ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ  -   ᠪᠠᠢ᠌ᠷᠢᠯᠠᠭᠤᠯᠤᠨ ᠲᠤᠭᠤᠰᠢᠯᠠᠭᠤᠯᠬᠤ
《ᠠᠷᠠᠳ᠎ᠤᠨ ᠡᠳᠦᠷ᠎ᠤᠨ ᠰᠣᠨᠢᠨ》᠎ᠤ ᠡᠷᠬᠡ ᠰᠦᠷᠲᠦ ᠰᠤᠷᠪᠤᠯᠵᠢᠯᠠᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠣ ᠴᠧᠩ᠎ᠢ ᠰᠤᠷᠪᠤᠯᠵᠢᠯᠠᠭᠰᠠᠨ᠎ᠨᠢ᠄ ᠡᠬᠡ ᠤᠯᠤᠰ᠎ᠤᠨ ᠤᠮᠠᠷᠠᠲᠤ ᠬᠢᠯᠢ ᠵᠢᠨ ᠡᠨᠡ ᠬᠦ᠌ ᠦᠵᠡᠮᠵᠢ ᠵᠢᠨ ᠣᠷᠣᠨ ᠵᠶ᠋ᠠᠨ ᠨᠠᠩ ᠦᠵᠡᠰᠬᠦᠯᠡᠩᠲᠦ ᠰᠠᠢ᠌ᠬᠠᠨ ᠪᠣᠯᠭ᠋ᠠᠨ ᠪᠦᠲᠦᠭᠡᠨ ᠪᠠᠢ᠌ᠭᠤᠯᠤᠶ᠎ᠠ
ᠨᠡᠶ᠋ᠢᠲᠡᠯᠡᠭᠰᠡᠨ ᠴᠠᠭ᠄ 2025-02-17

      1 ᠰᠠᠷ᠎ᠠ ᠵᠢᠨ 17᠎ᠤ ᠡᠳᠦᠷ᠂ 《ᠠᠷᠠᠳ᠎ᠤᠨ ᠡᠳᠦᠷ᠎ᠤᠨ ᠰᠣᠨᠢᠨ》᠎ᠤ 《ᠡᠷᠬᠡ ᠰᠦᠷᠲᠦ ᠰᠣᠷᠪᠤᠯᠵᠢᠯᠠᠭ᠎ᠠ · ᠬᠥᠭᠵᠢᠯᠲᠡ ᠵᠢ ᠡᠷᠢᠯᠬᠢᠯᠡᠬᠦ ᠰᠢᠨ᠎ᠡ ᠡᠬᠢᠯᠡᠯᠲᠡ ᠵᠢᠨ ᠬᠠᠭᠤᠳᠠᠰᠤ》 ᠲᠤᠰᠬᠠᠢ ᠪᠤᠯᠤᠩ᠎ᠳᠤ 《ᠡᠬᠡ ᠤᠯᠤᠰ᠎ᠤᠨ ᠤᠮᠠᠷᠠᠲᠤ ᠬᠢᠯᠢ ᠵᠢᠨ ᠡᠨᠡ ᠬᠦ᠌ ᠦᠵᠡᠮᠵᠢ ᠵᠢᠨ ᠣᠷᠣᠨ᠎ᠢ ᠨᠠᠩ ᠦᠵᠡᠰᠬᠦᠯᠡᠩᠲᠦ ᠰᠠᠢ᠌ᠬᠠᠨ ᠪᠣᠯᠭ᠋ᠠᠨ ᠪᠦᠲᠦᠭᠡᠨ ᠪᠠᠢ᠌ᠭᠤᠯᠤᠶ᠎ᠠ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠣ ᠴᠧᠩ᠎ᠢ ᠰᠤᠷᠪᠤᠯᠵᠢᠯᠠᠭᠰᠠᠨ᠎ᠨᠢ》 ᠭᠡᠬᠦ ᠲᠤᠰᠬᠠᠢ ᠪᠤᠯᠤᠩ᠎ᠢ ᠨᠡᠢ᠌ᠲᠡᠯᠡᠪᠡ᠃
      ᠪᠦᠬᠦ ᠠᠭᠤᠯᠭ᠎ᠠ᠎ᠨᠢ ᠳᠣᠣᠷᠠᠬᠢ ᠮᠡᠲᠦ᠄
      ᠡᠬᠡ ᠤᠯᠤᠰ᠎ᠤᠨ ᠤᠮᠠᠷᠠᠲᠤ ᠬᠢᠯᠢ ᠵᠢᠨ ᠡᠨᠡ ᠬᠦ᠌ ᠦᠵᠡᠮᠵᠢ ᠵᠢᠨ ᠣᠷᠣᠨ᠎ᠢ ᠨᠡᠩ ᠦᠵᠡᠰᠬᠦᠯᠡᠩᠲᠦ ᠰᠠᠢ᠌ᠬᠠᠨ ᠪᠣᠯᠭ᠋ᠠᠨ ᠪᠦᠲᠦᠭᠡᠨ ᠪᠠᠢ᠌ᠭᠤᠯᠤᠶ᠎ᠠ
      — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠣ ᠴᠧᠩ᠎ᠢ ᠰᠤᠷᠪᠤᠯᠵᠢᠯᠠᠭᠰᠠᠨ᠎ᠨᠢ
      ᠥᠪᠥᠷ ᠮᠣᠩᠭᠣᠯ ᠴᠢᠨᠠᠷ ᠰᠠᠢ᠌ᠲᠠᠢ ᠬᠥᠭᠵᠢᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠠᠵᠢᠯ᠎ᠤᠨ ᠭᠣᠣᠯ ᠱᠤᠭᠤᠮ᠎ᠢ ᠪᠠᠲᠤ ᠪᠡᠬᠢ ᠪᠤᠢ ᠪᠣᠯᠭ᠋ᠠᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠪᠠᠢ᠌ᠭᠤᠯᠵᠤ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠠᠵᠤ ᠠᠬᠤᠢ ᠵᠢᠨ ᠬᠥᠭᠵᠢᠯᠲᠡ᠎ᠳᠤ ᠪᠠᠶᠠᠷᠯᠠᠭᠤᠰᠢᠲᠠᠢ ᠦᠷ᠎ᠡ ᠪᠦᠲᠦᠭᠡᠯ ᠣᠯᠵᠠᠢ᠃ ᠥᠪᠥᠷ ᠮᠣᠩᠭᠣᠯ ᠰᠢᠨ᠎ᠡ ᠨᠢᠭᠡ ᠵᠢᠯ᠎ᠳᠤ ᠠᠵᠢᠯ ᠵᠶ᠋ᠠᠨ ᠬᠡᠷᠬᠢᠨ ᠰᠠᠶ᠋ᠢᠲᠤᠷ ᠬᠢᠵᠦ᠂ ᠡᠬᠡ ᠤᠯᠤᠰ᠎ᠤᠨ ᠤᠮᠠᠷᠠᠲᠤ ᠬᠢᠯᠢ ᠵᠢᠨ ᠡᠨᠡ ᠬᠦ᠌ ᠦᠵᠡᠮᠵᠢ ᠵᠢᠨ ᠣᠷᠣᠨ ᠵᠶ᠋ᠠᠨ ᠨᠡᠩ ᠦᠵᠡᠰᠬᠦᠯᠡᠩᠲᠦ ᠰᠠᠢ᠌ᠬᠠᠨ ᠪᠣᠯᠭ᠋ᠠᠨ ᠪᠦᠲᠦᠭᠡᠨ ᠪᠠᠢ᠌ᠭᠤᠯᠬᠤ ᠪᠤᠢ? ᠰᠤᠷᠪᠤᠯᠵᠢᠯᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠣ ᠴᠧᠩ᠎ᠢ ᠰᠤᠷᠪᠤᠯᠵᠢᠯᠠᠪᠠ᠃
      ᠴᠢᠨᠠᠷ ᠰᠠᠢ᠌ᠲᠠᠢ ᠬᠥᠭᠵᠢᠯᠲᠡ ᠵᠢᠨ ᠰᠠᠶ᠋ᠢᠨ ᠣᠷᠴᠢᠯ᠎ᠳᠤ ᠲᠦᠷᠭᠡᠨ ᠲᠠᠪᠰᠢᠨ ᠣᠷᠣᠬᠤ ᠬᠡᠷᠡᠭᠲᠡᠶ
      ᠰᠤᠷᠪᠤᠯᠵᠢᠯᠠᠭᠴᠢ᠄ ᠥᠪᠥᠷ ᠮᠣᠩᠭᠣᠯ᠎ᠤᠨ ᠬᠥᠭᠵᠢᠯᠲᠡ᠎ᠪᠠᠨ ᠲᠦᠷᠭᠡᠳᠬᠡᠬᠦ ᠬᠠᠨᠳᠤᠰᠢ ᠥᠷᠨᠢᠵᠦ᠂ ᠥᠪᠡᠷᠲᠡᠭᠡᠨ ᠵᠠᠰᠠᠬᠤ ᠣᠷᠣᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠶᠠᠮᠠᠷ ᠶᠠᠮᠠᠷ ᠴᠢᠬᠤᠯᠠ ᠶᠡᠬᠡ ᠠᠷᠭ᠎ᠠ ᠬᠡᠮᠵᠢᠶ᠎ᠡ ᠠᠪᠴᠤ᠂ ᠶᠠᠮᠠᠷ ᠶᠠᠮᠠᠷ ᠲᠣᠪᠣᠢ᠌ᠮ᠎ᠠ ᠦᠷ᠎ᠡ ᠪᠦᠲᠦᠮᠵᠢ ᠣᠯᠣᠭᠰᠠᠨ ᠪᠤᠢ?
      ᠰᠦᠨ ᠱᠣᠣ ᠴᠧᠩ᠄ ᠶᠡᠷᠦᠩᠬᠡᠢ ᠱᠦᠵᠢ ᠰᠢ ᠵᠢᠨ ᠫᠢᠩ ᠴᠢᠬᠤᠯᠠᠴᠢᠯᠠᠬᠤ᠎ᠳᠠᠭᠠᠨ᠂ ᠴᠢᠨᠠᠷ ᠰᠠᠢ᠌ᠲᠠᠢ ᠬᠥᠭᠵᠢᠯᠲᠡ ᠪᠣᠯ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠦᠲᠦᠭᠡᠨ ᠪᠠᠢ᠌ᠭᠤᠯᠬᠤ ᠵᠢᠨ ᠲᠡᠷᠢᠭᠦᠨ ᠴᠢᠬᠤᠯᠠ ᠡᠭᠦᠷᠭᠡ ᠮᠥᠨ᠃ ᠪᠢᠳᠡ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠴᠢᠨᠠᠷ ᠰᠠᠢ᠌ᠲᠠᠢ ᠬᠥᠭᠵᠢᠯᠲᠡ ᠵᠢ ᠬᠢᠵᠠᠭ᠋ᠠᠷᠯᠠᠵᠤ ᠪᠠᠢ᠌ᠭ᠎ᠠ ᠲᠦᠭᠵᠢᠮᠡᠯ ᠴᠡᠭ ᠬᠦᠴᠢᠷ ᠠᠰᠠᠭᠤᠳᠠᠯ ᠪᠣᠯᠣᠨ ᠲᠣᠪᠣᠢ᠌ᠮ᠎ᠠ ᠳᠤᠲᠠᠭᠤᠳᠠᠯ᠎ᠢ ᠰᠢᠢ᠍ᠳᠪᠦᠷᠢᠯᠡᠬᠦ᠎ᠠᠴᠠ ᠭᠠᠷᠳᠠᠵᠤ᠂ ᠠᠵᠤ ᠠᠬᠤᠢ ᠵᠢᠨ ᠶᠠᠰᠤ ᠴᠢᠨᠠᠷ᠎ᠢ ᠪᠦᠲᠦᠮᠵᠢᠲᠡᠢ ᠳᠡᠭᠡᠭᠰᠢᠯᠡᠭᠦᠯᠬᠦ ᠪᠠ ᠲᠣᠭ᠎ᠠ ᠬᠡᠮᠵᠢᠶ᠎ᠡ ᠵᠢ ᠵᠣᠬᠢᠰᠲᠠᠢ ᠨᠡᠮᠡᠭᠳᠡᠭᠦᠯᠬᠦ ᠵᠢ ᠠᠬᠢᠭᠤᠯᠪᠠ᠃
      ᠨᠢᠭᠡ᠎ᠳᠤ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠪᠡ᠃ ᠶᠡᠷᠦᠩᠬᠡᠢ ᠱᠦᠵᠢ ᠰᠢ ᠵᠢᠨ ᠫᠢᠩ᠎ᠤᠨ 《ᠡᠬᠢ ᠪᠠᠶᠠᠯᠢᠭ᠎ᠤᠨ ᠬᠡᠯᠪᠡᠷᠢ ᠵᠢᠨ ᠭᠠᠵᠠᠷ ᠣᠷᠣᠨ᠎ᠤ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ᠎ᠢ ᠢᠳᠡᠪᠬᠢᠲᠡᠢ᠎ᠪᠠᠷ ᠬᠠᠢ᠌ᠨ ᠰᠦᠪᠡᠭᠴᠢᠯᠡᠬᠦ》 ᠴᠢᠬᠤᠯᠠ ᠱᠠᠭ᠋ᠠᠷᠳᠠᠯᠭ᠎ᠠ ᠶᠣᠰᠣᠭ᠋ᠠᠷ᠂ ᠪᠢᠳᠡ ᠤᠯᠠᠮᠵᠢᠯᠠᠯᠲᠤ ᠠᠵᠤ ᠦᠢ᠍ᠯᠡᠰ᠎ᠢ ᠲᠦᠷᠭᠡᠪᠴᠢᠯᠡᠨ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠨᠡᠭᠦᠷᠡᠰᠦ᠂ ᠰᠢᠨ᠎ᠡ ᠡᠨᠧᠷᠭᠢ ᠵᠢᠨ ᠰᠤᠷᠪᠤᠯᠵᠢ ᠵᠡᠷᠭᠡ ᠠᠵᠤ ᠦᠢ᠍ᠯᠡᠰ᠎ᠤᠨ ᠬᠥᠭᠵᠢᠯᠲᠡ ᠵᠢ ᠪᠦᠬᠦ ᠬᠡᠯᠬᠢᠶ᠎ᠡ᠎ᠪᠠᠷ ᠲᠦᠯᠬᠢᠨ ᠠᠬᠢᠭᠤᠯᠵᠤ᠂ ᠨᠡᠭᠦᠷᠡᠰᠦ ᠵᠢ ᠴᠠᠬᠢᠯᠭ᠋ᠠᠨ ᠪᠣᠯᠭ᠋ᠠᠵᠤ᠂ ᠲᠦᠯᠡᠰᠢ ᠵᠢ ᠲᠦᠭᠦᠬᠡᠢ ᠮᠠᠲ᠋ᠧᠷᠢᠶᠠᠯ ᠪᠣᠯᠭ᠋ᠠᠵᠤ᠂ ᠨᠣᠭᠣᠭ᠋ᠠᠨ ᠴᠠᠬᠢᠯᠭ᠋ᠠᠨ ᠭᠠᠷᠭ᠋ᠠᠬᠤ ᠵᠢ ᠨᠣᠭᠣᠭ᠋ᠠᠨ ᠤᠰᠤᠲᠥ᠋ᠷᠥᠭᠴᠢ ᠨᠣᠭᠣᠭ᠋ᠠᠨ ᠰᠢᠪᠲᠦᠷᠲᠦ ᠨᠣᠭᠣᠭ᠋ᠠᠨ ᠠᠯᠺᠤᠤᠯ ᠪᠣᠯᠭ᠋ᠠᠨ ᠤᠷᠲᠤᠳᠬᠠᠬᠤ᠎ᠪᠠᠷ ᠴᠢᠷᠮᠠᠢ᠌ᠪᠠ᠃ ᠨᠡᠭᠦᠷᠡᠰᠦ᠎ᠪᠠᠷ ᠲᠣᠰᠣ ᠦᠢ᠍ᠯᠡᠳᠬᠦ᠂ ᠨᠡᠭᠦᠷᠡᠰᠦ᠎ᠪᠠᠷ ᠰᠢᠲᠠᠮᠠᠬᠠᠢ ᠬᠡᠢ ᠦᠢ᠍ᠯᠡᠳᠬᠦ ᠭᠠᠷᠤᠯᠲᠠ ᠵᠢᠨ ᠬᠡᠮᠵᠢᠶ᠎ᠡ ᠲᠣᠭᠲᠠᠭᠤᠨ ᠵᠶ᠋ᠠᠷ ᠨᠡᠮᠡᠭᠳᠡᠵᠦ᠂ ᠰᠢᠨ᠎ᠡ ᠡᠨᠧᠷᠭᠢ ᠵᠢᠴᠢ ᠬᠠᠮᠢᠶ᠎ᠠ ᠪᠦᠬᠦᠢ ᠠᠵᠤ ᠦᠢ᠍ᠯᠡᠰ᠎ᠤᠨ ᠨᠡᠮᠡᠭᠳᠡᠯ ᠥᠷᠲᠡᠭ ᠬᠣᠶᠠᠷ ᠣᠷᠣᠨᠲᠤ ᠲᠣᠭ᠎ᠠ ᠵᠢᠨ ᠨᠡᠮᠡᠭᠳᠡᠯ᠎ᠢ ᠪᠠᠲᠤᠯᠠᠵᠤ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠢᠯᠴᠢ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ᠎ᠠᠴᠠ ᠳᠠᠪᠠᠵᠤ᠂ ᠨᠡᠭᠦᠷᠡᠰᠦᠨ᠎ᠤ ᠪᠤᠰᠤ ᠠᠵᠤ ᠦᠢ᠍ᠯᠡᠰ᠎ᠤᠨ ᠨᠡᠮᠡᠭᠳᠡᠯ᠎ᠤᠨ ᠬᠤᠷᠳᠤᠴᠠ ᠬᠣᠶᠠᠷ ᠵᠢᠯ ᠳᠠᠷᠠᠭ᠋ᠠᠯᠠᠨ ᠨᠡᠭᠦᠷᠡᠰᠦᠨ᠎ᠤ ᠠᠵᠤ ᠦᠢ᠍ᠯᠡᠰ᠎ᠤᠨ᠎ᠬᠢ᠎ᠠᠴᠠ ᠥᠨᠳᠥᠷ ᠪᠠᠢ᠌ᠵᠤ᠂ ᠬᠣᠪᠣᠷ ᠰᠢᠷᠣᠢ ᠵᠢᠨ ᠠᠵᠤ ᠦᠢ᠍ᠯᠡᠰ᠎ᠤᠨ ᠦᠢ᠍ᠯᠡᠳᠬᠦᠨ᠎ᠤ ᠥᠷᠲᠡᠭ 1000 ᠳ᠋ᠦᠩᠰᠢᠭᠤᠷ ᠲᠥᠭᠥᠷᠢᠭ᠎ᠢ ᠳᠠᠪᠠᠪᠠ᠃
      ᠬᠣᠶᠠᠷ᠎ᠲᠤ ᠬᠤᠳᠠᠯᠳᠤᠭ᠋ᠠᠨ᠎ᠤ ᠰᠤᠷᠲᠠᠯ ᠎ᠢ ᠲᠥᠪᠯᠡᠷᠡᠭᠦᠯᠦᠨ ᠬᠥᠮᠥᠨ᠎ᠤ ᠰᠡᠳᠬᠢᠯ᠎ᠢ ᠲᠠᠲᠠᠪᠠ᠃ ᠡᠬᠢ ᠪᠠᠶᠠᠯᠢᠭ᠎ᠤᠨ ᠳᠠᠪᠠᠭᠤᠯᠢᠭ ᠰᠠᠶ᠋ᠢᠨ ᠪᠣᠯᠪᠠᠴᠤ ᠵᠠᠬ᠎ᠠ ᠳᠡᠯᠭᠡᠭᠦᠷ᠎ᠤᠨ ᠡᠯᠧᠮᠧᠨ᠋ᠲ ᠬᠦᠷᠦᠯᠴᠡᠬᠦ ᠦᠭᠡᠢ ᠪᠠᠶ᠋ᠢᠬᠤ ᠪᠣᠳᠠᠲᠤ ᠪᠠᠶ᠋ᠢᠳᠠᠯ᠎ᠠᠴᠠ ᠡᠭᠦᠰᠴᠦ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠪᠠ ᠴᠢᠳᠠᠪᠤᠷᠢᠲᠠᠨ ᠡᠯᠰᠡᠵᠦ ᠣᠶᠤᠨ ᠤᠬᠠᠭ᠋ᠠᠨ ᠣᠷᠣᠭᠤᠯᠬᠤ ᠵᠢ ᠶᠡᠬᠡᠪᠡᠷ ᠠᠳᠬᠤᠵᠤ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠪᠠ ᠴᠢᠳᠠᠪᠤᠷᠢᠲᠠᠨ᠎ᠤ ᠬᠥᠭᠵᠢᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠵᠦ᠂ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠯᠲᠡ ᠵᠢᠨ ᠦᠢ᠍ᠯᠡᠴᠢᠯᠡᠭᠡᠨ᠎ᠤ ᠲᠣᠪᠴᠢᠶ᠎ᠠ ᠪᠠ ᠭᠣᠣᠯᠳᠠᠯᠭ᠎ᠠ᠎ᠲᠠᠢ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠨᠠᠮ᠎ᠤᠨ ᠬᠣᠷᠢᠶ᠎ᠠ ᠵᠢ ᠪᠠᠢ᠌ᠭᠤᠯᠤᠨ᠂ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ 《ᠪᠦᠰᠡᠯᠡᠯᠲᠡ ᠵᠢ ᠰᠢᠪᠲᠤᠯᠬᠤ》 ᠠᠵᠢᠯᠯᠠᠭ᠎ᠠ ᠵᠢ ᠥᠷᠨᠢᠭᠦᠯᠵᠦ᠂ ᠡᠳᠦᠢ ᠲᠡᠳᠦᠢ ᠲᠥᠷᠥ ᠵᠢᠨ ᠪᠣᠳᠣᠯᠭ᠎ᠠ ᠵᠢ ᠨᠡᠢ᠌ᠲᠡᠯᠡᠨ ᠬᠡᠷᠡᠭᠵᠢᠭᠦᠯᠵᠦ᠂ ᠠᠵᠢᠯ ᠲᠥᠷᠥᠯ᠎ᠤᠨ ᠳᠠᠭ᠋ᠠᠭᠤᠯᠤᠭᠴᠢ ᠠᠵᠤ ᠠᠬᠤᠢ᠌ᠯᠠᠯ᠂ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠢ ᠥᠪᠥᠷ ᠮᠣᠩᠭᠣᠯ᠎ᠳᠤ ᠲᠡᠳᠡᠨ ᠠᠪᠴᠢᠷᠠᠵᠤ ᠠᠵᠢᠯ ᠬᠢᠯᠭᠡᠵᠦ ᠦᠢ᠍ᠯᠡᠰ ᠪᠣᠰᠬᠠᠯᠭ᠋ᠠᠪᠠ᠃ ᠣᠢ᠌ᠷ᠎ᠠ ᠵᠢᠨ ᠬᠣᠶᠠᠷ ᠵᠢᠯ᠎ᠳᠤ 1 ᠲᠦᠮᠡᠨ ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠵᠢ ᠣᠷᠣᠭᠤᠯᠤᠨ ᠠᠪᠴᠢᠷᠠᠵᠤ᠂ 1431 ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ᠂ 2024 ᠣᠨ᠎ᠳᠤ ᠪᠥᠬᠥ ᠣᠷᠣᠨ᠎ᠤ ᠠᠷᠠᠳ᠎ᠤᠨ ᠡᠵᠡᠩᠨᠡᠯᠲᠡ ᠵᠢᠨ ᠡᠵᠡᠩᠨᠡᠯᠲᠡ ᠵᠢᠨ ᠭᠣᠣᠯ ᠴᠣᠭᠴᠠ 16.4 ᠲᠦᠮᠡᠨ ᠡᠷᠦᠬᠡ ᠴᠡᠪᠡᠷ ᠨᠡᠮᠡᠭᠳᠡᠨ᠂ 6.4%᠎ᠪᠠᠷ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠠᠵᠤ ᠠᠬᠤᠢ᠌ᠯᠠᠯ᠎ᠤᠨ ᠠᠰᠢᠭ ᠬᠣᠨᠵᠢᠪᠤᠷᠢ ᠵᠢᠨ ᠶᠡᠷᠦᠩᠬᠡᠢ ᠲᠣᠭ᠎ᠠ 9.3% ᠨᠡᠮᠡᠭᠳᠡᠵᠦ᠂ ᠠᠵᠤ ᠠᠬᠤᠢ᠌ᠯᠠᠯ᠎ᠤᠨ ᠢᠳᠡᠪᠬᠢᠵᠢᠯ᠎ᠤᠨ ᠬᠡᠮᠵᠢᠶ᠎ᠡ 70%᠎ᠠᠴᠠ ᠳᠡᠭᠡᠭᠰᠢ ᠪᠣᠯᠲᠠᠯ᠎ᠠ ᠳᠡᠭᠡᠭᠰᠢᠯᠡᠪᠡ᠃
      ᠭᠤᠷᠪᠠ᠎ᠳᠤ ᠡᠬᠢ ᠪᠠᠶᠠᠯᠢᠭ᠎ᠢ ᠠᠷᠪᠢᠲᠠᠢ ᠡᠷᠴᠢᠮᠯᠢᠭ ᠠᠰᠢᠭᠯᠠᠪᠠ᠃ ᠡᠯ᠎ᠡ ᠱᠠᠲᠤᠨ᠎ᠤ᠎ᠬᠢᠨ᠎ᠢ ᠬᠥᠲᠥᠯᠥᠨ ᠵᠢᠯᠤᠭᠣᠳᠴᠤ ᠪᠠᠶ᠋ᠢᠭ᠋ᠠᠳ 《ᠡᠬᠢ ᠪᠠᠶᠠᠯᠢᠭ ᠡᠯᠪᠡᠭ ᠪᠣᠯᠪᠠᠴᠤ ᠥᠴᠥᠬᠡᠨ ᠴᠦ᠍ ᠪᠦᠷᠢᠯᠭᠡᠨ ᠰᠦᠢ᠍ᠳᠬᠡᠵᠦ ᠪᠣᠯᠬᠤ ᠦᠭᠡᠢ》 ᠭᠡᠬᠦ ᠦᠵᠡᠯ ᠤᠬᠠᠮᠰᠠᠷ᠎ᠢ᠎ᠨᠢ ᠴᠢᠩᠭ᠋ᠠᠷᠠᠭᠤᠯᠵᠤ᠂ 《ᠲᠠᠪᠤᠨ ᠶᠡᠬᠡ ᠡᠬᠢᠯᠡᠯᠲᠡ》 ᠵᠢᠨ ᠠᠵᠢᠯᠯᠠᠭ᠎ᠠ ᠵᠢ ᠪᠠᠢ᠌ᠷᠢᠯᠠᠭᠤᠯᠤᠨ ᠥᠷᠨᠢᠭᠦᠯᠵᠦ᠂ ᠬᠤᠳᠠ ᠪᠠᠯᠭ᠋ᠠᠰᠤᠨ᠎ᠤ ᠨᠡᠭᠡᠭᠡᠨ ᠬᠥᠭᠵᠢᠭᠦᠯᠬᠦ ᠵᠠᠭ᠋ᠠᠭ ᠬᠢᠵᠠᠭ᠋ᠠᠷ᠎ᠢ ᠠᠯᠪᠠᠳᠠᠯᠭ᠎ᠠ᠎ᠪᠠᠷ 《ᠲᠣᠭᠲᠠᠭ᠋ᠠᠵᠤ》᠂ ᠡᠨᠧᠷᠭᠢ᠂ ᠤᠰᠤ᠂ ᠠᠮᠤ ᠪᠤᠳᠠᠭ᠎ᠠ᠂ ᠭᠠᠵᠠᠷ ᠰᠢᠷᠣᠢ᠂ ᠠᠭᠤᠷᠬᠠᠢ᠂ ᠮᠠᠲ᠋ᠧᠷᠢᠶᠠᠯ ᠵᠡᠷᠭᠡ ᠵᠢ ᠠᠷᠪᠢᠲᠠᠢ ᠪᠥᠭᠡᠳ ᠡᠷᠴᠢᠮᠯᠢᠭ ᠠᠰᠢᠭᠯᠠᠬᠤ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ ᠵᠥᠪᠬᠡᠨ 2024 ᠣᠨ᠎ᠳᠤ ᠳᠠᠷᠤᠢ ᠲᠠᠷᠢᠶᠠᠯᠠᠩ᠎ᠤᠨ ᠤᠰᠤ ᠠᠷᠪᠢᠯᠠᠬᠤ ᠬᠡᠮᠵᠢᠶ᠎ᠡ ᠵᠢ 3.8 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠰᠢᠨ᠎ᠡ᠎ᠪᠠᠷ ᠨᠡᠮᠡᠭᠳᠡᠭᠦᠯᠪᠡ᠃
      ᠪᠥᠬᠥ ᠣᠷᠣᠨ᠎ᠤ ᠳᠡᠭᠡᠳᠦ ᠳᠣᠣᠷᠠᠳᠤ ᠱᠠᠲᠤᠨ᠎ᠤ ᠬᠠᠮᠲᠤ ᠵᠢᠨ ᠴᠢᠷᠮᠠᠢ᠌ᠯᠭ᠎ᠠ᠎ᠪᠠᠷ᠂ ᠥᠪᠥᠷ ᠮᠣᠩᠭᠣᠯ᠎ᠤᠨ ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ 3 ᠵᠢᠯ ᠳᠠᠷᠠᠭ᠋ᠠᠯᠠᠨ ᠪᠥᠬᠥ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ ᠥᠨᠳᠥᠷ ᠪᠣᠯᠵᠤ᠂ ᠡᠳ᠋᠎ᠤᠨ ᠵᠠᠰᠠᠭ᠎ᠤᠨ ᠣᠷᠣᠯᠭ᠎ᠠ ᠵᠢᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠪᠥᠬᠥ ᠥᠷᠲᠡᠭ᠎ᠲᠤ ᠡᠵᠡᠯᠡᠬᠦ ᠬᠤᠪᠢ ᠵᠢᠨ ᠵᠢᠩ᠂ ᠡᠳ᠋᠎ᠤᠨ ᠵᠠᠰᠠᠭ᠎ᠤᠨ ᠣᠷᠣᠯᠭ᠎ᠠ᠎ᠳᠤ ᠡᠵᠡᠯᠡᠬᠦ ᠭᠠᠢ᠌ᠯᠢ ᠵᠢᠨ ᠣᠷᠣᠯᠭ᠎ᠠ ᠵᠢᠨ ᠡᠵᠡᠯᠡᠬᠦ ᠬᠤᠪᠢ ᠵᠢᠨ ᠵᠢᠩ᠎ᠨᠢ 10% ᠪᠠ 70%᠎ᠠᠴᠠ ᠳᠡᠭᠡᠭᠰᠢ ᠪᠠᠶ᠋ᠢᠬᠤ ᠵᠢ ᠪᠠᠲᠤᠯᠠᠵᠤ᠂ ᠠᠵᠤ ᠠᠬᠤᠢ ᠨᠡᠢ᠌ᠭᠡᠮ ᠶᠠᠭ ᠴᠢᠨᠠᠷ ᠰᠠᠢ᠌ᠲᠠᠢ ᠬᠥᠭᠵᠢᠯᠲᠡ ᠵᠢᠨ ᠰᠠᠶ᠋ᠢᠨ ᠣᠷᠴᠢᠯ᠎ᠳᠤ ᠲᠦᠷᠭᠡᠨ ᠳᠠᠪᠰᠢᠵᠤ ᠪᠠᠢ᠌ᠨ᠎ᠠ᠃
      ᠦᠵᠡᠰᠬᠦᠯᠡᠩᠲᠦ ᠰᠠᠢ᠌ᠬᠠᠨ ᠬᠢᠭᠡᠳ ᠬᠥᠭᠵᠢᠯᠲᠡ ᠵᠢᠨ ᠬᠣᠣᠰ ᠠᠮᠵᠢᠯᠲᠠ ᠵᠢ ᠴᠢᠷᠮᠠᠢ᠌ᠨ ᠪᠡᠶᠡᠯᠡᠭᠦᠯᠦᠨ᠎ᠡ
      ᠰᠤᠷᠪᠤᠯᠵᠢᠯᠠᠭᠴᠢ᠄ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯᠳᠤᠭ᠋ᠠᠨ᠎ᠠᠴᠠ《ᠭᠤᠷᠪᠠᠨ ᠤᠮᠠᠷᠠᠲᠤ》 ᠵᠢᠨ ᠢᠨᠵᠧᠨᠧᠷᠢᠩ᠎ᠤᠨ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠤ ᠴᠢᠬᠤᠯᠠ ᠦᠷ᠎ᠡ ᠪᠦᠲᠦᠭᠡᠯ ᠣᠯᠬᠤ ᠵᠢ ᠲᠦᠯᠬᠢᠨ ᠠᠬᠢᠭᠤᠯᠵᠤ᠂ 《ᠡᠯᠡᠰᠦ ᠭᠣᠪᠢ ᠴᠥᠯ》᠎ᠤᠨ ᠰᠢᠨ᠎ᠡ ᠡᠨᠧᠷᠭᠢ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠬᠦ ᠬᠡᠷᠡᠭᠲᠡᠢ ᠭᠡᠵᠦ ᠳᠤᠷᠠᠳᠴᠠᠢ᠃ ᠥᠪᠥᠷ ᠮᠣᠩᠭᠣᠯ ᠪᠣᠬᠢᠷᠲᠤᠯ ᠦᠭᠡᠢ ᠬᠥᠭᠵᠢᠯᠲᠡ ᠵᠢ ᠬᠡᠷᠬᠢᠨ ᠲᠥᠯᠥᠪᠵᠢᠭᠦᠯᠬᠦ᠂ ᠰᠢᠨ᠎ᠡ ᠡᠨᠧᠷᠭᠢ ᠵᠢᠨ ᠠᠵᠤ ᠦᠢ᠍ᠯᠡᠰ᠎ᠢ ᠬᠡᠷᠬᠢᠨ ᠬᠥᠭᠵᠢᠭᠦᠯᠬᠦ ᠪᠤᠢ? ᠳᠠᠷᠠᠭ᠋ᠠᠴᠢ ᠵᠢᠨ ᠠᠯᠬᠤᠮ᠎ᠤᠨ ᠬᠥᠭᠵᠢᠯᠲᠡ ᠵᠢᠨ ᠴᠢᠭᠯᠡᠯ᠎ᠨᠢ ᠶᠠᠭᠤ ᠪᠤᠢ?
      ᠰᠦᠨ ᠱᠤᠤ ᠴᠧᠩ᠄ ᠨᠣᠭᠣᠭ᠋ᠠᠨ ᠥᠩᠭᠡ ᠪᠣᠯ ᠥᠪᠥᠷ ᠮᠣᠩᠭᠣᠯ᠎ᠤᠨ ᠰᠠᠭᠤᠷᠢ ᠥᠩᠭᠡ ᠪᠠ ᠦᠨ᠎ᠡ ᠥᠷᠲᠡᠭ ᠪᠣᠯᠣᠨ᠎ᠠ᠂ ᠡᠭᠦᠨ᠎ᠢ ᠦᠢ᠍ᠯᠡᠳᠦᠯᠭᠡ ᠤᠯᠠᠮ᠎ᠠᠴᠠ ᠤᠯᠠᠮ ᠭᠡᠷᠡᠴᠢᠯᠡᠵᠦ ᠪᠠᠢ᠌ᠨ᠎ᠠ᠃ ᠪᠢᠳᠡ ᠪᠣᠬᠢᠷᠲᠤᠯ ᠦᠭᠡᠢ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠬᠥᠭᠵᠢᠯᠲᠡ ᠵᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠨᠠᠭᠦᠷᠡᠰᠦᠲᠦ᠋ᠷᠦᠭᠴᠢ ᠵᠢ ᠪᠠᠭ᠋ᠠᠰᠬᠠᠬᠤ᠂ ᠪᠣᠬᠢᠷᠲᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠥᠰᠦᠯᠲᠡ ᠵᠢ ᠨᠡᠮᠡᠭᠳᠡᠭᠦᠯᠬᠦ ᠵᠢ ᠬᠠᠮᠵᠢᠯᠴᠠᠨ ᠠᠬᠢᠭᠤᠯᠵᠤ᠂ 《ᠦᠵᠡᠰᠬᠦᠯᠡᠩᠲᠦ ᠰᠠᠢ᠌ᠬᠠᠨ ᠬᠢᠭᠡᠳ ᠬᠥᠭᠵᠢᠯᠲᠡ ᠵᠢᠨ ᠬᠣᠣᠰ ᠠᠮᠵᠢᠯᠲᠠ》 ᠵᠢ ᠴᠢᠷᠮᠠᠢ᠌ᠨ ᠪᠡᠶᠡᠯᠡᠭᠦᠯᠦᠨ᠎ᠡ᠃
      ᠨᠢᠭᠡ ᠲᠠᠯ᠎ᠠ᠎ᠪᠠᠷ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠎ᠠ ᠠᠳᠬᠤᠨ᠎ᠠ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠭᠤᠷᠪᠠᠨ ᠤᠮᠠᠷᠠᠲᠤ》 ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠰᠠᠶ᠋ᠢᠲᠤᠷ ᠬᠢᠵᠦ᠂ ᠡᠳᠦᠷ ᠪᠦᠷᠢ ᠳᠤᠮᠳᠠᠴᠢ᠎ᠪᠠᠷ 6 ᠲᠦᠮᠡᠨ ᠮᠦ᠍ ᠵᠢᠨ ᠬᠤᠷᠳᠤᠴᠠ᠎ᠪᠠᠷ ᠡᠯᠡᠰᠦ ᠵᠢ ᠰᠡᠷᠭᠡᠢ᠌ᠯᠡᠨ ᠡᠯᠡᠰᠦ ᠵᠢ ᠵᠠᠰᠠᠬᠤ ᠵᠢ ᠠᠬᠢᠭᠤᠯᠵᠤ᠂ ᠨᠢᠳᠤᠨᠤᠨ ᠪᠦᠬᠦ ᠣᠷᠣᠨ᠎ᠤ 1954 ᠲᠦᠮᠡᠨ ᠮᠦ᠍ ᠡᠯᠡᠰᠦ ᠵᠢ ᠵᠠᠰᠠᠵᠤ᠂ 659 ᠲᠦᠮᠡᠨ ᠮᠦ᠍ ᠣᠢ᠌ᠵᠢᠭᠤᠯᠵᠤ᠂ 1923 ᠲᠦᠮᠡᠨ ᠮᠦ᠍ ᠡᠪᠡᠰᠦ ᠲᠠᠷᠢᠵᠤ᠂ ᠬᠠᠳᠤᠨ ᠭᠣᠣᠯ᠎ᠤᠨ 《几 ᠦᠰᠦᠭᠲᠦ ᠮᠤᠷᠤᠢ᠌ᠯᠲᠠ》 ᠵᠢᠨ ᠬᠥᠪᠴᠢ ᠵᠢᠨ ᠡᠯᠡᠰᠦᠨ ᠴᠦᠯ᠎ᠳᠤ ᠨᠣᠭᠣᠭ᠋ᠠᠷᠠᠭᠤᠯᠬᠤ ᠪᠦᠰᠡ᠂ ᠨᠦᠯᠦᠮᠡᠯ ᠭᠠᠵᠠᠷ᠎ᠤᠨ ᠬᠠᠰᠢᠯᠭ᠎ᠠ᠂ ᠭᠡᠷᠡᠯ ᠴᠡᠨᠡᠭ ᠵᠶ᠋ᠡᠷ ᠡᠯᠡᠰᠦ ᠵᠢ ᠵᠠᠰᠠᠬᠤ ᠪᠦᠰᠡ᠂ ᠬᠢᠯᠢ ᠵᠢᠨ ᠤᠢ ᠵᠡᠷᠭᠡ ᠳᠥᠷᠪᠡᠨ ᠵᠤᠷᠪᠤᠰ ᠰᠡᠷᠭᠡᠢ᠌ᠯᠡᠯᠲᠡ ᠵᠢᠨ ᠱᠤᠭᠤᠮ᠎ᠢ ᠪᠠᠢ᠌ᠭᠤᠯᠪᠠ᠃ ᠥᠩᠭᠡᠷᠡᠭᠰᠡᠨ᠎ᠳᠤ᠂ ᠣᠷᠳᠣᠰ᠎ᠤᠨ ᠬᠢᠯᠢ ᠳᠣᠲᠣᠷᠠᠬᠢ 《ᠠᠷᠪᠠᠨ ᠶᠡᠬᠡ ᠬᠥᠨᠳᠡᠢ》 ᠵᠢᠯ ᠪᠦᠷᠢ ᠬᠠᠲᠤᠨ ᠭᠣᠣᠯ᠎ᠳᠤ 2700 ᠭᠠᠷᠤᠢ ᠲᠦᠮᠡᠨ ᠲᠣᠨ ᠡᠯᠡᠰᠦ ᠵᠥᠭᠡᠭᠡᠪᠦᠷᠢᠯᠡᠵᠦ ᠪᠠᠢ᠌ᠭᠰᠠᠨ ᠵᠶ᠋ᠠᠨ ᠣᠲᠣ ᠨᠢᠭᠡᠨᠲᠡ 400 ᠭᠠᠷᠤᠢ ᠲᠦᠮᠡᠨ ᠲᠣᠨ ᠪᠣᠯᠲᠠᠯ᠎ᠠ ᠪᠠᠭᠤᠷᠠᠵᠤ᠂ 2030 ᠣᠨ ᠪᠣᠯᠬᠤ᠎ᠳᠤ 100 ᠲᠦᠮᠡᠨ ᠲᠣᠨ᠎ᠠᠴᠠ ᠳᠣᠷᠣᠭᠰᠢ ᠪᠣᠯᠲᠠᠯ᠎ᠠ ᠪᠠᠭᠤᠷᠠᠭᠤᠯᠬᠤ᠎ᠪᠠᠷ ᠴᠢᠷᠮᠠᠢ᠌ᠵᠤ ᠪᠠᠢ᠌ᠨ᠎ᠠ᠃
      ᠨᠥᠭᠥᠭᠡ ᠲᠠᠯ᠎ᠠ᠎ᠪᠠᠷ ᠰᠢᠨ᠎ᠡ ᠡᠨᠧᠷᠭᠢ ᠵᠢᠨ ᠰᠤᠷᠪᠤᠯᠵᠢ ᠵᠢ ᠶᠡᠬᠡ ᠬᠡᠪᠴᠢᠶ᠎ᠡ᠎ᠪᠠᠷ ᠨᠡᠭᠡᠭᠡᠨ ᠠᠰᠢᠭᠯᠠᠨ᠎ᠠ᠃ ᠶᠡᠷᠦᠩᠬᠡᠢ ᠱᠦᠵᠢ ᠰᠢ ᠵᠢᠨ ᠫᠢᠩ᠎ᠤᠨ 《ᠣᠲᠣ ᠦᠶ᠎ᠡ ᠵᠢᠨ ᠡᠨᠧᠷᠭᠢ ᠵᠢᠨ ᠰᠤᠷᠪᠤᠯᠵᠢ ᠵᠢᠨ ᠠᠵᠤ ᠠᠬᠤᠢ ᠭᠡᠬᠦ ᠡᠨᠡ ᠬᠦ᠌ ᠠᠵᠢᠯ᠎ᠢ ᠰᠠᠶ᠋ᠢᠲᠤᠷ ᠬᠢᠬᠦ》 ᠴᠢᠬᠤᠯᠠ ᠱᠠᠭ᠋ᠠᠷᠳᠠᠯᠭ᠎ᠠ ᠶᠣᠰᠣᠭ᠋ᠠᠷ᠂ ᠰᠢᠨ᠎ᠡ ᠡᠨᠧᠷᠭᠢ ᠵᠢᠨ ᠰᠤᠷᠪᠤᠯᠵᠢ ᠵᠢᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠲᠦᠯᠬᠢᠨ ᠠᠬᠢᠭᠤᠯᠤᠨ᠎ᠠ᠃ ᠨᠢᠳᠤᠨᠤᠨ ᠪᠥᠬᠥ ᠣᠷᠣᠨ᠎ᠤ ᠰᠢᠨ᠎ᠡ ᠡᠨᠧᠷᠭᠢ ᠵᠢᠨ ᠰᠤᠷᠪᠤᠯᠵᠢ ᠵᠢᠨ ᠮᠠᠰᠢᠨ ᠴᠣᠭᠴᠠᠯᠠᠪᠤᠷᠢ 1.35 ᠳ᠋ᠦᠩᠰᠢᠭᠤᠷ ᠺᠢᠯᠣᠸᠠᠲ᠎ᠲᠤ ᠬᠦᠷᠴᠦ᠂ ᠡᠨᠧᠷᠭᠢ ᠬᠠᠳᠠᠭ᠋ᠠᠯᠠᠬᠤ ᠮᠠᠰᠢᠨ ᠴᠣᠭᠴᠠᠯᠠᠪᠤᠷᠢ 1000 ᠲᠦᠮᠡᠨ ᠺᠢᠯᠣᠸᠠᠲ᠎ᠢ ᠳᠠᠪᠠᠵᠤ᠂ ᠪᠣᠬᠢᠷᠲᠤᠯ ᠦᠭᠡᠢ ᠴᠠᠬᠢᠯᠭ᠋ᠠᠨ᠎ᠤ ᠬᠡᠷᠡᠭᠯᠡᠭᠡ᠎ᠨᠢ ᠴᠠᠬᠢᠯᠭ᠋ᠠᠨ ᠬᠡᠷᠡᠭᠯᠡᠬᠦ ᠬᠡᠮᠵᠢᠶ᠎ᠡ ᠵᠢᠨ 30%᠎ᠳᠤ ᠣᠢ᠌ᠷᠠᠳᠴᠠᠢ᠃ ᠪᠢᠳᠡ ᠡᠯᠡᠰᠦᠷᠬᠡᠭᠵᠢᠬᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ ᠵᠶ᠋ᠡᠷ ᠴᠠᠬᠢᠯᠭ᠋ᠠᠨ ᠭᠠᠷᠭ᠋ᠠᠬᠤ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠶᠡᠬᠡᠪᠡᠷ ᠬᠡᠷᠡᠭᠵᠢᠭᠦᠯᠵᠦ᠂ ᠰᠠᠯᠬᠢᠨ ᠬᠦᠴᠦᠨ ᠵᠶ᠋ᠡᠷ ᠴᠠᠬᠢᠯᠭ᠋ᠠᠨ ᠭᠠᠷᠭ᠋ᠠᠬᠤ ᠭᠡᠷᠡᠯ ᠴᠡᠨᠡᠭ᠎ᠤᠨ ᠮᠠᠰᠢᠨ ᠴᠣᠭᠴᠠᠯᠠᠪᠤᠷᠢ ᠵᠢ 2727 ᠲᠦᠮᠡᠨ ᠺᠢᠯᠣᠸᠠᠲ ᠪᠦᠲᠦᠭᠡᠨ ᠪᠠᠢ᠌ᠭᠤᠯᠵᠤ᠂ 238 ᠲᠦᠮᠡᠨ ᠮᠦ᠍ ᠢᠵᠢ ᠪᠦᠷᠢᠳᠦᠭᠦᠯᠦᠨ ᠡᠯᠡᠰᠦ ᠵᠢ ᠵᠠᠰᠠᠪᠠ᠃ ᠬᠥᠪᠴᠢ ᠵᠢᠨ ᠡᠯᠡᠰᠦ ᠮᠠᠩᠬ᠎ᠠ᠎ᠳᠤ 400 ᠺᠢᠯᠣᠮᠧᠲᠷ ᠣᠷᠳᠣ᠂ 5 ᠺᠢᠯᠣᠮᠧᠲᠷ ᠥᠷᠭᠡᠨ ᠭᠡᠷᠡᠯ ᠴᠡᠨᠡᠭ ᠵᠶ᠋ᠡᠷ ᠡᠯᠡᠰᠦ ᠵᠢ ᠵᠠᠰᠠᠬᠤ ᠠᠵᠤ ᠦᠢ᠍ᠯᠡᠰ᠎ᠤᠨ ᠪᠦᠰᠡ ᠵᠢ ᠲᠥᠯᠥᠪᠵᠢᠭᠦᠯᠦᠨ ᠪᠦᠲᠦᠭᠡᠨ ᠪᠠᠢ᠌ᠭᠤᠯᠪᠠ᠃ ᠭᠠᠳᠠᠭ᠋ᠠᠳᠤ ᠵᠢᠨ ᠵᠠᠷᠢᠮ ᠵᠠᠭᠤᠴᠢᠯᠠᠭᠤᠷ᠎ᠤᠨ᠎ᠬᠢᠨ ᠡᠭᠦᠨ᠎ᠤ ᠲᠤᠬᠠᠢ ᠮᠡᠳᠡᠭᠡᠯᠡᠬᠦ᠎ᠳᠡᠭᠡᠨ᠂ ᠳᠤᠮᠳᠠᠳᠤ ᠤᠯᠤᠰ ᠣᠲᠣ ᠶᠠᠭ ᠥᠭᠡᠷ᠎ᠡ ᠨᠢᠭᠡ 《ᠣᠷᠳᠣ ᠴᠠᠭ᠋ᠠᠨ ᠬᠡᠷᠡᠮ》᠎ᠢ ᠪᠠᠢ᠌ᠭᠤᠯᠵᠤ ᠪᠠᠢ᠌ᠨ᠎ᠠ᠂ ᠡᠨᠡ᠎ᠨᠢ 《ᠳᠤᠮᠳᠠᠳᠤ ᠤᠯᠤᠰ᠎ᠤᠨ ᠨᠢᠭᠡᠨ ᠠᠷᠢᠭᠤᠨ ᠴᠡᠪᠡᠷ ᠡᠨᠧᠷᠭᠢ ᠵᠢᠨ ᠰᠤᠷᠪᠤᠯᠵᠢ ᠵᠢᠨ ᠢᠷᠡᠭᠡᠳᠦᠢ ᠲᠡᠢ᠌ᠰᠢ ᠤᠷᠤᠭᠰᠢᠯᠠᠬᠤ ᠬᠤᠷᠳᠤᠴᠠ》 ᠵᠢ ᠲᠥᠯᠥᠭᠡᠯᠡᠵᠦ ᠪᠠᠢ᠌ᠨ᠎ᠠ ᠭᠡᠵᠡᠢ᠃
      ᠥᠪᠥᠷ ᠮᠣᠩᠭᠣᠯ᠎ᠤᠨ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠣᠷᠣᠨ ᠵᠠᠢ ᠥᠷᠭᠡᠨ ᠠᠭᠤᠳᠠᠮ ᠪᠠᠢ᠌ᠨ᠎ᠠ᠃ ᠡᠨᠡ ᠵᠢᠯ᠎ᠤᠨ ᠬᠠᠷᠠᠯᠲᠠ ᠪᠣᠯ 4000 ᠲᠦᠮᠡᠨ ᠺᠢᠯᠣᠸᠠᠲ᠎ᠤᠨ ᠮᠠᠰᠢᠨ ᠴᠣᠭᠴᠠᠯᠠᠪᠤᠷᠢ ᠵᠢ ᠰᠢᠨ᠎ᠡ᠎ᠪᠠᠷ ᠨᠡᠮᠡᠭᠳᠡᠭᠦᠯᠬᠦ᠎ᠪᠠᠷ ᠴᠢᠷᠮᠠᠢ᠌ᠵᠤ᠂ ᠰᠢᠨ᠎ᠡ ᠬᠡᠯᠪᠡᠷᠢ ᠵᠢᠨ ᠡᠨᠧᠷᠭᠢ ᠬᠠᠳᠠᠭ᠋ᠠᠯᠠᠬᠤ ᠵᠦᠢ᠍ᠯᠡᠰ᠎ᠢ 1000 ᠲᠦᠮᠡᠨ ᠺᠢᠯᠣᠸᠠᠲ᠎ᠠᠴᠠ ᠳᠡᠭᠡᠭᠰᠢ ᠰᠢᠨ᠎ᠡ᠎ᠪᠠᠷ ᠠᠵᠢᠯ ᠡᠬᠢᠯᠡᠭᠦᠯᠵᠦ᠂ ᠤᠰᠤᠲᠥ᠋ᠷᠥᠭᠴᠢ ᠡᠨᠧᠷᠭᠢ ᠵᠢᠨ ᠦᠢ᠍ᠯᠡᠳᠪᠦᠷᠢᠯᠡᠬᠦ ᠴᠢᠳᠠᠪᠤᠷᠢ ᠵᠢ 20 ᠲᠦᠮᠡᠨ ᠲᠣᠨ᠎ᠳᠤ ᠬᠦᠷᠭᠡᠵᠦ᠂ ᠨᠣᠭᠣᠭ᠋ᠠᠨ ᠴᠠᠬᠢᠯᠭ᠋ᠠᠨ᠎ᠢ 800 ᠳ᠋ᠦᠩᠰᠢᠭᠤᠷ ᠺᠢᠯᠣᠸᠠᠲ ᠴᠠᠭ᠎ᠠᠴᠠ ᠳᠡᠭᠡᠭᠰᠢ ᠬᠦᠷᠭᠡᠨ᠎ᠡ᠃
      ᠨᠡᠭᠡᠭᠡᠯᠲᠡ ᠬᠢᠵᠦ ᠬᠠᠮᠲᠤᠷᠠᠨ ᠠᠵᠢᠯᠯᠠᠬᠤ ᠥᠷᠭᠡᠴᠡ ᠪᠠ ᠭᠦᠨᠴᠡ ᠵᠢ ᠢᠳᠡᠪᠬᠢᠲᠡᠢ᠎ᠪᠠᠷ ᠥᠷᠭᠡᠳᠬᠡᠨ᠎ᠡ
      ᠰᠤᠷᠪᠤᠯᠵᠢᠯᠠᠭᠴᠢ᠄ ᠥᠪᠥᠷ ᠮᠣᠩᠭᠣᠯ ᠪᠣᠯ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠪᠣᠯᠣᠨ᠎ᠠ᠂ ᠦᠢ᠍ᠯᠡᠳᠦᠯᠭᠡ ᠵᠢᠨ ᠳᠤᠮᠳᠠ ᠨᠡᠭᠡᠭᠡᠯᠲᠡ ᠬᠢᠵᠦ ᠬᠠᠮᠲᠤᠷᠠᠯᠴᠠᠬᠤ ᠵᠢ ᠬᠡᠷᠬᠢᠨ ᠠᠬᠢᠭᠤᠯᠤᠭᠰᠠᠨ ᠪᠤᠢ?
      ᠰᠦᠨ ᠱᠤᠤ ᠴᠧᠩ᠄ ᠥᠪᠥᠷ ᠮᠣᠩᠭᠣᠯ᠎ᠤᠨ ᠣᠷᠣᠨ ᠪᠠᠶ᠋ᠢᠷᠢ ᠵᠢᠨ ᠳᠠᠪᠠᠭᠤᠯᠢᠭ ᠤᠯᠠᠨ᠎ᠠᠴᠠ ᠣᠨᠴᠠᠭ᠋ᠠᠢ ᠪᠠᠢ᠌ᠵᠤ᠂ ᠣᠢ᠌ᠷ᠎ᠠ ᠵᠢᠨ ᠬᠣᠶᠠᠷ ᠵᠢᠯ᠎ᠳᠤ ᠪᠢᠳᠡ ᠨᠡᠭᠡᠭᠡᠯᠲᠡ ᠵᠢᠨ ᠲᠠᠪᠴᠠᠩ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠭᠣᠣᠯᠳᠠᠯᠭ᠎ᠠ᠎ᠲᠠᠢ ᠬᠢᠯᠢ ᠵᠢᠨ ᠪᠣᠭᠣᠮᠲᠠ ᠵᠢ ᠪᠠᠢ᠌ᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠪᠠᠭᠲᠠᠭ᠋ᠠᠮᠵᠢ ᠵᠢ ᠥᠷᠭᠡᠳᠬᠡᠵᠦ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢᠨ 《ᠵᠢᠷᠭᠤᠭ᠎ᠠ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠪᠣᠯᠣᠨ 《ᠳᠥᠷᠪᠡᠨ ᠵᠦᠢ᠍ᠯ᠎ᠤᠨ ᠠᠵᠢᠯᠯᠠᠭ᠎ᠠ》 ᠵᠢ ᠭᠦᠨᠵᠡᠭᠡᠢ ᠬᠡᠷᠡᠭᠵᠢᠭᠦᠯᠵᠦ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠳᠣᠲᠣᠭ᠋ᠠᠳᠤ ᠭᠠᠳᠠᠭ᠋ᠠᠳᠤ᠎ᠳᠤ ᠨᠡᠭᠡᠭᠡᠯᠲᠡ ᠬᠢᠬᠦ᠎ᠳᠤ ᠰᠢᠨ᠎ᠡ ᠳᠦᠷᠰᠦ ᠪᠠᠶ᠋ᠢᠳᠠᠯ ᠢᠯᠡᠷᠡᠵᠡᠢ᠃ ᠨᠢᠳᠤᠨᠤᠨ᠂ ᠳᠤᠮᠳᠠᠳᠤ ᠮᠣᠩᠭᠣᠯ᠎ᠤᠨ ᠡᠷᠢᠶᠡᠨ ᠬᠣᠲᠠ — ᠵᠠᠮ᠎ᠤᠨ ᠡᠭᠦᠳᠡ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ ᠠᠮᠵᠢᠯᠲᠠ᠎ᠲᠠᠢ᠎ᠪᠠᠷ ᠵᠥᠪᠰᠢᠶᠡᠷᠡᠭᠳᠡᠵᠦ᠂ ᠪᠥᠬᠥ ᠣᠷᠣᠨ᠎ᠤ ᠬᠠᠭᠤᠷᠠᠢ ᠵᠠᠮ᠎ᠤᠨ ᠪᠣᠭᠣᠮᠲᠠ ᠵᠢᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ 1.2 ᠳ᠋ᠦᠩᠰᠢᠭᠤᠷ ᠲᠣᠨ᠎ᠢ ᠳᠠᠪᠠᠵᠤ᠂ ᠬᠢᠯᠢ ᠵᠢᠨ ᠠᠷᠠᠳ᠎ᠤᠨ ᠬᠠᠷᠢᠯᠴᠠᠨ ᠮᠠᠢ᠌ᠮᠠᠢ᠌ᠯᠠᠬᠤ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠬᠡᠮᠵᠢᠶ᠎ᠡ᠂ ᠭᠠᠷ ᠳᠠᠮᠵᠢᠭᠰᠠᠨ ᠮᠠᠰᠢᠨ ᠲᠡᠷᠭᠡᠨ᠎ᠤ ᠭᠠᠳᠠᠭ᠋ᠠᠳᠤ ᠭᠠᠷᠭ᠋ᠠᠯᠲᠠ ᠵᠢᠨ ᠬᠡᠮᠵᠢᠶ᠎ᠡ᠂ ᠬᠢᠯᠢ᠎ᠪᠠᠷ ᠣᠷᠣᠭᠤᠯᠵᠤ ᠭᠠᠷᠭ᠋ᠠᠬᠤ ᠠᠶᠠᠨᠴᠢᠳ᠎ᠤᠨ ᠲᠡᠭᠡᠭᠡᠪᠦᠷᠢ ᠵᠢᠨ ᠬᠡᠮᠵᠢᠶ᠎ᠡ ᠲᠣᠰ ᠲᠣᠰ 113%᠂ 68.3%᠂ 53%᠎ᠪᠠᠷ ᠨᠡᠮᠡᠭᠳᠡᠪᠡ᠃ ᠥᠪᠥᠷ ᠮᠣᠩᠭᠣᠯ᠎ᠤᠨ ᠦᠢ᠍ᠯᠡᠳᠬᠦᠨ᠎ᠤ ᠪᠡᠭᠡᠵᠢᠩ᠎ᠳᠤ ᠣᠷᠣᠭᠤᠯᠤᠭᠰᠠᠨ ᠪᠣᠷᠣᠯᠠᠭᠤᠯᠤᠯᠲᠠ ᠵᠢᠨ ᠲᠣᠭ᠎ᠠ᠂ ᠪᠡᠭᠡᠵᠢᠩ᠎ᠤᠨ ᠪᠡᠯᠡ ᠮᠥᠩᠭᠥ ᠵᠢᠨ ᠥᠪᠥᠷ ᠮᠣᠩᠭᠣᠯ᠎ᠳᠠᠬᠢ ᠪᠡᠯᠡ ᠣᠷᠣᠭᠤᠯᠤᠯᠲᠠ ᠵᠢᠨ ᠲᠣᠭ᠎ᠠ ᠶᠡᠬᠡᠪᠡᠷ ᠨᠡᠮᠡᠭᠳᠡᠪᠡ᠃ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠢ ᠲᠦᠷᠭᠡᠳᠬᠡᠨ ᠪᠠᠢ᠌ᠭᠤᠯᠵᠤ᠂ ᠤᠯᠤᠰ᠎ᠤᠨ ᠲᠡᠰ ᠳᠠᠪᠬᠤᠷᠭ᠎ᠠ ᠵᠢᠨ ᠳᠦᠷᠢᠮ᠎ᠤᠨ ᠰᠢᠨ᠎ᠡ ᠵᠢ ᠡᠭᠦᠳᠦᠭᠰᠡᠨ 223 ᠵᠦᠢ᠍ᠯ᠎ᠤᠨ ᠦᠷ᠎ᠡ ᠪᠦᠲᠦᠭᠡᠯ᠎ᠢ ᠲᠦᠷᠭᠡᠪᠴᠢᠯᠡᠨ ᠡᠭᠦᠳᠦᠨ ᠪᠠᠢ᠌ᠭᠤᠯᠵᠤ᠂ ᠲᠡᠷᠡ ᠬᠡᠪ ᠵᠶ᠋ᠡᠷ᠎ᠨᠢ ᠳᠡᠯᠭᠡᠷᠡᠭᠦᠯᠪᠡ᠃
      ᠡᠨᠡ ᠵᠢᠯ᠂ ᠪᠢᠳᠡ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠭᠠᠳᠠᠭ᠋ᠠᠳᠤ᠂ ᠳᠣᠲᠣᠭ᠋ᠠᠳᠤ ᠵᠢᠨ ᠬᠠᠮᠲᠤᠷᠠᠯᠴᠠᠭ᠎ᠠ ᠪᠠ ᠣᠷᠣᠨ᠎ᠤ ᠳᠣᠲᠣᠷᠠᠬᠢ ᠡᠯ᠎ᠡ ᠠᠶ᠋ᠢᠮᠠᠭ ᠬᠣᠲᠠ ᠵᠢᠨ ᠬᠠᠮᠵᠢᠯᠴᠠᠭ᠎ᠠ ᠵᠢ ᠰᠢᠨ᠎ᠡ ᠨᠢᠭᠡᠨ ᠲᠦᠪᠰᠢᠨ᠎ᠳᠤ ᠬᠦᠷᠭᠡᠬᠦ᠎ᠪᠠᠷ ᠴᠢᠷᠮᠠᠢ᠌ᠨ᠎ᠠ᠃ ᠭᠠᠳᠠᠭ᠋ᠠᠳᠤ᠎ᠳᠤ᠂ ᠭᠣᠣᠯᠳᠠᠭᠤ ᠣᠷᠣᠰ ᠮᠣᠩᠭᠣᠯ᠎ᠳᠤ ᠨᠡᠭᠡᠭᠡᠯᠲᠡ ᠬᠢᠬᠦ ᠵᠢ ᠥᠷᠭᠡᠳᠬᠡᠵᠦ᠂ 《ᠭᠠᠷᠭ᠋ᠠᠬᠤ》 ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠵᠦ᠂ 《ᠣᠷᠣᠭᠤᠯᠬᠤ》 ᠦᠢ᠍ᠯᠡᠳᠬᠦᠨ᠎ᠢ ᠰᠠᠶ᠋ᠢᠲᠤᠷ ᠬᠡᠷᠡᠭᠯᠡᠨ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠢ ᠵᠢᠨ ᠬᠣᠩᠭᠢᠯ᠎ᠤᠨ ᠪᠦᠲᠦᠭᠡᠨ ᠪᠠᠢ᠌ᠭᠤᠯᠤᠯᠲᠠ᠎ᠳᠠᠬᠢ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠤᠨ᠎ᠠ; ᠳᠣᠲᠣᠭ᠋ᠠᠳᠤ᠎ᠳᠠᠭᠠᠨ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠣᠢ᠌ᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ ᠵᠡᠷᠭᠡ ᠭᠠᠵᠠᠷ ᠣᠷᠣᠨ᠎ᠯᠤᠭ᠎ᠠ ᠵᠢᠨ ᠬᠠᠮᠲᠤᠷᠠᠯᠴᠠᠭ᠎ᠠ᠎ᠪᠠᠨ ᠲᠠᠰᠤᠷᠠᠯᠲᠠ ᠦᠭᠡᠢ ᠭᠦᠨᠵᠡᠭᠡᠢ᠌ᠷᠡᠭᠦᠯᠵᠦ᠂ ᠪᠡᠭᠡᠵᠢᠩ ᠥᠪᠥᠷ ᠮᠣᠩᠭᠣᠯ᠎ᠤᠨ ᠪᠥᠬᠥ ᠲᠠᠯ᠎ᠠ ᠵᠢᠨ ᠬᠠᠮᠲᠤᠷᠠᠯᠴᠠᠭ᠎ᠠ ᠵᠢᠨ ᠥᠷᠭᠡᠴᠡ ᠪᠠ ᠭᠦᠨᠴᠡ ᠵᠢ ᠥᠷᠭᠡᠳᠬᠡᠨ᠂ ᠪᠥᠬᠥ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠲᠤ ᠦᠢ᠍ᠯᠡᠴᠢᠯᠡᠬᠦ ᠪᠠ ᠠᠭᠤᠰᠤᠯᠴᠠᠬᠤ ᠳᠤᠮᠳᠠ ᠲᠣᠰ ᠪᠡᠶ᠎ᠡ ᠵᠢᠨ ᠬᠥᠭᠵᠢᠯᠲᠡ᠎ᠪᠠᠨ ᠪᠡᠶᠡᠯᠡᠭᠦᠯᠦᠨ᠎ᠡ᠃ ᠣᠷᠣᠨ᠎ᠤ ᠳᠣᠲᠣᠷ᠎ᠠ᠂ ᠭᠣᠣᠯᠳᠠᠯᠭ᠎ᠠ᠎ᠨᠢ ᠵᠡᠭᠦᠨ ᠬᠡᠰᠡᠭ᠎ᠤᠨ ᠭᠠᠵᠠᠷ ᠣᠷᠣᠨ᠂ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ ᠣᠷᠣᠨ᠂ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠬᠣᠯᠪᠤᠭ᠋ᠠᠯᠠᠨ ᠬᠥᠭᠵᠢᠬᠦ᠂ ᠵᠦᠷᠢᠶᠡᠵᠢᠬᠦᠯᠦᠨ ᠵᠣᠬᠢᠴᠠᠩᠭᠤᠢ᠎ᠪᠠᠷ ᠬᠥᠭᠵᠢᠬᠦ ᠵᠢ ᠲᠦᠯᠬᠢᠨ ᠠᠬᠢᠭᠤᠯᠬᠤ ᠶᠠᠪᠤᠳᠠᠯ ᠪᠣᠯᠣᠨ᠎ᠠ᠂ ᠪᠢᠳᠡ ᠲᠣᠰ ᠲᠣᠰ ᠬᠤᠷᠠᠯ ᠬᠤᠷᠠᠯᠳᠤᠭᠤᠯᠵᠤ ᠨᠢᠭᠡᠳ ᠨᠢᠭᠡ᠎ᠪᠠᠷ ᠰᠤᠳᠤᠯᠤᠨ ᠪᠠᠢ᠌ᠷᠢᠯᠠᠭᠤᠯᠤᠨ᠎ᠠ᠃
      ᠤᠬᠠᠮᠰᠠᠷ᠎ᠠᠴᠠ᠎ᠪᠠᠨ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠵᠶ᠋ᠠᠷ ᠬᠥᠭᠵᠢᠯᠲᠡ ᠵᠢᠨ ᠶᠠᠰᠤ ᠴᠢᠨᠠᠷ ᠦᠷ᠎ᠡ ᠠᠰᠢᠭ᠎ᠢ ᠨᠡᠮᠡᠭᠳᠡᠭᠦᠯᠦᠨ᠎ᠡ
      ᠰᠤᠷᠪᠤᠯᠵᠢᠯᠠᠭᠴᠢ᠄ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ᠂ ᠠᠵᠤ ᠠᠬᠤᠢ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠵᠤ᠂ ᠪᠡᠯᠭᠡ ᠲᠡᠮᠳᠡᠭ᠎ᠤᠨ ᠴᠢᠨᠠᠷᠲᠠᠢ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠥᠷ ᠮᠣᠩᠭᠣᠯ ᠬᠠᠮᠢᠭ᠎ᠠ᠎ᠠᠴᠠ ᠭᠣᠣᠯᠳᠠᠯᠭ᠎ᠠ᠎ᠲᠠᠢ ᠬᠦᠴᠦᠯᠡᠬᠦ ᠪᠤᠢ?
      ᠰᠦᠨ ᠱᠤᠤ ᠴᠧᠩ᠄ ᠥᠪᠥᠷ ᠮᠣᠩᠭᠣᠯ᠎ᠤᠨ ᠬᠥᠭᠵᠢᠯᠲᠡ ᠵᠢᠨ ᠳᠤᠮᠳᠠ ᠬᠠᠮᠤᠭ᠎ᠤᠨ ᠲᠤᠯᠭ᠋ᠠᠮ᠎ᠠ ᠰᠢᠢ᠍ᠳᠪᠦᠷᠢᠯᠡᠬᠦ ᠴᠢᠬᠤᠯᠠᠲᠠᠢ ᠠᠰᠠᠭᠤᠳᠠᠯ ᠪᠣᠯ ᠵᠠᠬ᠎ᠠ ᠳᠡᠯᠭᠡᠭᠦᠷ᠎ᠤᠨ ᠤᠬᠠᠮᠰᠠᠷ ᠴᠢᠩᠭ᠎ᠠ ᠪᠢᠰᠢ ᠪᠠᠶ᠋ᠢᠬᠤ ᠠᠰᠠᠭᠤᠳᠠᠯ ᠪᠣᠯᠣᠨ᠎ᠠ᠃ ᠪᠢᠳᠡ ᠠᠵᠤ ᠠᠬᠤᠢ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠬᠤ ᠵᠢᠨ ᠭᠣᠣᠯᠳᠠᠯᠭ᠎ᠠ᠎ᠨᠢ ᠡᠯ᠎ᠡ ᠱᠠᠲᠤᠨ᠎ᠤ ᠤᠬᠠᠮᠰᠠᠷ᠎ᠠᠴᠠ᠎ᠪᠠᠨ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠵᠶ᠋ᠠᠷ 《ᠭᠤᠷᠪᠠᠨ ᠬᠢᠷᠢ ᠬᠡᠮᠵᠢᠶ᠎ᠡ》 ᠵᠢ ᠳᠡᠭᠡᠭᠰᠢᠯᠡᠭᠦᠯᠬᠦ ᠵᠢ ᠲᠦᠯᠬᠢᠨ ᠠᠬᠢᠭᠤᠯᠬᠤ ᠶᠠᠪᠤᠳᠠᠯ ᠪᠣᠯᠣᠨ᠎ᠠ᠃
      ᠨᠢᠭᠡ᠎ᠳᠤ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ᠎ᠳᠤ ᠲᠦᠰᠢᠭᠯᠡᠨ ᠠᠵᠤ ᠠᠬᠤᠢ ᠵᠢᠨ ᠬᠥᠭᠵᠢᠯᠲᠡ ᠵᠢᠨ ᠬᠢᠷᠢ ᠬᠡᠮᠵᠢᠶ᠎ᠡ᠎ᠪᠠᠨ ᠲᠡᠭᠡᠭᠰᠢᠯᠡᠬᠦᠯᠦᠨ᠎ᠡ᠃ ᠠᠵᠤ ᠠᠬᠤᠢ ᠵᠢᠨ ᠠᠵᠢᠯᠯᠠᠭ᠎ᠠ ᠵᠢ ᠥᠷᠨᠢᠭᠦᠯᠬᠦ᠎ᠳᠡᠭᠡᠨ ᠡᠷᠬᠡᠪᠰᠢ ᠠᠵᠤ ᠠᠬᠤᠢ ᠵᠢᠨ ᠵᠢᠮ᠎ᠡ ᠶᠣᠰᠣ᠎ᠪᠠᠷ ᠠᠵᠢᠯᠯᠠᠵᠤ᠂ ᠵᠠᠬ᠎ᠠ ᠳᠡᠯᠭᠡᠭᠦᠷ᠎ᠲᠤ ᠲᠤᠰᠢᠶᠠᠨ ᠥᠭᠴᠦ ᠪᠣᠯᠬᠤ ᠵᠢ᠎ᠨᠢ ᠵᠠᠬ᠎ᠠ ᠳᠡᠯᠭᠡᠭᠦᠷ᠎ᠲᠤ ᠲᠤᠰᠢᠶᠠᠨ ᠥᠭᠴᠦ᠂ ᠦᠷ᠎ᠡ ᠠᠰᠢᠭ᠎ᠢ᠎ᠨᠢ ᠠᠯᠢ ᠴᠢᠳᠠᠬᠤ᠎ᠪᠠᠷ ᠬᠠᠮᠤᠭ᠎ᠤᠨ ᠶᠡᠬᠡ ᠪᠣᠯᠭ᠋ᠠᠬᠤ ᠬᠡᠷᠡᠭᠲᠡᠶ᠃ ᠡᠭᠦᠨ᠎ᠤ ᠲᠤᠯᠠᠳᠠ ᠪᠢᠳᠡ ᠦᠷ᠎ᠡ ᠠᠰᠢᠭ᠎ᠤᠨ ᠤᠳᠤᠷᠢᠳᠤᠮᠵᠢ ᠵᠢ ᠲᠣᠪᠤᠢ᠌ᠯᠭ᠋ᠠᠨ᠂ ᠨᠠᠷᠢᠨ ᠪᠤᠳᠤᠬᠤ ᠤᠬᠠᠮᠰᠠᠷ ᠵᠶ᠋ᠠᠨ ᠴᠢᠩᠭ᠋ᠠᠳᠬᠠᠵᠤ᠂ ᠤᠯᠤᠰ᠎ᠤᠨ ᠬᠥᠭᠵᠢᠯᠲᠡ ᠵᠢᠨ ᠶᠡᠬᠡ ᠲᠠᠯ᠎ᠠ ᠵᠢ ᠪᠠᠲᠤᠯᠠᠬᠤ ᠪᠠ ᠲᠡᠭᠦᠨ᠎ᠳᠤ ᠦᠢ᠍ᠯᠡᠴᠢᠯᠡᠬᠦ ᠤᠷᠢᠲᠠᠯ᠎ᠤᠨ ᠳᠣᠣᠷ᠎ᠠ᠂ ᠡᠨᠧᠷᠭᠢ ᠵᠢᠨ ᠰᠤᠷᠪᠤᠯᠵᠢ᠂ ᠴᠠᠬᠢᠯᠭ᠋ᠠᠨ ᠬᠦᠴᠦ᠂ ᠭᠠᠵᠠᠷ ᠰᠢᠷᠣᠢ᠂ ᠲᠣᠭ᠎ᠠ ᠪᠠᠷᠢᠮᠲᠠ ᠵᠡᠷᠭᠡ ᠡᠯᠧᠮᠧᠨ᠋ᠲ᠎ᠢ ᠴᠥᠮ ᠵᠠᠬ᠎ᠠ ᠳᠡᠯᠭᠡᠭᠦᠷᠴᠢᠯᠡᠬᠦ ᠠᠷᠭ᠎ᠠ ᠮᠠᠶᠢᠭ ᠵᠶ᠋ᠠᠷ ᠲᠣᠬᠢᠷᠠᠭᠤᠯᠬᠤ ᠬᠡᠷᠡᠭᠲᠡᠶ ᠭᠡᠵᠦ ᠳᠤᠷᠠᠳᠤᠨ ᠭᠠᠷᠭ᠋ᠠᠪᠠ᠃ ᠨᠢᠳᠤᠨᠤᠨ ᠪᠥᠬᠥ ᠣᠷᠣᠨ᠎ᠳᠤ ᠫᠠᠢ᠌ᠰᠠ ᠡᠯᠭᠦᠬᠦ᠂ ᠳᠠᠭ᠋ᠠᠭ᠋ᠠᠴᠢᠯᠠᠯᠲᠠ ᠵᠠᠷᠯᠠᠬᠤ᠂ ᠦᠨ᠎ᠡ ᠬᠠᠶᠠᠨ ᠬᠤᠳᠠᠯᠳᠤᠬᠤ ᠵᠡᠷᠭᠡ ᠬᠡᠯᠪᠡᠷᠢ᠎ᠪᠠᠷ 66 ᠠᠭᠤᠷᠬᠠᠢ ᠵᠢᠨ ᠦᠢ᠍ᠯᠡᠰ᠎ᠤᠨ ᠡᠷᠬᠡ ᠵᠢ ᠰᠢᠯᠵᠢᠭᠦᠯᠦᠨ ᠬᠤᠳᠠᠯᠳᠤᠵᠤ᠂ 762 ᠳ᠋ᠦᠩᠰᠢᠭᠤᠷ ᠺᠢᠯᠣᠸᠠᠲ ᠴᠠᠭ᠎ᠤᠨ ᠨᠣᠭᠣᠭ᠋ᠠᠨ ᠴᠠᠬᠢᠯᠭ᠋ᠠᠨ᠎ᠤ ᠠᠷᠠᠯᠵᠢᠶ᠎ᠠ ᠬᠢᠵᠦ᠂ ᠬᠡᠪᠴᠢᠶ᠎ᠡ᠎ᠨᠢ ᠪᠥᠬᠥ ᠤᠯᠤᠰ᠎ᠲᠤ ᠲᠡᠷᠢᠭᠦᠨ᠎ᠳᠤ ᠣᠷᠣᠪᠠ᠃
      ᠬᠣᠶᠠᠷ᠎ᠲᠤ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ᠎ᠳᠤ ᠲᠦᠰᠢᠭᠯᠡᠨ ᠨᠡᠢ᠌ᠭᠡᠮ᠎ᠤᠨ ᠵᠠᠰᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠲᠥᠪ ᠭᠣᠣᠯᠴᠢ ᠡᠮᠬᠢ ᠵᠢᠷᠤᠮ᠎ᠲᠠᠢ ᠨᠡᠢ᠌ᠭᠡᠮ᠎ᠤᠨ ᠣᠷᠴᠢᠨ ᠨᠥᠬᠥᠴᠡᠯ᠎ᠢ ᠪᠤᠢ ᠪᠣᠯᠭ᠋ᠠᠬᠤ᠎ᠳᠤ ᠵᠥᠪᠬᠡᠨ ᠵᠠᠰᠠᠭ ᠵᠠᠬᠢᠷᠭ᠋ᠠᠨ᠎ᠤ ᠠᠷᠭ᠎ᠠ ᠪᠠᠷᠢᠯ ᠵᠶ᠋ᠠᠷ 《ᠬᠠᠮᠢᠶᠠᠷᠴᠤ》 ᠪᠣᠯᠬᠤ ᠦᠭᠡᠢ᠂ ᠪᠠᠰᠠ ᠵᠠᠬ᠎ᠠ ᠳᠡᠯᠭᠡᠭᠦᠷ᠎ᠤᠨ ᠲᠣᠭᠲᠠᠴᠠ᠎ᠪᠠᠷ 《ᠵᠢᠯᠤᠭᠣᠳᠬᠤ》ᠬᠡᠷᠡᠭᠲᠡᠶ᠃ ᠥᠩᠭᠡᠷᠡᠭᠰᠡᠨ᠎ᠳᠤ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠪᠠ ᠪᠡᠯᠴᠢᠭᠡᠷ ᠰᠡᠷᠭᠦᠭᠡᠬᠦ ᠨᠥᠬᠥᠪᠦᠷᠢ ᠵᠢ ᠲᠠᠷᠬᠠᠭ᠋ᠠᠬᠤ᠎ᠳᠠᠭᠠᠨ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠦᠷ᠎ᠡ ᠪᠦᠲᠦᠮᠵᠢ᠎ᠲᠠᠢ ᠬᠣᠯᠪᠣᠭᠳᠠᠭᠤᠯᠬᠤ ᠦᠭᠡᠢ ᠪᠠᠢ᠌ᠵᠤ᠂ ᠵᠠᠷᠢᠮ ᠬᠥᠮᠥᠰ ᠨᠥᠬᠥᠪᠦᠷᠢ ᠠᠪᠤᠭᠰᠠᠨ ᠪᠠᠢ᠌ᠲᠠᠯ᠎ᠠ᠎ᠪᠠᠨ ᠬᠡᠲᠦᠷᠡᠭᠦᠯᠦᠨ ᠮᠠᠯᠵᠢᠬᠤ᠎ᠪᠠᠨ ᠵᠣᠭᠰᠣᠭ᠋ᠠᠭᠰᠠᠨ ᠦᠭᠡᠢ ᠪᠠᠶ᠋ᠢᠪᠠ᠃ ᠨᠢᠳᠤᠨᠤᠨ ᠪᠢᠳᠡ ᠡᠨᠡᠬᠦ ᠪᠠᠶ᠋ᠢᠳᠠᠯ ᠎ᠢ ᠬᠤᠪᠢᠷᠠᠭᠤᠯᠵᠤ᠂ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠭᠰᠠᠳ᠎ᠲᠤ ᠨᠥᠬᠥᠪᠦᠷᠢ ᠥᠭᠬᠦ ᠦᠭᠡᠢ᠎ᠪᠠᠷ ᠪᠠᠷᠠᠬᠤ ᠦᠭᠡᠢ ᠪᠠᠰᠠ ᠰᠢᠢ᠍ᠳᠬᠡᠯ ᠲᠣᠷᠭ᠋ᠠᠭᠤᠯᠢ ᠥᠭᠭᠦᠭᠰᠡᠨ᠎ᠠᠴᠠ ᠦᠷ᠎ᠡ ᠳ᠋ᠦᠩ᠎ᠨᠢ ᠳᠣᠣᠷ᠎ᠠ᠎ᠪᠠᠨ ᠠᠳᠠᠯᠢ ᠦᠭᠡᠢ ᠪᠣᠯᠵᠤ᠂ 17 ᠲᠤᠷᠰᠢᠯᠲᠠ ᠵᠢᠨ ᠬᠣᠰᠢᠭᠤ ᠰᠢᠶᠠᠨ᠎ᠤ ᠪᠠᠶ᠋ᠢᠭ᠋ᠠᠯᠢ ᠵᠢᠨ ᠨᠤᠲᠤᠭ ᠪᠡᠯᠴᠢᠭᠡᠷ᠎ᠤᠨ ᠪᠡᠯᠴᠢᠭᠡᠷ ᠮᠠᠯ᠎ᠤᠨ ᠲᠡᠩᠴᠡᠭᠦᠷᠢ ᠵᠢᠨ ᠵᠢᠭ᠋ᠠᠯᠲᠠ ᠲᠣᠭ᠎ᠠ ᠵᠢ ᠴᠥᠮ 10%᠎ᠠᠴᠠ ᠳᠣᠷᠣᠭᠰᠢ ᠬᠡᠮᠵᠢᠶᠡᠨ᠎ᠳᠤ ᠬᠦᠷᠭᠡᠵᠡᠢ᠃ ᠵᠠᠯᠭ᠋ᠠᠭ᠋ᠠᠳ ᠪᠢᠳᠡ ᠡᠯ᠎ᠡ ᠬᠦᠷᠢᠶᠡᠨ᠎ᠳᠤ ᠡᠢ᠌ᠮᠦᠷᠬᠦᠦ ᠠᠷᠭ᠎ᠠ ᠵᠢ ᠬᠡᠷᠡᠭᠵᠢᠭᠦᠯᠵᠦ᠂ ᠴᠢᠬᠤᠯᠠ ᠡᠯᠧᠮᠧᠨ᠋ᠲ᠎ᠤᠨ ᠵᠠᠬ᠎ᠠ ᠳᠡᠯᠭᠡᠭᠦᠷ᠎ᠤᠨ ᠬᠥᠰᠢᠭᠦᠷᠭᠡ ᠵᠢᠨ ᠦᠢ᠍ᠯᠡᠳᠦᠯ᠎ᠢ ᠪᠠᠳᠠᠷᠠᠭᠤᠯᠬᠤ᠎ᠪᠠᠷ ᠳᠠᠮᠵᠢᠭᠤᠯᠤᠨ ᠨᠡᠢ᠌ᠭᠡᠮ᠎ᠤᠨ ᠡᠮᠬᠢ ᠳᠢᠭᠯᠢᠮ᠎ᠢ ᠨᠡᠩ ᠰᠢᠯᠢᠳᠡᠭᠵᠢᠭᠦᠯᠦᠨ᠎ᠡ᠃
      ᠭᠤᠷᠪᠠ᠎ᠳᠤ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ᠎ᠳᠤ ᠲᠦᠰᠢᠭᠯᠡᠨ ᠤᠯᠠᠨ ᠲᠦᠮᠡᠨ᠎ᠳᠤ ᠦᠢ᠍ᠯᠡᠴᠢᠯᠡᠬᠦ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠦᠨ᠎ᠡ᠃ ᠪᠢ ᠦᠨᠳᠦᠰᠦᠨ ᠱᠠᠲᠤᠨ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠬᠦ᠎ᠳᠡᠭᠡᠨ᠂ ᠮᠠᠰᠢ ᠤᠯᠠᠨ ᠵᠦᠢ᠍ᠯᠡᠰ᠎ᠲᠤ ᠰᠦᠢ᠍ᠳᠬᠡᠯ ᠬᠤᠷᠢᠶᠠᠬᠤ ᠦᠭᠡᠢ ᠪᠣᠯᠪᠠᠴᠤ ᠬᠠᠮᠢᠶᠠᠷᠬᠤ ᠬᠥᠮᠥᠨ ᠴᠤ᠌ ᠦᠭᠡᠢ ᠪᠣᠯᠬᠣᠷ ᠵᠠᠷᠢᠮ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠪᠠᠲᠤᠯᠠᠬᠤ ᠵᠢᠨ ᠠᠷᠭ᠎ᠠ ᠦᠭᠡᠢ ᠪᠣᠯᠭ᠋ᠠᠭᠰᠠᠨ᠎ᠢ ᠣᠯᠵᠤ ᠮᠠᠲᠠᠵᠠᠢ᠃ ᠪᠢᠳᠡ ᠶᠠᠭ 《ᠨᠠᠢ᠌ᠳᠠ ᠵᠢᠨ ᠠᠰᠠᠷᠠᠮᠵᠢ + ᠵᠠᠬ᠎ᠠ ᠳᠡᠯᠭᠡᠭᠦᠷ》᠎ᠤᠨ ᠡᠵᠡᠩᠨᠡᠯᠲᠡ ᠵᠢᠨ ᠵᠠᠭᠪᠤᠷ᠎ᠢ ᠰᠦᠪᠡᠭᠴᠢᠯᠡᠨ ᠲᠡᠭᠦᠯᠳᠡᠷᠵᠢᠭᠦᠯᠵᠦ᠂ ᠨᠠᠩ ᠤᠯᠠᠨ ᠡᠵᠡᠩᠨᠡᠯᠲᠡ ᠵᠢᠨ ᠭᠣᠣᠯ ᠴᠣᠭᠴᠠ ᠵᠢ ᠲᠡᠳᠡᠨ ᠰᠤᠷᠭ᠋ᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ ᠵᠡᠷᠭᠡ ᠤᠯᠠᠨ ᠨᠠᠢ᠌ᠳᠠ ᠵᠢᠨ ᠦᠢ᠍ᠯᠡᠰ᠎ᠲᠤ ᠪᠡᠯᠡ ᠣᠷᠣᠭᠤᠯᠵᠤ᠂ ᠤᠯᠠᠨ ᠲᠦᠮᠡᠨ᠎ᠤ ᠴᠢᠨᠠᠷ ᠰᠠᠢ᠌ᠲᠠᠢ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠶ᠋ᠢᠨ ᠬᠠᠩᠭ᠋ᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠰᠢ ᠵᠢᠨ ᠫᠢᠩ᠄ ᠡᠷᠬᠡᠪᠰᠢ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠬᠡᠷᠡᠭᠲᠡᠶ (ᠳᠡᠭᠡᠳᠦ)
 
             蒙ICP备05000248号