠱᠢᠳᠤᠷᠭᠤ ᠶᠣᠰᠣ᠎ᠶ᠋ᠢ ᠬᠠᠮᠠᠭᠠᠯᠠᠨ᠎ᠠ ᠭᠡᠵᠦ ᠢᠯᠡᠳᠬᠡᠪᠡ᠃
ᠸᠠᠩ ᠢ ᠠᠭᠤᠯᠵᠠᠯᠲᠠ᠎ᠳᠤ ᠣᠷᠣᠯᠴᠠᠵᠠᠢ᠃
ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 10 ᠰᠠᠷ᠎ᠠ᠎ᠶ᠋ᠢᠨ 14 ᠤ ᠴᠠᠬᠢᠯᠭᠠᠨ ᠮᠡᠳᠡᠭᠡ (ᠰᠤᠷᠪᠤᠯᠵᠢᠯᠠᠭ᠍ᠴᠢ ᠶᠠᠩ ᠢ ᠵᠢᠶᠦ᠋ᠨ ᠼᠤᠤ ᠵᠢᠶᠠ ᠶᠤᠸᠠᠢ) 10 ᠰᠠᠷ᠎ᠠ᠎ᠶ᠋ᠢᠨ 14᠎ᠤ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠡᠯᠡᠬᠡᠢ᠎ᠶᠢᠨ ᠡᠮᠡᠭ᠌ᠲᠡᠢᠴᠦᠳ᠎ᠦᠨ ᠲᠦᠷᠦᠭᠦᠴᠦᠳ᠎ᠦᠨ ᠬᠤᠷᠠᠯ᠎ᠳᠤ ᠣᠷᠣᠯᠴᠠᠬᠤ᠎ᠪᠠᠷ ᠲᠤᠮᠳᠠᠳᠤ ᠤᠯᠤᠰ᠎ᠲᠤ ᠢᠷᠡᠭ᠌ᠰᠡᠨ ᠳ᠋ᠣᠮᠢᠨᠢᠺᠠ᠎ᠶ᠋ᠢᠨ ᠶᠡᠷᠦᠩᠬᠡᠢᠯᠡᠭ᠌ᠴᠢ ᠪᠦᠧᠧᠳᠦ᠋ᠨ ᠲᠠᠢ ᠠᠭᠤᠯᠵᠠᠪᠠ᠃
ᠰᠢ ᠵᠢᠨ ᠫᠢᠩ᠂ ᠳ᠋ᠣᠮᠢᠨᠢᠺᠠ ᠪᠣᠯ ᠺᠠᠷᠢᠪᠸ ᠣᠷᠣᠨ᠎ᠳᠡᠬᠢ ᠳᠤᠮᠳᠠᠳᠤ ᠤᠯᠤᠰ᠎ᠤᠨ ᠰᠠᠢ᠌ᠨ ᠨᠠᠢᠵᠠ᠂ ᠰᠠᠢ᠌ᠨ ᠬᠠᠨᠢᠲᠠᠨ ᠮᠥᠨ᠃ ᠬᠠᠷᠢᠯᠴᠠᠭ᠎ᠠ ᠪᠠᠢᠭᠤᠯᠤᠭ᠍ᠰᠠᠨ 20 ᠭᠠᠷᠤᠢ ᠵᠢᠯ᠎ᠦᠨ ᠲᠤᠷᠰᠢ᠂ ᠬᠣᠶᠠᠷ ᠤᠯᠤᠰ ᠢᠮᠠᠭ᠍ᠲᠠ ᠬᠠᠷᠢᠯᠴᠠᠨ ᠬᠦᠨᠳᠦᠳᠭᠡᠵᠦ᠍᠂ ᠡᠷᠬᠡ ᠲᠡᠭ᠌ᠰᠢ ᠬᠠᠨᠳᠤᠯᠴᠠᠵᠤ᠂ ᠤᠯᠤᠰ ᠲᠦᠷᠦ᠍᠎ᠶ᠋ᠢᠨ ᠢᠲᠡᠭᠡᠯᠴᠡᠭᠡ ᠲᠠᠰᠤᠷᠠᠯᠳᠠ ᠦᠭᠡᠢ ᠪᠡᠬᠢᠵᠢᠵᠦ᠍᠂ ᠡᠯ᠎ᠡ ᠬᠦᠷᠢᠶᠡᠨ ᠦ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠨ ᠬᠥᠭ᠌ᠵᠢᠵᠦ᠍᠂ ᠠᠷᠠᠳ ᠲᠦᠮᠡᠨ᠎ᠦ ᠨᠥᠬᠥᠷᠯᠡᠯ ᠡᠳᠦᠷ ᠢᠷᠡᠬᠦᠶ᠎ᠡ ᠵᠤᠵᠠᠭᠠᠳᠴᠤ᠌᠂ ᠠᠳᠠᠯᠢ ᠪᠤᠰᠤ ᠨᠡᠢᠭᠡᠮ᠎ᠦᠨ ᠪᠠᠢᠭᠤᠯᠤᠯ᠂ ᠠᠳᠠᠯᠢ ᠪᠤᠰᠤ ᠶᠡᠬᠡ ᠪᠠᠭ᠎ᠠ ᠤᠯᠤᠰ᠎ᠤᠨ ᠬᠣᠭᠣᠷᠣᠨᠳᠣᠬᠢ ᠨᠥᠬᠥᠷᠰᠡᠭ ᠬᠠᠮᠲᠤᠷᠠᠯᠴᠠᠭᠠᠨ᠎ᠤ ᠬᠡᠪ ᠳᠠᠭᠤᠷᠢᠶᠠᠯ᠎ᠢ ᠪᠤᠢ ᠪᠣᠯᠭᠠᠪᠠ᠃ ᠳᠤᠮᠳᠠᠳᠤ ᠤᠯᠤᠰ ᠳᠤᠷᠠᠲᠠᠶ᠎ᠠ ᠳ᠋ᠣᠮᠢᠨᠢᠺᠠ ᠯᠤᠭ᠎ᠠ ᠬᠠᠮᠲᠤ᠎ᠪᠠᠷ ᠬᠣᠶᠠᠷ ᠤᠯᠤᠰ᠎ᠤᠨ ᠬᠠᠷᠢᠯᠴᠠᠭ᠎ᠠ᠎ᠶ᠋ᠢᠨ ᠨᠡᠩ ᠥᠨᠳᠥᠷ ᠲᠦᠪᠱᠢᠨ᠎ᠳᠦ ᠬᠦᠷᠬᠦ᠎ᠶ᠋ᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠨ ᠪᠤᠶᠠᠨ ᠦᠢᠯᠡᠳᠦᠨ᠎ᠡ ᠭᠡᠵᠦ᠍ ᠵᠢᠭᠠᠵᠤ ᠭᠠᠷᠭᠠᠪᠠ᠃
ᠰᠢ ᠵᠢᠨ ᠫᠢᠩ᠂ ᠳᠤᠮᠳᠠᠳᠤ ᠳ᠋ᠣᠮᠢᠨᠢᠺᠠ ᠬᠣᠶᠠᠷ ᠲᠠᠯ᠎ᠠ᠎ᠪᠠᠷ᠎ᠢᠶᠠᠨ ᠤᠯᠤᠰ ᠲᠦᠷᠦ᠍᠎ᠶ᠋ᠢᠨ ᠢᠲᠡᠭᠡᠯᠴᠡᠭᠡ᠎ᠪᠡᠨ ᠪᠡᠬᠢᠵᠢᠭᠦᠯᠵᠦ᠍᠂ ᠲᠦᠷᠦ᠍᠎ᠶ᠋ᠢ ᠵᠠᠰᠠᠬᠤ ᠲᠤᠷᠱᠢᠯᠭ᠎ᠠ᠎ᠶ᠋ᠢᠨ ᠰᠣᠯᠢᠯᠴᠠᠭ᠎ᠠ᠎ᠪᠠᠨ ᠴᠢᠩᠭᠠᠳᠭᠠᠵᠤ᠂ ᠵᠠᠰᠠᠭ᠎ᠤᠨ ᠣᠷᠳᠣᠨ᠂ ᠬᠠᠤᠯᠢ ᠲᠣᠭ᠍ᠲᠠᠭᠠᠬᠤ ᠪᠠᠢᠭᠤᠯᠤᠮᠵᠢ᠂ ᠲᠦᠷᠦ᠍᠎ᠶ᠋ᠢᠨ ᠨᠠᠮ᠎ᠤᠨ ᠬᠣᠭᠣᠷᠣᠨᠳᠣᠬᠢ ᠶᠠᠪᠤᠯᠴᠠᠭ᠎ᠠ᠎ᠪᠠᠨ ᠨᠢᠭ᠍ᠲᠠᠷᠠᠭᠤᠯᠤᠶ᠎ᠠ᠃ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠦᠶ᠎ᠡ᠂ ᠳᠤᠮᠳᠠᠳᠤ ᠤᠯᠤᠰ ᠳᠤᠷᠠᠲᠠᠶ᠎ᠠ ᠳ᠋ᠣᠮᠢᠨᠢᠺᠠ᠎ᠶ᠋ᠢᠨ ᠬᠢᠨ᠎ᠦ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠭᠠᠬᠤ ᠪᠠ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠶ᠋ᠢ ᠦᠷᠭᠦᠯᠵᠢᠯᠡᠨ ᠳᠡᠮᠵᠢᠵᠦ᠍᠂ ᠰᠠᠭᠤᠷᠢ ᠲᠥᠬᠥᠭᠡᠷᠦᠮᠵᠢ᠂ ᠴᠡᠪᠡᠷ ᠡᠨᠧᠷᠭᠢ᠂ ᠡᠮᠴᠢᠯᠡᠭᠡ ᠡᠷᠡᠭᠦᠯ ᠬᠠᠮᠠᠭᠠᠯᠠᠯ᠂ ᠬᠥᠳᠡᠭᠡ ᠠᠵᠤ ᠠᠬᠤᠢ᠂ ᠡᠮᠡᠭ᠌ᠲᠡᠢᠴᠦᠳ᠎ᠲᠦ ᠡᠷᠬᠡ ᠣᠯᠭᠣᠬᠤ ᠵᠡᠷᠭᠡ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠰᠣᠶᠣᠯ᠂ ᠰᠤᠷᠭᠠᠨ ᠬᠥᠮᠦᠵᠢᠯ᠂ ᠵᠢᠭᠤᠯᠴᠢᠯᠠᠯ ᠵᠡᠷᠭᠡ ᠰᠣᠶᠣᠯ ᠢᠷᠭᠡᠨᠱᠢᠯ᠎ᠦᠨ ᠰᠣᠯᠢᠯᠴᠠᠭ᠎ᠠ᠎ᠪᠠᠨ ᠨᠢᠭ᠍ᠲᠠᠷᠠᠭᠤᠯᠤᠨ᠎ᠠ᠃ ᠤᠯᠠᠨ ᠲᠠᠯ᠎ᠠ᠎ᠶ᠋ᠢᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠪᠦᠬᠦ᠌ ᠪᠥᠮᠪᠥᠷᠴᠡᠭ᠎ᠦᠨ ᠲᠦᠷᠪᠡᠨ ᠶᠡᠬᠡ ᠰᠠᠨᠠᠭᠠᠴᠢᠯᠠᠭ᠎ᠠ᠎ᠶ᠋ᠢ ᠬᠠᠮᠲᠤ᠎ᠪᠠᠷ ᠦᠢᠯᠡᠳᠦᠯᠭᠡᠵᠢᠭᠦᠯᠵᠦ᠍᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠤᠶ᠎ᠠ᠃ ᠳᠡᠯᠡᠬᠡᠢ᠎ᠶᠢᠨ ᠡᠮᠡᠭ᠌ᠲᠡᠢᠴᠦᠳ᠎ᠦᠨ ᠲᠦᠷᠦᠭᠦᠴᠦᠳ᠎ᠦᠨ ᠬᠤᠷᠠᠯ᠎ᠤᠨ ᠬᠠᠮᠲᠤ᠎ᠶ᠋ᠢᠨ ᠲᠠᠨᠢᠯᠲᠠ᠎ᠶ᠋ᠢ ᠨᠠᠢᠳᠠᠪᠤᠷᠢᠵᠢᠭᠤᠯᠵᠤ᠂ ᠡᠮᠡᠭ᠌ᠲᠡᠢᠴᠦᠳ᠎ᠦᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠶ᠎ᠡ ᠭᠡᠵᠦ ᠴᠢᠬᠤᠯᠠᠴᠢᠯᠠᠪᠠ᠃
ᠪᠥᠸᠧᠳ᠋ᠦ᠋ᠨ᠂ ᠳᠤᠮᠳᠠᠳᠤ ᠤᠯᠤᠰ ᠪᠣᠯ ᠳ᠋ᠣᠮᠢᠨᠢᠺᠠ᠎ᠶ᠋ᠢᠨ ᠠᠭᠤᠤ ᠶᠡᠬᠡ ᠨᠠᠢᠵᠠ ᠪᠠ ᠲᠤᠢᠯ᠎ᠢᠶᠠᠷ ᠨᠠᠨᠳᠢᠩᠨᠠᠳᠠᠭ ᠬᠠᠨᠢᠲᠠᠨ ᠮᠥᠨ᠂ ᠳᠤᠮᠳᠠᠳᠤ᠎ᠶ᠋ᠢᠨ ᠲᠠᠯ᠎ᠠ᠎ᠶ᠋ᠢᠨ ᠡᠷᠬᠢᠮ ᠨᠠᠨᠳᠢᠨ ᠳᠡᠮᠵᠢᠯᠭᠡ ᠪᠠ ᠦᠨᠡᠨᠴᠢ ᠨᠥᠬᠥᠷᠯᠡᠯ᠎ᠳᠦ ᠲᠠᠯᠠᠷᠬᠠᠵᠤ ᠪᠠᠢᠨ᠎ᠠ᠃ ᠳ᠋ᠣᠮᠢᠨᠢᠺᠠ ᠪᠣᠯᠤᠨ ᠳᠤᠮᠳᠠᠳᠤ ᠤᠯᠤᠰ ᠬᠠᠮᠲᠤ᠎ᠶ᠋ᠢᠨ ᠣᠢᠯᠠᠭᠠᠭ᠍ᠳᠠᠬᠤᠨ ᠪᠠ ᠬᠥᠭᠡᠭᠡᠴᠡᠯᠳᠦᠯ᠎ᠲᠡᠶ᠂ ᠳ᠋ᠣᠮᠢᠨᠢᠺᠠ ᠳᠤᠮᠳᠠᠳᠤ᠎ᠶ᠋ᠢᠨ ᠬᠠᠷᠢᠯᠴᠠᠭ᠎ᠠ᠎ᠶ᠋ᠢ ᠭᠦᠨᠵᠡᠭᠡᠢᠷᠡᠭᠦᠯᠬᠦ᠌ ᠨᠢ ᠳ᠋ᠣᠮᠢᠨᠢᠺᠠ᠎ᠶ᠋ᠢᠨ ᠠᠷᠠᠳ ᠲᠦᠮᠡᠨ᠎ᠳᠦ ᠭᠡᠭᠡᠨ ᠰᠠᠷᠠᠭᠤᠯ ᠢᠷᠡᠭᠡᠳᠦᠢ᠎ᠶ᠋ᠢ ᠠᠪᠴᠢᠷᠠᠬᠤ ᠪᠣᠯᠤᠨ᠎ᠠ᠃ ᠳ᠋ᠣᠮᠢᠨᠢᠺᠠᠶ᠋ᠢᠨᠬᠢᠨ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠡᠷᠡᠰ ᠳᠡᠮᠵᠢᠵᠦ᠍᠂ ᠳᠤᠷᠠᠲᠠᠶ᠎ᠠ ᠳᠤᠮᠳᠠᠳᠤ ᠤᠯᠤᠰ ᠯᠤᠭ᠎ᠠ ᠠᠵᠤ ᠠᠬᠤᠶ ᠠᠷᠠᠯᠵᠢᠶ᠎ᠠ᠂ ᠬᠥᠳᠡᠭᠡ ᠠᠵᠤ ᠠᠬᠤᠶ᠂ ᠪᠣᠬᠢᠷᠲᠤᠯ ᠥᠬᠡᠶ ᠠᠵᠤ ᠠᠬᠤᠶ᠂ ᠱᠢᠨ᠎ᠡ ᠡᠨᠧᠷᠭᠢ᠂ ᠡᠷᠡᠭᠦᠯ ᠬᠠᠮᠠᠭᠠᠯᠠᠯ᠂ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠭᠠᠬᠤ ᠵᠡᠷᠭᠡ ᠬᠦᠷᠢᠶᠡᠨ᠎ᠳᠡᠬᠢ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠰᠣᠶᠣᠯ ᠢᠷᠭᠡᠨᠱᠢᠯ᠎ᠦᠨ ᠰᠣᠯᠢᠯᠴᠠᠭ᠎ᠠ᠎ᠪᠠᠨ ᠨᠢᠭ᠍ᠲᠠᠷᠠᠭᠤᠯᠵᠤ᠂ ᠯᠠᠲ᠋ᠢᠨ ᠠᠮᠧᠷᠢᠺᠠ ᠳᠤᠮᠳᠠᠳᠤ᠎ᠶ᠋ᠢᠨ ᠬᠠᠮᠲᠤᠷᠠᠯᠴᠠᠭ᠎ᠠ᠎ᠶ᠋ᠢ ᠠᠬᠢᠭᠤᠯᠵᠤ᠂ ᠬᠣᠶᠠᠷ ᠤᠯᠤᠰ᠎ᠤᠨ ᠬᠠᠷᠢᠯᠴᠠᠭ᠎ᠠ᠎ᠶ᠋ᠢᠨ ᠱᠢᠨ᠎ᠡ ᠬᠠᠭᠤᠳᠠᠰᠤ᠎ᠶ᠋ᠢ ᠲᠠᠰᠤᠷᠠᠯᠲᠠ ᠥᠬᠡᠶ ᠪᠢᠴᠢᠭ᠌ᠯᠡᠨ᠎ᠡ᠃ ᠳᠤᠮᠳᠠᠳᠤ ᠤᠯᠤᠰ ᠣᠳᠣᠬᠠᠨ᠎ᠤ ᠳᠡᠯᠡᠬᠡᠢ᠎ᠶ᠋ᠢᠨ ᠡᠩᠬᠡ ᠲᠠᠢᠪᠤᠩ ᠲᠣᠭ᠍ᠲᠠᠭᠤᠨ᠎ᠤ ᠴᠢᠬᠤᠯᠠ ᠬᠦᠴᠦᠨ ᠪᠣᠯᠤᠭ᠍ᠰᠠᠨ᠎ᠤ ᠬᠤᠪᠢ᠎ᠳᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠠᠯᠤᠰ᠎ᠤᠨ ᠲᠥᠰᠦᠪ᠎ᠢ ᠳᠤᠷᠠᠳᠴᠤ᠌᠂ ᠳᠡᠯᠡᠬᠡᠢ ᠳ᠋ᠠᠬᠢᠨ ᠲᠠᠢ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠬᠠᠮᠲᠤ᠎ᠪᠠᠷ ᠡᠳ᠋ᠯᠡᠵᠦ᠍᠂ ᠪᠦᠬᠦ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ᠎ᠤᠨ ᠪᠦᠯᠬᠦᠮᠳᠡᠯ᠎ᠢ ᠠᠬᠢᠭᠤᠯᠵᠤ᠂ ᠡᠯ᠎ᠡ ᠤᠯᠤᠰ᠎ᠤᠨ ᠬᠥᠮᠦᠰ᠎ᠦᠨ ᠰᠡᠳᠭᠢᠯ᠎ᠢ ᠵᠣᠷᠢᠭ᠍ᠵᠢᠭᠤᠯᠵᠤ᠂ ᠳᠡᠯᠡᠬᠡᠢ ᠳ᠋ᠠᠬᠢᠨ᠎ᠤ ᠬᠦᠰᠡᠯ ᠡᠷᠡᠮᠡᠯᠵᠡᠯ᠎ᠦᠨ ᠴᠠᠮᠬᠠᠭ ᠪᠣᠯᠪᠠ᠃ ᠲᠡᠷᠢᠭᠦᠯᠡᠭ᠌ᠴᠢ ᠰᠢ ᠵᠢᠨ ᠫᠢᠩ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠠᠮᠤᠷ ᠲᠦᠪᠱᠢᠨ᠎ᠦ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶᠢ ᠳᠤᠷᠠᠳᠴᠤ᠌᠂ ᠡᠯ᠎ᠡ ᠤᠯᠤᠰ᠎ᠤᠨ ᠨᠠᠢᠷᠠᠮᠳᠠᠯ᠎ᠢᠶᠠᠷ ᠵᠡᠷᠭᠡᠴᠡᠨ ᠣᠷᠣᠱᠢᠬᠤ᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌᠎ᠶ᠋ᠢ ᠪᠡᠶᠡᠯᠡᠭᠦᠯᠬᠦ᠌᠎ᠳᠦ ᠴᠢᠭ᠌ᠯᠡᠯ᠎ᠢ ᠲᠣᠳᠣᠷᠬᠠᠢ ᠵᠢᠭᠠᠵᠠᠢ᠃ ᠳ᠋ᠣᠮᠢᠨᠢᠺᠠ᠎ᠶ᠋ᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭ᠍ᠲᠠ ᠬᠠᠮᠵᠢᠯᠴᠠᠵᠤ᠂ ᠭᠠᠭ᠍ᠴᠠ ᠲᠠᠯᠠᠲᠤ ᠦᠵᠡᠯ᠂ ᠡᠵᠡᠷᠬᠡᠬᠦ᠌ ᠦᠵᠡᠯ᠎ᠢ ᠡᠰᠡᠷᠭᠦᠴᠡᠵᠦ᠍᠂ ᠬᠥᠭ᠌ᠵᠢᠵᠦ᠍ ᠪᠠᠢᠭ᠎ᠠ ᠤᠯᠤᠰ᠎ᠤᠳ᠎ᠤᠨ ᠬᠠᠮᠲᠤ᠎ᠶ᠋ᠢᠨ ᠠᠱᠢᠭ ᠲᠤᠰᠠ᠎ᠶ᠋ᠢ ᠬᠠᠮᠠᠭᠠᠯᠠᠨ᠎ᠠ ᠭᠡᠵᠦ᠍ ᠢᠯᠡᠳᠭᠡᠪᠡ᠃
ᠸᠠᠩ ᠢ ᠠᠭᠤᠯᠵᠠᠯᠲᠠ᠎ᠳᠤ ᠣᠷᠣᠯᠴᠠᠵᠠᠢ᠃
ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 10 ᠰᠠᠷ᠎ᠠ᠎ᠶᠢᠨ 14 ᠤ ᠴᠠᠬᠢᠯᠭᠠᠨ ᠮᠡᠳᠡᠭᠡ (ᠰᠤᠷᠪᠤᠯᠵᠢᠯᠠᠭ᠍ᠴᠢ ᠰᠦᠨ ᠢ ᠼᠤᠤ ᠵᠢᠶᠠ ᠶᠤᠸᠠᠢ) 10 ᠰᠠᠷ᠎ᠠ᠎ᠶᠢᠨ 14 ᠤ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠡᠯᠡᠬᠡᠢ᠎ᠶᠢᠨ ᠡᠮᠡᠭᠲᠡᠢᠴᠦᠳ᠎ᠦᠨ ᠲᠦᠷᠦᠭᠦᠴᠦᠳ᠎ᠦᠨ ᠬᠤᠷᠠᠯ᠎ᠳᠤ ᠣᠷᠣᠯᠴᠠᠬᠤ᠎ᠪᠠᠷ ᠳᠤᠮᠳᠠᠳᠤ ᠤᠯᠤᠰ᠎ᠲᠤ ᠢᠷᠡᠭᠰᠡᠨ ᠠᠶ᠋ᠢᠰᠯᠠᠨᠳ᠋ᠤᠨ ᠶᠡᠷᠦᠩᠬᠡᠢᠯᠡᠭᠴᠢ ᠲᠤᠮᠠᠰ ᠳ᠋ᠤᠲ ᠲᠠᠢ ᠠᠭᠤᠯᠵᠠᠪᠠ᠃
ᠰᠢ ᠵᠢᠨ ᠫᠢᠩ᠂ ᠳᠤᠮᠳᠠᠳᠤ ᠤᠯᠤᠰ ᠪᠣᠯᠣᠨ ᠠᠢ᠍ᠢᠰᠯᠠᠨᠳ᠋ ᠬᠠᠷᠢᠯᠴᠠᠭ᠎ᠠ ᠪᠠᠢᠭᠤᠯᠤᠭᠰᠠᠨ 54 ᠵᠢᠯ᠎ᠦᠨ ᠲᠤᠷᠰᠢ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠠᠰᠢᠭ᠍ᠲᠠᠢ ᠬᠠᠮᠲᠤᠷᠠᠯᠴᠠᠭ᠎ᠠ ᠬᠢᠬᠦ᠎ᠶᠢ ᠪᠠᠷᠢᠮᠲᠠᠯᠠᠵᠤ᠂ ᠬᠣᠶᠠᠷ ᠤᠯᠤᠰ᠎ᠤᠨ ᠬᠠᠷᠢᠯᠴᠠᠭ᠎ᠠ᠎ᠶᠢᠨ ᠣᠯᠣᠭᠰᠠᠨ ᠡᠯᠪᠡᠭ ᠪᠠᠶᠠᠯᠢᠭ᠋ ᠦᠷ᠎ᠡ ᠪᠦᠲᠦᠭᠡᠯ ᠨᠢ ᠠᠳᠠᠯᠢ ᠪᠤᠰᠤ ᠤᠯᠤᠰ᠎ᠤᠨ ᠪᠠᠢᠳᠠᠯ ᠪᠦᠬᠦᠢ ᠤᠯᠤᠰ᠎ᠤᠳ ᠨᠡᠢᠭᠡᠮ᠎ᠦᠨ ᠪᠠᠢᠭᠤᠯᠤᠯ ᠵᠡᠷᠭᠡ ᠵᠥᠷᠢᠶ᠎ᠡ᠎ᠡᠴᠡ ᠪᠦᠷᠢᠮᠦᠰᠦᠨ ᠳᠠᠪᠠᠵᠤ ᠬᠠᠷᠢᠯᠴᠠᠨ ᠠᠰᠢᠭ᠍ᠲᠠᠢ ᠬᠠᠮᠲᠤ᠎ᠪᠠᠷ ᠠᠰᠢᠭ᠋ ᠬᠦᠷᠳᠡᠬᠦ᠎ᠶᠢ ᠪᠡᠶᠡᠯᠡᠭᠦᠯᠵᠦ ᠳᠡᠶ᠋ᠢᠯᠬᠦ᠎ᠶᠢ ᠭᠦᠢᠴᠡᠳ ᠭᠡᠷᠡᠴᠢᠯᠡᠪᠡ᠃ ᠳᠤᠮᠳᠠᠳᠤ ᠤᠯᠤᠰ ᠠᠶ᠋ᠢᠰᠯᠠᠨᠳ᠋ ᠯᠤᠭ᠎ᠠ᠎ᠶᠢᠨ ᠬᠠᠷᠢᠯᠴᠠᠭ᠎ᠠ᠎ᠪᠠᠨ ᠬᠥᠭᠵᠢᠭᠦᠯᠬᠦ᠎ᠶᠢ ᠴᠢᠬᠤᠯᠠᠴᠢᠯᠠᠵᠤ᠂ ᠳᠤᠷᠠᠲᠠᠶ᠎ᠠ ᠠᠶ᠋ᠢᠰᠯᠠᠨᠳ᠋ ᠯᠤᠭ᠎ᠠ ᠶᠠᠪᠤᠯᠴᠠᠭ᠎ᠠ᠎ᠪᠠᠨ ᠴᠢᠩᠭᠠᠳᠬᠠᠵᠤ᠂ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠤᠯᠠᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠳᠤᠮᠳᠠᠳᠤ ᠠᠢ᠍ᠢᠰᠯᠠᠨᠳ᠋ ᠬᠣᠶᠠᠷ ᠲᠠᠯ᠎ᠠ᠎ᠪᠠᠷ᠎ᠢᠶᠠᠨ ᠲᠤᠰ ᠲᠤᠰ᠎ᠤᠨ᠎ᠢᠶᠠᠨ ᠰᠣᠩᠭᠣᠭᠰᠠᠨ ᠬᠥᠭᠵᠢᠯᠲᠡ᠎ᠶᠢᠨ ᠵᠠᠮ᠎ᠢ ᠦᠷᠭᠦᠯᠵᠢᠯᠡᠨ ᠬᠦᠨᠳᠦᠳᠬᠡᠨ ᠳᠡᠮᠵᠢᠵᠦ᠂ ᠲᠤᠰ ᠲᠤᠰ᠎ᠤᠨ ᠭᠣᠣᠯᠯᠠᠭ᠍ᠴᠢ ᠠᠰᠢᠭ᠋ ᠲᠤᠰᠠ ᠪᠣᠯᠣᠨ ᠠᠩᠬᠠᠷᠴᠤ ᠪᠠᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠡᠷᠡᠰ ᠳᠡᠮᠵᠢᠯᠴᠡᠶ᠎ᠡ᠃ ᠠᠵᠤ ᠠᠬᠤᠢ ᠠᠷᠠᠯᠵᠢᠶ᠎ᠠ᠂ ᠭᠠᠵᠠᠷ᠎ᠤᠨ ᠢᠯᠴᠢ᠂ ᠡᠮᠴᠢᠯᠡᠭᠡ ᠡᠷᠡᠭᠦᠯ ᠮᠡᠨᠳᠦ ᠵᠡᠷᠭᠡ ᠬᠦᠷᠢᠶᠡᠨ᠎ᠦ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠪᠣᠬᠢᠷᠲᠤᠯ ᠦᠭᠡᠢᠳᠡᠢᠰᠢ ᠬᠡᠯᠪᠡᠷᠢ᠎ᠪᠡᠨ ᠬᠤᠪᠢᠷᠠᠭᠤᠯᠬᠤ᠂ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠭᠠᠬᠤ᠎ᠶᠢ ᠬᠠᠮᠲᠤ᠎ᠪᠠᠷ ᠠᠬᠢᠭᠤᠯᠤᠶ᠎ᠠ᠃ ᠵᠢᠭᠤᠯᠴᠢᠯᠠᠯ᠂ ᠰᠤᠷᠭᠠᠨ ᠬᠥᠮᠦᠵᠢᠯ ᠵᠡᠷᠭᠡ ᠲᠠᠯ᠎ᠠ᠎ᠶᠢᠨ ᠰᠣᠶᠣᠯ ᠢᠷᠭᠡᠨᠰᠢᠯ᠎ᠤᠨ ᠰᠣᠯᠢᠯᠴᠠᠭ᠎ᠠ᠎ᠶᠢ ᠴᠢᠩᠭᠠᠳᠬᠠᠵᠤ᠂ ᠬᠣᠶᠠᠷ ᠤᠯᠤᠰ᠎ᠤᠨ ᠠᠷᠠᠳ ᠲᠦᠮᠡᠨ᠎ᠦ ᠨᠥᠬᠥᠷᠯᠡᠯ ᠪᠠ ᠣᠢᠯᠠᠭᠠᠯᠴᠠᠭ᠎ᠠ᠎ᠶᠢ ᠨᠡᠮᠡᠭᠳᠡᠭᠦᠯᠦᠶ᠎ᠡ᠃ ᠳᠤᠮᠳᠠᠳᠤ ᠤᠯᠤᠰ ᠪᠣᠯᠣᠨ ᠠᠶ᠋ᠢᠰᠯᠠᠨᠳ᠋ ᠴᠥᠮ ᠣᠯᠠᠨ ᠲᠠᠯᠠᠲᠤ ᠦᠵᠡᠯ᠎ᠢ ᠳᠡᠮᠵᠢᠵᠦ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠪᠠᠷ ᠭᠣᠣᠯ ᠪᠣᠯᠭᠠᠭᠰᠠᠨ ᠣᠯᠠᠨ ᠤᠯᠤᠰ᠎ᠤᠨ ᠰᠢᠰᠲᠧᠮ ᠪᠣᠯᠣᠨ ᠣᠯᠠᠨ ᠤᠯᠤᠰ᠎ᠤᠨ ᠬᠠᠤᠯᠢ᠎ᠪᠠᠷ ᠰᠠᠭᠤᠷᠢ ᠪᠣᠯᠭᠠᠭᠰᠠᠨ ᠣᠯᠠᠨ ᠤᠯᠤᠰ᠎ᠤᠨ ᠡᠮᠬᠢ ᠳᠢᠭᠯᠢᠮ᠎ᠢ ᠳᠡᠮᠵᠢᠵᠦ ᠪᠠᠢᠨ᠎ᠠ᠂ ᠬᠣᠶᠠᠷ ᠲᠠᠯ᠎ᠠ᠎ᠪᠠᠷ᠎ᠢᠶᠠᠨ ᠣᠯᠣᠯᠴᠠᠭ᠎ᠠ ᠵᠣᠬᠢᠴᠠᠭᠤᠯᠭ᠎ᠠ ᠪᠠᠨ ᠨᠢᠭ᠍ᠲᠠᠷᠠᠭᠤᠯᠵᠤ᠂ ᠶᠠᠷᠢᠯᠴᠠᠭ᠎ᠠ ᠵᠥᠪᠳᠡᠯᠴᠡᠭᠡ᠎ᠪᠡᠷ ᠳᠡᠮᠵᠢᠨ ᠣᠯᠠᠨ ᠤᠯᠤᠰ᠎ᠤᠨ ᠮᠠᠷᠭᠤᠯᠳᠤᠭᠠᠨ᠎ᠢ ᠰᠢᠢᠳᠪᠦᠷᠢᠯᠡᠬᠦ᠎ᠪᠡᠷ ᠬᠠᠮᠲᠤ᠎ᠪᠠᠷ ᠴᠢᠷᠮᠠᠢᠵᠤ᠂ ᠨᠠᠩ ᠲᠥᠪ ᠭᠤᠤᠯᠴᠢ ᠵᠦᠢ ᠵᠣᠬᠢᠰᠲᠠᠢ ᠪᠥᠬᠥ ᠪᠥᠮᠪᠥᠷᠴᠡᠭ᠎ᠦᠨ ᠵᠠᠰᠠᠯᠲᠠ᠎ᠶᠢᠨ ᠰᠢᠰᠲᠧᠮ᠎ᠢ ᠪᠠᠶ᠋ᠢᠭᠤᠯᠬᠤ᠎ᠶᠢ ᠠᠬᠢᠭᠤᠯᠤᠶ᠎ᠠ᠃ ᠳᠡᠯᠡᠬᠡᠢ᠎ᠶᠢᠨ ᠡᠮᠡᠭᠲᠡᠢᠴᠦᠳ᠎ᠦᠨ ᠲᠦᠷᠦᠭᠦᠴᠦᠳ᠎ᠦᠨ ᠬᠤᠷᠠᠯ ᠠᠮᠵᠢᠯᠲᠠ᠎ᠲᠠᠢ ᠬᠤᠷᠠᠯᠳᠤᠭᠰᠠᠨ᠎ᠢᠶᠠᠷ ᠠᠵᠠ ᠲᠣᠬᠢᠶᠠᠯ ᠪᠣᠯᠭᠠᠵᠤ᠂ ᠳᠡᠯᠡᠬᠡᠢ᠎ᠶᠢᠨ ᠡᠮᠡᠭᠲᠡᠢᠴᠦᠳ᠎ᠦᠨ ᠦᠢᠯᠡᠰ᠎ᠦᠨ ᠲᠠᠰᠤᠷᠠᠯᠳᠡ ᠦᠭᠡᠢ ᠬᠥᠭᠵᠢᠬᠦ᠎ᠶᠢ ᠠᠬᠢᠭᠤᠯᠤᠶ᠎ᠠ ᠭᠡᠵᠦ ᠴᠢᠬᠤᠯᠠᠴᠢᠯᠠᠪᠠ᠃
ᠲᠤᠮᠠᠰ ᠳ᠋ᠤᠲ᠂ ᠳᠤᠮᠳᠠᠳᠤ ᠤᠯᠤᠰ ᠳᠡᠯᠡᠬᠡᠢ᠎ᠶᠢᠨ ᠡᠮᠡᠭᠲᠡᠢᠴᠦᠳ᠎ᠦᠨ ᠲᠦᠷᠦᠭᠦᠴᠦᠳ᠎ᠦᠨ ᠬᠤᠷᠠᠯ᠎ᠢ ᠠᠮᠵᠢᠯᠲᠠ᠎ᠲᠠᠢ ᠭᠣᠣᠯᠯᠠᠨ ᠡᠷᠬᠢᠯᠡᠭᠰᠡᠨ᠎ᠳᠦ ᠪᠠᠶᠠᠷ ᠬᠦᠷᠭᠡᠵᠦ ᠪᠠᠢᠨ᠎ᠠ᠂ ᠳᠤᠮᠳᠠᠳᠤ᠎ᠶᠢᠨ ᠲᠠᠯ᠎ᠠ᠎ᠶᠢᠨ ᠬᠢᠨ ᠬᠠᠯᠠᠭᠤᠮᠰᠤᠭ ᠵᠤᠴᠢᠯᠠᠵᠤ᠂ ᠠᠶ᠋ᠢᠰᠯᠠᠨᠳ᠋ ᠰᠢᠭ᠋ ᠡᠢᠮᠦ ᠨᠢᠭᠡᠨ ᠪᠠᠭ᠎ᠠ ᠤᠯᠤᠰ᠎ᠢ ᠭᠦᠢᠴᠡᠳ ᠬᠦᠨᠳᠦᠳᠬᠡᠭᠰᠡᠨ ᠳ᠋ᠦ ᠲᠠᠯᠠᠷᠬᠠᠵᠤ ᠪᠠᠢᠨ᠎ᠠ᠃ ᠠᠢ᠍ᠢᠰᠯᠠᠨᠳ᠋ᠤᠨ ᠬᠢᠨ ᠳᠤᠮᠳᠠᠳᠤ ᠤᠯᠤᠰ᠎ᠤᠨ ᠳᠡᠯᠡᠬᠡᠢ᠎ᠶᠢᠨ ᠡᠮᠡᠭᠲᠡᠢᠴᠦᠳ᠎ᠦᠨ ᠦᠢᠯᠡᠰ᠎ᠢ ᠠᠬᠢᠭᠤᠯᠬᠤ᠎ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ᠎ᠶᠢ ᠳᠡᠭᠡᠳᠦ ᠬᠡᠮᠵᠢᠶ᠎ᠡ᠎ᠪᠡᠷ ᠮᠠᠭᠲᠠᠨ ᠰᠠᠢᠰᠢᠶᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠣᠯᠣᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠳᠡᠯᠡᠬᠡᠢ᠎ᠶᠢᠨ ᠡᠮᠡᠭᠲᠡᠢᠴᠦᠳ᠎ᠦᠨ ᠪᠦᠬᠦ ᠲᠠᠯ᠎ᠠ᠎ᠶᠢᠨ ᠬᠥᠭᠵᠢᠯᠲᠡ᠎ᠶᠢ ᠠᠬᠢᠭᠤᠯᠤᠨ᠎ᠠ᠃ ᠠᠶ᠋ᠢᠰᠯᠠᠨᠳ᠋ ᠪᠣᠯᠣᠨ ᠳᠤᠮᠳᠠᠳᠤ ᠤᠯᠤᠰ ᠤᠷᠳᠤ ᠬᠤᠭᠤᠴᠠᠭ᠎ᠠ᠎ᠪᠠᠷ ᠨᠥᠬᠥᠷᠰᠡᠭ ᠶᠠᠪᠤᠯᠴᠠᠵᠤ᠂ ᠬᠣᠶᠠᠷ ᠲᠠᠯ᠎ᠠ᠎ᠶᠢᠨ ᠬᠠᠷᠢᠯᠴᠠᠭ᠎ᠠ ᠴᠢᠩᠭ᠎ᠠ ᠬᠦᠴᠦᠲᠡᠢ ᠪᠠᠢᠵᠤ᠂ ᠠᠷᠠᠯᠵᠢᠶ᠎ᠠ᠂ ᠭᠠᠵᠠᠷ᠎ᠤᠨ ᠢᠯᠴᠢ᠂ ᠵᠢᠭᠤᠯᠴᠢᠯᠠᠯ ᠵᠡᠷᠭᠡ ᠬᠦᠷᠢᠶᠡᠨ᠎ᠦ ᠬᠠᠮᠲᠤᠷᠠᠯᠴᠠᠭ᠎ᠠ ᠡᠯᠪᠡᠭ ᠪᠠᠶᠠᠯᠢᠭ᠋ ᠦᠷ᠎ᠡ ᠪᠦᠲᠦᠭᠡᠯ ᠣᠯᠪᠠ᠃ ᠠᠢ᠍ᠢᠰᠯᠠᠨᠳ᠋ᠤᠨ ᠲᠠᠯ᠎ᠠ᠎ᠶᠢᠨ ᠬᠢᠨ ᠠᠢ᠍ᠢᠰᠯᠠᠨᠳ᠋ ᠳᠤᠮᠳᠠᠳᠤ᠎ᠶᠢᠨ ᠬᠠᠷᠢᠯᠴᠠᠭ᠎ᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤᠷᠠᠯᠴᠠᠭᠠᠨ᠎ᠤ ᠣᠷᠣᠨ ᠵᠠᠢ᠎ᠪᠠᠨ ᠦᠷᠭᠦᠯᠵᠢᠯᠡᠨ ᠥᠷᠭᠡᠳᠬᠡᠵᠦ᠂ ᠰᠣᠶᠣᠯ ᠢᠷᠭᠡᠨᠰᠢᠯ᠎ᠦᠨ ᠰᠣᠯᠢᠯᠴᠠᠭ᠎ᠠ᠎ᠪᠠᠨ ᠨᠢᠭ᠍ᠲᠠᠷᠠᠭᠤᠯᠵᠤ᠂ ᠬᠣᠶᠠᠷ ᠤᠯᠤᠰ᠎ᠤᠨ ᠬᠠᠷᠢᠯᠴᠠᠭ᠎ᠠ ᠨᠡᠩ ᠶᠡᠬᠡ ᠬᠥᠭᠵᠢᠯᠲᠡ᠎ᠲᠠᠢ ᠪᠣᠯᠬᠤ᠎ᠶᠢ ᠠᠬᠢᠭᠤᠯᠤᠨ᠎ᠠ᠃ ᠲᠣᠭᠲᠠᠭᠤᠨ ᠪᠤᠰᠤ ᠳᠡᠯᠡᠬᠡᠢ ᠶᠢᠷᠲᠢᠨᠴᠦ᠎ᠶᠢᠨ ᠡᠮᠦᠨ᠎ᠡ᠂ ᠳᠤᠮᠳᠠᠳᠤ ᠤᠯᠤᠰ ᠳᠡᠯᠡᠬᠡᠢ᠎ᠶᠢᠨ ᠴᠢᠨᠠᠷᠲᠠᠢ ᠥᠷᠢᠰᠦᠯᠳᠦᠭᠡᠨ᠎ᠢ ᠠᠷᠭᠠᠴᠠᠭᠠᠬᠤ᠎ᠳᠤ ᠤᠳᠤᠷᠢᠳᠬᠤ ᠬᠦᠴᠦᠨ᠎ᠢᠶᠡᠨ ᠢᠯᠡᠷᠡᠭᠦᠯᠵᠦ᠂ ᠠᠢ᠍ᠢᠰᠯᠠᠨᠳ᠋ᠤᠨ ᠲᠠᠯ᠎ᠠ᠎ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠣᠯᠣᠯᠴᠠᠭ᠎ᠠ ᠪᠠ ᠵᠣᠬᠢᠴᠠᠭᠤᠯᠭ᠎ᠠ᠎ᠪᠠᠨ ᠴᠢᠩᠭᠠᠳᠬᠠᠵᠤ᠂ ᠳᠡᠯᠡᠬᠡᠢ᠎ᠶᠢᠨ ᠴᠢᠨᠠᠷᠲᠠᠢ ᠥᠷᠢᠰᠦᠯᠳᠦᠭᠡᠨ᠎ᠢ ᠬᠠᠮᠲᠤ᠎ᠪᠠᠷ ᠠᠷᠭᠠᠴᠠᠭᠠᠨ᠎ᠠ ᠭᠡᠵᠦ ᠢᠯᠡᠳᠬᠡᠪᠡ᠃
ᠬᠣᠶᠠᠷ ᠲᠠᠯ᠎ᠠ᠎ᠪᠠᠷ᠎ᠢᠶᠠᠨ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠠᠶ᠋ᠢᠰᠯᠠᠨᠳ᠋ᠤᠨ ᠭᠠᠵᠠᠷ᠎ᠤᠨ ᠢᠯᠴᠢ ᠪᠣᠯᠣᠨ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ ᠬᠠᠮᠲᠤᠷᠠᠯᠴᠠᠭ᠎ᠠ᠎ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠠᠮᠲᠤᠷᠠᠭᠰᠠᠨ ᠢᠯᠡᠷᠬᠡᠢᠯᠡᠯᠲᠡ》 ᠨᠡᠢᠲᠡᠯᠡᠪᠡ᠃
ᠸᠠᠩ ᠢ ᠠᠭᠤᠯᠵᠠᠯᠲᠠ᠎ᠳᠤ ᠣᠷᠣᠯᠴᠠᠵᠠᠢ᠃
ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 10 ᠰᠠᠷ᠎ᠠ᠎ᠶᠢᠨ 14 ᠤ ᠴᠠᠬᠢᠯᠭᠠᠨ ᠮᠡᠳᠡᠭᠡ (ᠰᠤᠷᠪᠤᠯᠵᠢᠯᠠᠭ᠍ᠴᠢ ᠸᠸᠨ ᠰᠢᠨ ᠳ᠋ᠦᠩ ᠰᠢᠤᠸᠠᠢ) 10 ᠰᠠᠷ᠎ᠠ᠎ᠶᠢᠨ 14 ᠤ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠡᠯᠡᠬᠡᠢ᠎ᠶᠢᠨ ᠡᠮᠡᠭᠲᠡᠢᠴᠦᠳ᠎ᠦᠨ ᠲᠦᠷᠦᠭᠦᠴᠦᠳ᠎ᠦᠨ ᠬᠤᠷᠠᠯ᠎ᠳᠤ ᠣᠷᠣᠯᠴᠠᠬᠤ᠎ᠪᠠᠷ ᠳᠤᠮᠳᠠᠳᠤ ᠤᠯᠤᠰ᠎ᠲᠤ ᠢᠷᠡᠭᠰᠡᠨ ᠮᠣᠽᠠᠮᠪᠢᠺ᠎ᠤᠨ ᠶᠡᠷᠦᠩᠬᠡᠢ ᠰᠠᠢᠳ ᠯᠸᠸᠢ ᠲᠠᠢ ᠠᠭᠤᠯᠵᠠᠪᠠ᠃
ᠰᠢ ᠵᠢᠨ ᠫᠢᠩ᠂ ᠳᠤᠮᠳᠠᠳᠤ ᠮᠣᠽᠠᠮᠪᠢᠺ ᠬᠠᠷᠢᠯᠴᠠᠭ᠎ᠠ ᠪᠠᠢᠭᠤᠯᠤᠭᠰᠠᠨ 50 ᠵᠢᠯ᠎ᠦᠨ ᠲᠤᠷᠰᠢ᠂ ᠬᠣᠶᠠᠷ ᠤᠯᠤᠰ᠎ᠤᠨ ᠤᠯᠠᠮᠵᠢᠯᠠᠯᠲᠤ ᠨᠥᠬᠥᠷᠯᠡᠯ ᠳᠡᠯᠡᠬᠡᠢ᠎ᠶᠢᠨ ᠰᠠᠯᠬᠢ ᠰᠢᠭᠤᠷᠭᠠᠨ᠎ᠤ ᠰᠢᠯᠭᠠᠯᠲᠠ᠎ᠶᠢ ᠳᠠᠭᠠᠭᠠᠵᠤ᠂ ᠬᠠᠳᠠ ᠴᠢᠯᠠᠭᠤ ᠮᠡᠲᠦ ᠪᠠᠲᠤ ᠪᠡᠬᠢ ᠪᠣᠯᠪᠠ᠃ ᠳᠤᠮᠳᠠᠳᠤ᠎ᠶᠢᠨ ᠲᠠᠯ᠎ᠠ᠎ᠶᠢᠨ ᠬᠢᠨ ᠳᠤᠷᠠᠲᠠᠶ᠎ᠠ ᠮᠣᠽᠠᠮᠪᠢᠺ᠎ᠤᠨ ᠲᠠᠯ᠎ᠠ᠎ᠶᠢᠨ ᠬᠢᠨ᠎ᠲᠠᠢ ᠦᠷᠭᠦᠯᠵᠢᠯᠡᠨ ᠬᠠᠷᠢᠯᠴᠠᠨ ᠳᠡᠮᠵᠢᠬᠦ᠎ᠪᠡᠨ ᠪᠠᠲᠤᠳᠬᠠᠵᠤ᠂ ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭ᠎ᠠ᠎ᠪᠠᠨ ᠴᠢᠩᠭᠠᠳᠬᠠᠵᠤ᠂ ᠬᠠᠷᠢᠯᠴᠠᠨ ᠠᠰᠢᠭ᠍ᠲᠠᠢ ᠬᠠᠮᠲᠤᠷᠠᠯᠴᠠᠭ᠎ᠠ᠎ᠪᠠᠨ ᠥᠷᠭᠡᠳᠬᠡᠵᠦ᠂ ᠳᠤᠮᠳᠠᠳᠤ ᠮᠣᠽᠠᠮᠪᠢᠺ᠎ᠤᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠪᠠᠨ ᠲᠠᠰᠤᠷᠠᠯᠳᠡ ᠦᠭᠡᠢ ᠭᠦᠨᠵᠡᠭᠡᠢᠷᠡᠭᠦᠯᠵᠦ᠂ ᠲᠠᠷᠠᠭᠠᠴᠢ᠎ᠶᠢᠨ ᠨᠡᠩ ᠭᠡᠷᠡᠯ ᠰᠠᠴᠤᠷᠠᠩᠭᠤᠢ 50 ᠵᠢᠯ᠎ᠢ ᠬᠠᠮᠲᠤ᠎ᠪᠠᠷ ᠪᠢᠴᠢᠭᠯᠡᠨ᠎ᠡ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠳᠤᠮᠳᠠᠳᠤ᠎ᠶᠢᠨ ᠲᠠᠯ᠎ᠠ᠎ᠶᠢᠨ ᠬᠢᠨ ᠮᠣᠽᠠᠮᠪᠢᠺ᠎ᠤᠨ ᠲᠠᠯ᠎ᠠ᠎ᠶᠢᠨ ᠬᠢᠨ᠎ᠦ ᠪᠡᠶ᠎ᠡ᠎ᠪᠡᠨ ᠳᠠᠭᠠᠭᠠᠨ ᠡᠵᠡᠨ ᠮᠡᠳᠡᠵᠦ ᠥᠪᠡᠷ᠎ᠦᠨ ᠤᠯᠤᠰ᠎ᠤᠨ ᠪᠠᠢᠳᠠᠯ᠎ᠳᠠᠭᠠᠨ ᠨᠡᠢᠴᠡᠬᠦ ᠬᠥᠭᠵᠢᠯᠲᠡ᠎ᠶᠢᠨ ᠵᠠᠮ᠎ᠢ ᠰᠦᠪᠡᠭᠴᠢᠯᠡᠨ᠂ ᠤᠯᠤᠰ᠎ᠤᠨ ᠪᠦᠯᠬᠦᠮᠳᠡᠯ ᠲᠣᠭᠲᠠᠭᠤᠨ᠎ᠢᠶᠡᠨ ᠬᠠᠮᠠᠭᠠᠯᠠᠬᠤ᠎ᠶᠢ ᠳᠡᠮᠵᠢᠵᠤ᠂ ᠳᠤᠷᠠᠲᠠᠶ᠎ᠠ ᠮᠣᠽᠠᠮᠪᠢᠺ᠎ᠤᠨ ᠲᠠᠯ᠎ᠠ᠎ᠶᠢᠨ ᠬᠢᠨ᠎ᠲᠠᠢ ᠵᠠᠰᠠᠭ᠎ᠤᠨ ᠣᠷᠳᠣᠨ᠂ ᠲᠥᠷᠥ᠎ᠶᠢᠨ ᠨᠠᠮ᠂ ᠬᠠᠤᠯᠢ ᠲᠣᠭᠲᠠᠭᠠᠬᠤ ᠪᠠᠢᠭᠤᠯᠤᠮᠵᠢ᠎ᠶᠢᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠨᠠᠮ᠎ᠢ ᠵᠠᠰᠠᠬᠤ ᠲᠥᠷᠥ᠎ᠶᠢ ᠵᠠᠰᠠᠬᠤ ᠲᠤᠷᠰᠢᠯᠭ᠎ᠠ᠎ᠶᠢᠨ ᠰᠣᠯᠢᠯᠴᠠᠭ᠎ᠠ᠎ᠪᠠᠨ ᠭᠦᠨᠵᠡᠭᠡᠢᠷᠡᠭᠦᠯᠦᠨ᠎ᠡ᠃ ᠬᠣᠶᠠᠷ ᠲᠠᠯ᠎ᠠ᠎ᠪᠠᠷ᠎ᠢᠶᠠᠨ ᠳᠤᠮᠳᠠᠳᠤ ᠠᠹᠷᠢᠺᠠ᠎ᠶᠢᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ᠎ᠤᠨ ᠪᠡᠭᠡᠵᠢᠩ᠎ᠤᠨ ᠲᠦᠷᠦᠭᠦᠴᠦᠳ᠎ᠦᠨ ᠬᠤᠷᠠᠯ᠎ᠤᠨ ᠦᠷ᠎ᠡ ᠪᠦᠲᠦᠭᠡᠯ᠎ᠢ ᠨᠠᠢᠳᠠᠪᠤᠷᠢᠵᠢᠭᠤᠯᠬᠤ᠎ᠪᠠᠷ ᠠᠵᠠ ᠲᠣᠬᠢᠶᠠᠯ ᠪᠣᠯᠭᠠᠵᠤ᠂ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠡᠨᠧᠷᠭᠢ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋ ᠪᠣᠯᠣᠨ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢᠨ ᠶᠡᠷᠦᠩᠬᠡᠢᠯᠡᠭᠰᠡᠨ ᠨᠡᠭᠡᠭᠡᠨ ᠬᠥᠭᠵᠢᠭᠦᠯᠦᠯᠲᠡ᠂ ᠵᠣᠬᠢᠴᠠᠩᠭᠤᠢ ᠬᠥᠭᠵᠢᠯᠲᠡ᠎ᠶᠢᠨ ᠬᠠᠮᠲᠤᠷᠠᠯᠴᠠᠭᠠᠨ᠎ᠤ ᠰᠢᠨ᠎ᠡ ᠵᠠᠮ᠎ᠢ ᠬᠠᠮᠲᠤ᠎ᠪᠠᠷ ᠰᠦᠪᠡᠭᠴᠢᠯᠡᠶ᠎ᠡ᠃ ᠮᠣᠽᠠᠮᠪᠢᠺ᠎ᠤᠨ ᠳᠤᠮᠳᠠᠳᠤ ᠤᠯᠤᠰ᠎ᠤᠨ ᠰᠣᠶᠣᠯ᠎ᠤᠨ ᠲᠥᠪ᠎ᠦᠨ ᠪᠠᠢᠭᠤᠯᠤᠯᠲᠠ᠎ᠶᠢ ᠲᠦᠷᠭᠡᠳᠬᠡᠵᠦ᠂ ᠬᠣᠶᠠᠷ ᠤᠯᠤᠰ᠎ᠤᠨ ᠰᠣᠶᠣᠯ ᠢᠷᠭᠡᠨᠰᠢᠯ᠎ᠦᠨ ᠰᠣᠯᠢᠯᠴᠠᠭ᠎ᠠ ᠪᠣᠯᠣᠨ ᠠᠷᠠᠳ᠎ᠤᠨ ᠰᠡᠳᠬᠢᠯ᠎ᠦᠨ ᠨᠡᠪᠲᠡᠷᠡᠯᠴᠡᠭᠡ᠎ᠶᠢ ᠨᠡᠮᠡᠭᠳᠡᠭᠦᠯᠦᠶ᠎ᠡ᠃ ᠳᠤᠮᠳᠠᠳᠤ᠎ᠶᠢᠨ ᠲᠠᠯ᠎ᠠ᠎ᠶᠢᠨ ᠬᠢᠨ ᠳᠤᠷᠠᠲᠠᠶ᠎ᠠ ᠮᠣᠽᠠᠮᠪᠢᠺ᠎ᠤᠨ ᠲᠠᠯ᠎ᠠ᠎ᠶᠢᠨ ᠬᠢᠨ᠎ᠲᠠᠢ ᠬᠠᠮᠲᠤ᠎ᠪᠠᠷ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠠᠨᠠᠭᠠᠴᠢᠯᠠᠭ᠎ᠠ᠎ᠶᠢ ᠨᠠᠢᠳᠠᠪᠤᠷᠢᠵᠢᠭᠤᠯᠵᠤ᠂ ᠭᠠᠭᠴᠠ ᠲᠠᠯᠠᠲᠦ ᠦᠵᠡᠯ ᠪᠣᠯᠣᠨ ᠡᠵᠡᠷᠬᠡᠬᠦ ᠦᠵᠡᠯ᠎ᠢ ᠡᠰᠡᠷᠭᠦᠴᠡᠵᠦ᠂ ᠬᠣᠶᠠᠷ ᠤᠯᠤᠰ ᠪᠣᠯᠣᠨ ᠪᠦᠬᠦ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ᠎ᠤᠳ᠎ᠤᠨ ᠬᠠᠮᠲᠤ᠎ᠶᠢᠨ ᠠᠰᠢᠭ᠋ ᠲᠤᠰᠠ᠎ᠶᠢ ᠬᠠᠮᠠᠭᠠᠯᠠᠶ᠎ᠡ ᠭᠡᠵᠦ ᠴᠢᠬᠤᠯᠠᠴᠢᠯᠠᠪᠠ᠃
ᠯᠸᠸᠢ᠂ ᠲᠡᠷᠢᠭᠦᠯᠡᠭᠴᠢ ᠰᠢ ᠵᠢᠨ ᠫᠢᠩ᠎ᠤᠨ ᠳᠡᠯᠡᠬᠡᠢ᠎ᠶᠢᠨ ᠡᠮᠡᠭᠲᠡᠢᠴᠦᠳ᠎ᠦᠨ ᠲᠦᠷᠦᠭᠦᠴᠦᠳ᠎ᠦᠨ ᠬᠤᠷᠠᠯ ᠳᠡᠭᠡᠷᠡᠬᠢ ᠶᠠᠷᠢᠶ᠎ᠠ ᠠᠯᠤᠰ ᠬᠡᠳᠦ᠎ᠶᠢᠨ ᠨᠥᠯᠥᠭᠡ᠎ᠲᠠᠢ ᠪᠥᠭᠡᠳ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠂ ᠮᠣᠽᠠᠮᠪᠢᠺ᠎ᠤᠨ ᠲᠠᠯ᠎ᠠ᠎ᠶᠢᠨ ᠬᠢᠨ ᠳᠤᠷᠠᠲᠠᠶ᠎ᠠ ᠳᠤᠮᠳᠠᠳᠤ᠎ᠶᠢᠨ ᠲᠠᠯ᠎ᠠ᠎ᠶᠢᠨ ᠬᠢᠨ ᠲᠠᠢ ᠬᠠᠮᠲᠤ᠎ᠪᠠᠷ ᠲᠦᠷᠦᠭᠦᠴᠦᠳ᠎ᠦᠨ ᠬᠤᠷᠠᠯ᠎ᠤᠨ ᠦᠷ᠎ᠡ ᠪᠦᠲᠦᠭᠡᠯ᠎ᠢ ᠨᠠᠢᠳᠠᠪᠤᠷᠢᠵᠢᠭᠤᠯᠵᠤ᠂ ᠳᠡᠯᠡᠬᠡᠢ᠎ᠶᠢᠨ ᠡᠮᠡᠭᠲᠡᠢᠴᠦᠳ᠎ᠦᠨ ᠦᠢᠯᠡᠰ᠎ᠦᠨ ᠬᠥᠭᠵᠢᠯᠲᠡ᠎ᠶᠢ ᠠᠬᠢᠭᠤᠯᠤᠨ᠎ᠠ᠃ ᠳᠤᠮᠳᠠᠳᠤ ᠤᠯᠤᠰ ᠪᠣᠯ ᠮᠣᠽᠠᠮᠪᠢᠺ᠎ᠤᠨ ᠢᠲᠡᠭᠡᠯ ᠲᠡᠢ ᠰᠠᠢᠨ ᠬᠠᠨᠢᠲᠠᠨ ᠮᠥᠨ᠂ ᠬᠠᠷᠢᠯᠴᠠᠭ᠎ᠠ ᠪᠠᠢᠭᠤᠯᠤᠭᠰᠠᠨ 50 ᠵᠢᠯ᠎ᠦᠨ ᠲᠤᠷᠰᠢ᠂ ᠬᠣᠶᠠᠷ ᠤᠯᠤᠰ ᠢᠮᠠᠭᠲᠠ ᠬᠠᠷᠢᠯᠴᠠᠨ ᠳᠡᠮᠵᠢᠵᠦ᠂ ᠨᠢᠭ᠍ᠲᠠ ᠬᠠᠮᠲᠤᠷᠠᠯᠴᠠᠭᠰᠠᠭᠠᠷ ᠢᠷᠡᠪᠡ᠃ ᠮᠣᠽᠠᠮᠪᠢᠺ᠎ᠤᠨ ᠲᠠᠯ᠎ᠠ᠎ᠶᠢᠨ ᠬᠢᠨ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠡᠷᠡᠰ ᠪᠠᠷᠢᠮᠲᠠᠯᠠᠵᠤ᠂ ᠳᠤᠷᠠᠲᠠᠶ᠎ᠠ ᠳᠤᠮᠳᠠᠳᠤ ᠤᠯᠤᠰ᠎ᠤᠨ ᠬᠥᠭᠵᠢᠯᠲᠡ᠎ᠶᠢᠨ ᠲᠤᠷᠰᠢᠯᠭ᠎ᠠ᠎ᠶᠢ ᠰᠤᠷᠤᠯᠴᠠᠨ ᠲᠣᠯᠢᠳᠠᠵᠤ᠂ ᠳᠤᠮᠳᠠᠳᠤ ᠤᠯᠤᠰ ᠯᠤᠭ᠎ᠠ᠎ᠶᠢᠨ ᠠᠵᠤ ᠠᠬᠤᠢ ᠠᠷᠠᠯᠵᠢᠶ᠎ᠠ᠂ ᠡᠨᠧᠷᠭᠢ᠂ ᠠᠭᠤᠷᠬᠠᠢ᠎ᠶᠢᠨ ᠦᠢᠯᠡᠰ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠰᠤᠷᠭᠠᠨ ᠬᠥᠮᠦᠵᠢᠯ ᠵᠡᠷᠭᠡ ᠬᠦᠷᠢᠶᠡᠨ᠎ᠦ ᠬᠠᠮᠲᠤᠷᠠᠯᠴᠠᠭ᠎ᠠ᠎ᠪᠠᠨ ᠨᠢᠭ᠍ᠲᠠᠷᠠᠭᠤᠯᠵᠤ᠂ ᠲᠤᠰ ᠪᠡᠶ᠎ᠡ᠎ᠶᠢᠨ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠬᠦᠴᠦᠨ ᠨᠡᠮᠡᠷᠢᠯᠡᠵᠦ᠂ ᠠᠷᠠᠳ ᠲᠦᠮᠡᠨ᠎ᠳᠦ ᠨᠡᠩ ᠰᠠᠢᠨ ᠪᠤᠶᠠᠨ ᠦᠢᠯᠡᠳᠦᠨ᠎ᠡ᠃ ᠮᠣᠽᠠᠮᠪᠢᠺ᠎ᠤᠨ ᠲᠠᠯ᠎ᠠ᠎ᠶᠢᠨ ᠬᠢᠨ ᠳᠤᠮᠳᠠᠳᠤ᠎ᠶᠢᠨ ᠲᠠᠯ᠎ᠠ᠎ᠶᠢᠨ ᠳᠤᠷᠠᠳᠤᠭᠰᠠᠨ ᠪᠦᠬᠦ ᠪᠥᠮᠪᠥᠷᠴᠡᠭ᠎ᠦᠨ ᠳᠦᠷᠪᠡᠨ ᠶᠡᠬᠡ ᠰᠠᠨᠠᠭᠠᠴᠢᠯᠠᠭ᠎ᠠ᠎ᠶᠢ ᠳᠡᠮᠵᠢᠵᠦ᠂ ᠳᠤᠮᠳᠠᠳᠤ ᠤᠯᠤᠰ᠎ᠤᠨ ᠲᠤᠰ ᠪᠡᠶ᠎ᠡ᠎ᠶᠢᠨ ᠬᠥᠭᠵᠢᠯᠲᠡ᠎ᠪᠡᠷ᠎ᠢᠶᠡᠨ ᠳᠡᠯᠡᠬᠡᠢ᠎ᠶᠢᠨ ᠬᠥᠭᠵᠢᠯ ᠴᠡᠴᠡᠭᠯᠡᠯ ᠲᠣᠭᠲᠠᠭᠤᠨ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ᠎ᠢ ᠮᠠᠭᠲᠠᠨ ᠰᠠᠢᠰᠢᠶᠠᠵᠤ᠂ ᠳᠤᠷᠠᠲᠠᠶ᠎ᠠ ᠳᠤᠮᠳᠠᠳᠤ᠎ᠶᠢᠨ ᠲᠠᠯ᠎ᠠ᠎ᠶᠢᠨ ᠬᠢᠨ᠎ᠲᠠᠢ ᠤᠯᠠᠨ ᠲᠠᠯ᠎ᠠ᠎ᠶᠢᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠢᠰᠲ᠋ᠸᠮ᠎ᠢ ᠪᠠᠶ᠋ᠢᠭᠤᠯᠬᠤ᠎ᠶᠢ ᠠᠬᠢᠭᠤᠯᠤᠨ᠎ᠠ ᠭᠡᠵᠦ ᠢᠯᠡᠳᠬᠡᠪᠡ᠃
ᠸᠠᠩ ᠢ ᠠᠭᠤᠯᠵᠠᠯᠲᠠ᠎ᠳᠤ ᠣᠷᠣᠯᠴᠠᠵᠠᠢ᠃
ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 10 ᠰᠠᠷ᠎ᠠ᠎ᠶ᠋ᠢᠨ 14 ᠤ ᠴᠠᠬᠢᠯᠭᠠᠨ ᠮᠡᠳᠡᠭᠡ (ᠰᠤᠷᠪᠤᠯᠵᠢᠯᠠᠭ᠍ᠴᠢ ᠼᠤᠤ ᠵᠢᠶᠠ ᠶᠤᠸᠠᠢ ᠹᠸᠩ ᠱᠢᠨ ᠷᠠᠨ) 10 ᠰᠠᠷ᠎ᠠ᠎ᠶ᠋ᠢᠨ 14 ᠤ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠡᠯᠡᠬᠡᠢ᠎ᠶᠢᠨ ᠡᠮᠡᠭ᠌ᠲᠡᠢᠴᠦᠳ᠎ᠦᠨ ᠲᠦᠷᠦᠭᠦᠴᠦᠳ᠎ᠦᠨ ᠬᠤᠷᠠᠯ᠎ᠳᠤ ᠣᠷᠣᠯᠴᠠᠬᠤ᠎ᠪᠠᠷ ᠲᠤᠮᠳᠠᠳᠤ ᠤᠯᠤᠰ᠎ᠲᠤ ᠢᠷᠡᠭ᠌ᠰᠡᠨ ᠰᠷᠢ ᠯᠠᠨᠺᠠ᠎ᠶᠢᠨ ᠶᠡᠷᠦᠩᠬᠡᠢ ᠰᠠᠢᠳ ᠠᠮᠠᠷᠠᠰᠦ᠋ᠷᠢᠶᠠ ᠲᠠᠢ ᠠᠭᠤᠯᠵᠠᠪᠠ᠃
ᠰᠢ ᠵᠢᠨ ᠫᠢᠩ᠂ ᠳᠤᠮᠳᠠᠳᠤ ᠤᠯᠤᠰ ᠪᠣᠯᠤᠨ ᠰᠷᠢ ᠯᠠᠨᠺᠠ᠎ᠶᠢᠨ ᠤᠯᠠᠮᠵᠢᠯᠠᠯᠲᠤ ᠨᠥᠬᠥᠷᠯᠡᠯ ᠥᠨᠢ ᠤᠳᠠᠭᠠᠨ ᠲᠡᠦᠬᠡ᠎ᠲᠡᠶ ᠶᠤᠮ᠂ ᠬᠣᠶᠠᠷ ᠤᠯᠤᠰ ᠢᠮᠠᠭ᠍ᠲᠠ ᠨᠠᠢᠷᠠᠮᠳᠠᠯ᠎ᠢᠶᠠᠷ ᠵᠡᠷᠭᠡᠴᠡᠨ ᠣᠷᠣᠱᠢᠬᠤ ᠲᠠᠪᠤᠨ ᠵᠠᠷᠴᠢᠮ᠎ᠤᠨ ᠰᠠᠭᠤᠷᠢᠨ ᠳᠡᠭᠡᠷ᠎ᠡ ᠬᠣᠶᠠᠷ ᠲᠠᠯ᠎ᠠ᠎ᠶ᠋ᠢᠨ ᠬᠠᠷᠢᠯᠴᠠᠭ᠎ᠠ᠎ᠶ᠋ᠢ ᠬᠥᠭ᠌ᠵᠢᠭᠦᠯᠵᠦ᠍᠂ ᠠᠳᠠᠯᠢ ᠪᠤᠰᠤ ᠤᠯᠤᠰ᠎ᠤᠨ ᠬᠣᠭᠣᠷᠣᠨᠳᠣᠬᠢ ᠨᠥᠬᠥᠷᠰᠡᠭ ᠶᠠᠪᠤᠯᠴᠠᠭ᠎ᠠ᠂ ᠬᠠᠷᠢᠯᠴᠠᠨ ᠠᠱᠢᠭ᠍ᠲᠠᠢ ᠬᠠᠮᠲᠤᠷᠠᠯᠴᠠᠭᠠᠨ᠎ᠤ ᠬᠡᠪ ᠳᠠᠭᠤᠷᠢᠶᠠᠯ᠎ᠢ ᠪᠤᠢ ᠪᠣᠯᠭᠠᠪᠠ᠃ ᠳᠤᠮᠳᠠᠳᠤ ᠰᠷᠢ ᠯᠠᠨᠺᠠ ᠬᠣᠶᠠᠷ ᠤᠯᠤᠰ ᠪᠣᠯ ᠬᠥᠭ᠌ᠵᠢᠨ ᠮᠠᠨᠳᠤᠬᠤ ᠵᠠᠮ᠎ᠤᠨ ᠬᠠᠨᠢ᠂ ᠬᠠᠮᠲᠤᠷᠠᠯᠴᠠᠭ᠎ᠠ ᠬᠢᠵᠦ᠍ ᠬᠠᠮᠲᠤ᠎ᠪᠠᠷ ᠠᠱᠢᠭ ᠬᠦᠷᠳᠡᠬᠦ᠌ ᠰᠠᠢ᠌ᠨ ᠬᠠᠨᠢᠲᠠᠨ ᠮᠥᠨ᠃ ᠳᠤᠮᠳᠠᠳᠤ ᠤᠯᠤᠰ ᠢᠮᠠᠭ᠍ᠲᠠ ᠰᠷᠢ ᠯᠠᠨᠺᠠ᠎ᠶᠢ ᠬᠦᠷᠰᠢ ᠵᠡᠷᠭᠡᠯᠡᠳᠡᠭᠡ᠎ᠶᠢᠨ ᠭᠠᠳᠠᠭᠠᠳᠤ ᠬᠠᠷᠢᠯᠴᠠᠭᠠᠨ᠎ᠤ ᠴᠢᠬᠤᠯᠠ ᠴᠢᠭ᠌ᠯᠡᠯ᠎ᠢᠶᠡᠷ ᠦᠵᠡᠵᠦ᠍᠂ ᠳᠤᠷᠠᠲᠠᠶ᠎ᠠ ᠰᠷᠢ ᠯᠠᠨᠺᠠ᠎ᠶᠢᠨ ᠬᠢᠨ᠎ᠲᠡᠶ ᠬᠠᠮᠲᠤ᠎ᠪᠠᠷ ᠴᠢᠷᠮᠠᠢᠨ ᠤᠯᠠᠮᠵᠢᠯᠠᠯᠲᠤ ᠨᠥᠬᠥᠷᠯᠡᠯ᠎ᠢᠶᠡᠨ ᠦᠷᠭᠦᠯᠵᠢᠯᠡᠭᠦᠯᠵᠦ᠍᠂ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ᠎ᠪᠠᠨ ᠥᠷᠭᠡᠳᠭᠡᠵᠦ᠍᠂ ᠳᠤᠮᠳᠠᠳᠤ ᠰᠷᠢ ᠯᠠᠨᠺᠠ᠎ᠶᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠬᠠᠮᠲᠤ᠎ᠪᠠᠷ ᠪᠠᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠨ ᠪᠤᠶᠠᠨ ᠦᠢᠯᠡᠳᠦᠨ᠎ᠡ ᠭᠡᠵᠦ᠍ ᠵᠢᠭᠠᠵᠤ ᠭᠠᠷᠭᠠᠪᠠ᠃
ᠰᠢ ᠵᠢᠨ ᠫᠢᠩ᠂ ᠳᠤᠮᠳᠠᠳᠤ ᠤᠯᠤᠰ ᠰᠷᠢ ᠯᠠᠨᠺᠠ᠎ᠶᠢᠨ ᠬᠢᠨ᠎ᠦ ᠤᠯᠤᠰ᠎ᠤᠨ ᠡᠷᠬᠡ ᠮᠡᠳᠡᠯ᠂ ᠲᠤᠰᠠᠭᠠᠷ ᠲᠣᠭ᠍ᠲᠠᠨᠢᠯ᠂ ᠨᠤᠲᠤᠭ ᠳᠡᠪᠢᠰᠭᠡᠷ᠎ᠦᠨ ᠪᠦᠷᠢᠨ ᠪᠦᠲᠦᠨ᠎ᠢᠶᠡᠨ ᠬᠠᠮᠠᠭᠠᠯᠠᠵᠤ᠂ ᠲᠤᠰ ᠤᠯᠤᠰ᠎ᠤᠨ᠎ᠢᠶᠠᠨ ᠪᠠᠢᠳᠠᠯ᠎ᠳᠤ ᠨᠡᠢᠴᠡᠭ᠌ᠰᠡᠨ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠵᠤ᠂ ᠠᠵᠤ ᠠᠬᠤᠢ᠎ᠶ᠋ᠢᠨ ᠬᠥᠭ᠌ᠵᠢᠯᠲᠡ᠎ᠳᠡᠭᠡᠨ ᠠᠩᠬᠠᠷᠤᠯ᠎ᠢᠶᠠᠨ ᠲᠥᠪᠯᠡᠷᠡᠭᠦᠯᠵᠦ᠍᠂ ᠤᠯᠤᠰ᠎ᠤᠨ ᠪᠠᠶᠠᠨ ᠬᠦᠴᠦᠷᠬᠡᠭ᠎ᠢᠶᠡᠨ ᠪᠡᠶᠡᠯᠡᠭᠦᠯᠬᠦ᠌᠎ᠶ᠋ᠢ ᠳᠡᠮᠵᠢᠨ᠎ᠠ᠃ ᠳᠤᠮᠳᠠᠳᠤ ᠤᠯᠤᠰ ᠳᠤᠷᠠᠲᠠᠶ᠎ᠠ ᠰᠷᠢ ᠯᠠᠨᠺᠠ ᠯᠤᠭ᠎ᠠ 《ᠨᠢᠭᠡ ᠪᠦᠰᠡ ᠨᠢᠭᠡ ᠵᠠᠮ》᠎ᠢ ᠴᠢᠨᠠᠷ ᠰᠠᠢᠲᠠᠢ ᠬᠠᠮᠲᠤ᠎ᠪᠠᠷ ᠪᠦᠳᠦᠭᠡᠨ ᠪᠠᠢᠭᠤᠯᠵᠤ᠂ ᠭᠠᠷᠠᠮ᠎ᠤᠨ ᠠᠵᠤ ᠠᠬᠤᠢ᠂ ᠤᠳᠤ ᠦᠶ᠎ᠡ᠎ᠶ᠋ᠢᠨ ᠬᠥᠳᠡᠭᠡ ᠠᠵᠤ ᠠᠬᠤᠢ᠂ ᠲᠣᠭᠠᠴᠢᠯᠠᠭ᠍ᠰᠠᠨ ᠠᠵᠤ ᠠᠬᠤᠢ᠂ ᠪᠣᠬᠢᠷᠲᠤᠯ ᠦᠭᠡᠢ ᠠᠵᠤ ᠠᠬᠤᠢ᠂ ᠵᠢᠭᠤᠯᠴᠢᠯᠠᠯ ᠵᠡᠷᠭᠡ ᠲᠠᠯ᠎ᠠ᠎ᠶ᠋ᠢᠨ ᠬᠠᠮᠲᠤᠷᠠᠯᠴᠠᠭ᠎ᠠ᠎ᠶ᠋ᠢ ᠬᠠᠮᠲᠤ᠎ᠪᠠᠷ ᠥᠷᠭᠡᠳᠭᠡᠵᠦ᠍᠂ ᠰᠷᠢ ᠯᠠᠨᠺᠠ᠎ᠶᠢᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠬᠦᠴᠦᠨ ᠨᠡᠮᠡᠷᠢᠯᠡᠨ᠎ᠡ᠃ ᠬᠣᠶᠠᠷ ᠲᠠᠯ᠎ᠠ᠎ᠪᠠᠷ᠎ᠢᠶᠠᠨ ᠬᠠᠤᠯᠢ ᠬᠡᠷᠡᠭ᠌ᠵᠢᠭᠦᠯᠬᠦ᠌ ᠠᠮᠤᠷ ᠲᠦᠪᠱᠢᠨ᠎ᠦ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠬᠢᠯᠢ ᠠᠯᠤᠰᠯᠠᠨ ᠵᠣᠭᠣᠰ ᠨᠠᠭᠠᠳᠭᠤ ᠪᠠ ᠮᠡᠬᠡᠯᠡᠬᠦ᠌ ᠵᠡᠷᠭᠡ ᠶᠠᠯᠠᠲᠤ ᠠᠵᠢᠯᠯᠠᠭ᠎ᠠ᠎ᠳᠤ ᠡᠷᠡᠰ ᠴᠣᠬᠢᠯᠲᠠ ᠥᠭ᠌ᠬᠦᠶᠡ᠃ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠵᠡᠷᠭᠡ ᠤᠯᠠᠨ ᠲᠠᠯᠠᠲᠤ ᠪᠣᠷᠣ ᠲᠥᠯᠥᠪ᠎ᠦᠨ ᠳᠣᠲᠣᠷᠠᠬᠢ ᠵᠣᠬᠢᠴᠠᠭᠤᠯᠭ᠎ᠠ ᠪᠠ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠡᠷᠬᠡ ᠲᠡᠭ᠌ᠰᠢ ᠡᠮᠬᠢ ᠵᠢᠷᠤᠮ ᠲᠠᠢ ᠳᠡᠯᠡᠬᠡᠢ᠎ᠶ᠋ᠢᠨ ᠤᠯᠠᠨ ᠲᠤᠢᠯᠵᠢᠯᠳᠡ᠂ ᠲᠦᠭᠡᠮᠡᠯ ᠬᠠᠷᠠᠭᠠᠯᠵᠠᠯᠲᠤ ᠪᠠᠭ᠍ᠲᠠᠭᠠᠮᠵᠢᠲᠠᠢ ᠠᠵᠤ ᠠᠬᠤᠢ᠎ᠶ᠋ᠢᠨ ᠳᠡᠯᠡᠬᠡᠢᠵᠢᠯᠲᠡ᠎ᠶ᠋ᠢ ᠠᠬᠢᠭᠤᠯᠵᠤ᠂ ᠪᠦᠬᠦ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ᠎ᠤᠨ ᠬᠠᠮᠲᠤ᠎ᠶ᠋ᠢᠨ ᠠᠱᠢᠭ ᠲᠤᠰᠠ᠎ᠶ᠋ᠢ ᠡᠷᠡᠰ ᠬᠠᠮᠠᠭᠠᠯᠠᠶ᠎ᠠ ᠭᠡᠵᠦ ᠴᠢᠬᠤᠯᠠᠴᠢᠯᠠᠪᠠ᠃
ᠠᠮᠠᠷᠠᠰᠦ᠋ᠷᠢᠶᠠ ᠶᠡᠷᠦᠩᠬᠡᠢᠯᠡᠭ᠌ᠴᠢ ᠳ᠋ᠢᠰᠠᠨᠠᠶᠠᠺ᠎ᠤᠨ ᠲᠡᠷᠢᠭᠦᠯᠡᠭ᠌ᠴᠢ ᠰᠢ ᠵᠢᠨ ᠫᠢᠩ᠎ᠳᠦ ᠴᠢᠩ ᠰᠡᠳᠭᠢᠯ᠎ᠦᠨ ᠮᠡᠨᠳᠦᠴᠢᠯᠡᠯ ᠬᠦᠷᠭᠡᠵᠦ᠍ ᠪᠠᠢᠬᠤ᠎ᠶ᠋ᠢ ᠳᠠᠮᠵᠢᠭᠤᠯᠵᠤ᠂ ᠲᠡᠷᠢᠭᠦᠯᠡᠭ᠌ᠴᠢ ᠰᠢ ᠵᠢᠨ ᠫᠢᠩ᠎ᠦᠨ ᠳᠡᠯᠡᠬᠡᠢ᠎ᠶᠢᠨ ᠡᠮᠡᠭ᠌ᠲᠡᠢᠴᠦᠳ᠎ᠦᠨ ᠲᠦᠷᠦᠭᠦᠴᠦᠳ᠎ᠦᠨ ᠬᠤᠷᠠᠯ ᠳᠡᠭᠡᠷᠡᠬᠢ ᠶᠠᠷᠢᠶ᠎ᠠ ᠨᠢ ᠠᠯᠤᠰ ᠬᠡᠳᠦ᠍᠎ᠶ᠋ᠢᠨ ᠠᠴᠢ ᠬᠣᠯᠪᠣᠭ᠍ᠳᠠᠯ ᠲᠠᠢ ᠪᠠᠢᠵᠤ᠂ ᠳᠡᠯᠡᠬᠡᠢ᠎ᠶ᠋ᠢᠨ ᠡᠮᠡᠭ᠌ᠲᠡᠢᠴᠦᠳ᠎ᠦᠨ ᠦᠢᠯᠡᠰ᠎ᠢ ᠠᠬᠢᠭᠤᠯᠬᠤ᠎ᠳᠤ ᠳᠤᠮᠳᠠᠳᠤ ᠤᠯᠤᠰ᠎ᠤᠨ ᠦᠵᠡᠭᠦᠯᠦᠭᠰᠡᠨ ᠴᠢᠬᠤᠯᠠ ᠤᠳᠤᠷᠢᠳᠭᠤ ᠦᠢᠯᠡᠳᠦᠯ᠎ᠢ ᠬᠠᠷᠠᠭᠤᠯᠪᠠ᠃ ᠰᠷᠢ ᠯᠠᠨᠺᠠ᠎ᠶᠢᠨ ᠬᠢᠨ ᠳᠤᠮᠳᠠᠳᠤ ᠤᠯᠤᠰ ᠯᠤᠭ᠎ᠠ᠎ᠶ᠋ᠢᠨ ᠬᠠᠷᠢᠯᠴᠠᠭ᠎ᠠ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠡᠷᠡᠰ ᠪᠠᠷᠢᠮᠲᠠᠯᠠᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠴᠢᠨᠠᠷ ᠰᠠᠢᠲᠠᠢ ᠪᠦᠳᠦᠭᠡᠨ ᠪᠠᠢᠭᠤᠯᠬᠤ᠎ᠶ᠋ᠢ ᠢᠳᠡᠪᠬᠢᠲᠡᠢ ᠲᠡᠮᠵᠢᠬᠦ ᠪᠦᠭᠡᠳ ᠣᠷᠣᠯᠴᠠᠨ᠎ᠠ᠃ ᠳᠤᠮᠳᠠᠳᠤ᠎ᠶ᠋ᠢᠨ ᠬᠢᠨ᠎ᠤ ᠰᠷᠢ ᠯᠠᠨᠺᠠ᠎ᠶᠢᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠬᠠᠩᠭᠠᠭ᠍ᠰᠠᠨ ᠡᠷᠬᠢᠮ ᠨᠠᠨᠳᠢᠨ ᠳᠡᠮᠵᠢᠯᠭᠡ᠎ᠳᠦ ᠲᠠᠯᠠᠷᠬᠠᠵᠤ ᠪᠠᠢᠨ᠎ᠠ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠲᠤᠷᠱᠢᠯᠭ᠎ᠠ᠎ᠶ᠋ᠢ ᠰᠤᠷᠤᠯᠴᠠᠨ ᠲᠤᠯᠢ ᠪᠤᠯᠭᠠᠵᠤ᠂ ᠳᠤᠮᠳᠠᠳᠤ ᠤᠯᠤᠰ ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠤᠯᠠᠮ ᠨᠢᠭ᠍ᠲᠠᠷᠠᠭᠤᠯᠵᠤ᠂ ᠲᠤᠰ ᠪᠡᠶ᠎ᠡ᠎ᠶ᠋ᠢᠨ ᠱᠢᠨ᠎ᠡ ᠬᠥᠭ᠌ᠵᠢᠯᠲᠡ᠎ᠪᠡᠨ ᠪᠡᠶᠡᠯᠡᠭᠦᠯᠬᠦ᠌᠎ᠶ᠋ᠢ ᠬᠦᠰᠡᠵᠦ᠍ ᠪᠠᠢᠨ᠎ᠠ᠃ ᠲᠡᠷᠢᠭᠦᠯᠡᠭ᠌ᠴᠢ ᠰᠢ ᠵᠢᠨ ᠫᠢᠩ᠎ᠦᠨ ᠳᠤᠷᠠᠳᠤᠭ᠍ᠰᠠᠨ ᠳᠦᠷᠪᠡᠨ ᠶᠡᠬᠡ ᠪᠦᠬᠦ᠌ ᠪᠥᠮᠪᠥᠷᠴᠡᠭ᠎ᠦᠨ ᠰᠠᠨᠠᠭᠠᠴᠢᠯᠠᠭ᠎ᠠ ᠨᠢ ᠣᠳᠣᠬᠠᠨ᠎ᠤ ᠲᠣᠭ᠍ᠲᠠᠭᠤᠨ ᠪᠤᠰᠤ ᠳᠡᠯᠡᠬᠡᠢ᠎ᠶ᠋ᠢᠨ ᠪᠠᠢᠳᠠᠯ ᠳᠣᠣᠷ᠎ᠠ ᠴᠢᠬᠤᠯᠠ ᠠᠴᠢ ᠬᠣᠯᠪᠣᠭ᠍ᠳᠠᠯ ᠲᠠᠢ ᠶᠤᠮ᠂ ᠰᠷᠢ ᠯᠠᠨᠺᠠ᠎ᠶᠢᠨ ᠬᠢᠨ ᠳᠤᠮᠳᠠᠳᠤ᠎ᠶ᠋ᠢᠨ ᠬᠢᠨ ᠲᠠᠶ ᠬᠠᠮᠲᠤ᠎ᠪᠠᠷ ᠦᠢᠯᠡᠳᠦᠯᠭᠡᠵᠢᠭᠦᠯᠵᠦ᠍᠂ ᠪᠦᠬᠦ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ᠎ᠤᠨ ᠬᠠᠮᠲᠤ᠎ᠶ᠋ᠢᠨ ᠠᠱᠢᠭ ᠲᠤᠰᠠ᠎ᠶ᠋ᠢ ᠬᠠᠮᠠᠭᠠᠯᠠᠨ᠎ᠠ ᠭᠡᠵᠦ ᠢᠯᠡᠳᠬᠡᠪᠡ᠃
ᠸᠠᠩ ᠢ ᠠᠭᠤᠯᠵᠠᠯᠲᠠ᠎ᠳᠤ ᠣᠷᠣᠯᠴᠠᠵᠠᠢ᠃