ᠨᠢᠭᠡ
ᠳᠡᠯᠡᠬᠡᠢ ᠳᠡᠭᠡᠷ᠎ᠡ ᠣᠷᠣᠨ ᠪᠦᠬᠦᠨ᠎ᠳᠤ ᠲᠣᠬᠢᠷᠠᠬᠤ ᠬᠥᠭᠵᠢᠯᠲᠡ ᠵᠢᠨ ᠵᠠᠮ ᠪᠠ ᠬᠥᠭᠵᠢᠯᠲᠡ ᠵᠢᠨ ᠬᠡᠪ ᠵᠠᠭᠪᠤᠷ ᠭᠡᠵᠦ ᠪᠠᠶ᠋ᠢᠬᠤ ᠦᠭᠡᠢ᠂ ᠬᠡᠵᠢᠶᠡᠳᠡ ᠬᠤᠪᠢᠷᠠᠰᠢ ᠦᠭᠡᠢ ᠬᠥᠭᠵᠢᠯᠲᠡ ᠵᠢᠨ ᠵᠠᠮ ᠪᠠ ᠬᠥᠭᠵᠢᠯᠲᠡ ᠵᠢᠨ ᠬᠡᠪ ᠵᠠᠭᠪᠤᠷ ᠭᠡᠵᠦ ᠴᠦ᠍ ᠪᠠᠶ᠋ᠢᠬᠤ ᠦᠭᠡᠢ ᠭᠡᠵᠦ ᠪᠢᠳᠡ ᠬᠡᠯᠡᠵᠦ ᠥᠩᠭᠡᠷᠡᠭᠰᠡᠨ ᠪᠢᠯᠡ᠃ ᠪᠢᠳᠡᠨ᠎ᠤ ᠥᠩᠭᠡᠷᠡᠭᠰᠡᠨ᠎ᠤ ᠣᠯᠣᠭᠰᠠᠨ ᠦᠢ᠍ᠯᠡᠳᠦᠯᠭᠡ ᠪᠠ ᠤᠨᠤᠯ᠎ᠤᠨ ᠦᠷ᠎ᠡ ᠪᠦᠲᠦᠭᠡᠯ᠎ᠨᠢ ᠪᠢᠳᠡᠨ᠎ᠤ ᠤᠷᠤᠭᠰᠢᠯᠠᠯᠲᠠ ᠵᠢᠨ ᠳᠤᠮᠳᠠᠬᠢ ᠠᠰᠠᠭᠤᠳᠠᠯ᠎ᠳᠤ ᠨᠡᠩ ᠰᠠᠢ᠍ᠢ᠍ᠨ ᠬᠠᠨᠳᠤᠬᠤ ᠪᠠ ᠲᠡᠭᠦᠨ᠎ᠢ ᠰᠢᠢ᠍ᠳᠪᠦᠷᠢᠯᠡᠬᠦ᠎ᠳᠤ ᠬᠠᠪᠰᠤᠷᠤᠮᠵᠢ ᠪᠣᠯᠵᠤ ᠴᠢᠳᠠᠨ᠎ᠠ᠂ ᠭᠡᠪᠡᠴᠦ ᠪᠢᠳᠡᠨ᠎ᠤ ᠣᠮᠣᠷᠬᠠᠭᠯᠠᠨ ᠪᠠᠷᠳᠠᠮᠨᠠᠬᠤ ᠵᠢᠨ ᠰᠢᠯᠲᠠᠭ᠋ᠠᠨ ᠪᠣᠯᠵᠤ ᠪᠣᠯᠬᠤ ᠦᠭᠡᠢ᠂ ᠨᠡᠩ ᠴᠤ᠌ ᠪᠢᠳᠡᠨ᠎ᠤ ᠦᠷᠭᠦᠯᠵᠢᠯᠡᠨ ᠤᠷᠤᠭᠰᠢᠯᠠᠬᠤ ᠵᠢᠨ ᠳᠠᠷᠤᠭ᠋ᠠᠰᠤ ᠪᠣᠯᠵᠤ ᠪᠣᠯᠬᠤ ᠦᠭᠡᠢ᠃ ᠮᠠᠨ᠎ᠤ ᠦᠢ᠍ᠯᠡᠰ ᠤᠯᠠᠮ ᠤᠷᠤᠭᠰᠢᠯᠠᠵᠤ᠂ ᠤᠯᠠᠮ ᠬᠥᠭᠵᠢᠬᠦ ᠲᠤᠲᠤᠮ ᠰᠢᠨ᠎ᠡ ᠪᠠᠶ᠋ᠢᠳᠠᠯ ᠰᠢᠨ᠎ᠡ ᠠᠰᠠᠭᠤᠳᠠᠯ ᠤᠯᠠᠮ ᠣᠯᠠᠰᠢᠷᠠᠵᠤ᠂ ᠲᠤᠯᠭ᠋ᠠᠷᠠᠬᠤ ᠠᠶᠤᠯ ᠲᠦᠭᠰᠢᠭᠦᠷᠢ ᠪᠠ ᠥᠷᠢᠰᠥᠯᠳᠦᠭᠡᠨ ᠤᠯᠠᠮ ᠣᠯᠠᠰᠢᠷᠠᠵᠤ᠂ ᠵᠢᠱ᠌ᠢᠵᠦ ᠮᠡᠳᠡᠰᠢ ᠤᠢ᠌ᠭᠡᠢ ᠤᠴᠢᠷ ᠶᠠᠪᠤᠳᠠᠯ ᠤᠯᠠᠮ ᠣᠯᠠᠰᠢᠷᠠᠬᠤ ᠪᠣᠯᠣᠨ᠎ᠠ᠃ ᠪᠢᠳᠡ ᠡᠷᠬᠡᠪᠰᠢ ᠰᠠᠨᠠᠭ᠋ᠠᠰᠢᠷᠠᠬᠤ ᠤᠬᠠᠮᠰᠠᠷ ᠵᠶ᠋ᠠᠨ ᠴᠢᠩᠭ᠋ᠠᠳᠬᠠᠵᠤ᠂ ᠠᠮᠤᠷ ᠲᠦᠪᠰᠢᠨ ᠪᠠᠶ᠋ᠢᠬᠤ ᠦᠶ᠎ᠡ᠎ᠳᠡᠭᠡᠨ ᠠᠶᠤᠯ ᠲᠦᠭᠰᠢᠭᠦᠷᠢ ᠵᠢ ᠮᠠᠷᠲᠠᠬᠤ ᠦᠭᠡᠢ ᠪᠠᠶ᠋ᠢᠬᠤ ᠬᠡᠷᠡᠭᠲᠡᠶ᠃ ᠦᠵᠡᠯ ᠰᠠᠨᠠᠭ᠎ᠠ᠎ᠪᠠᠨ ᠴᠢᠯᠦᠭᠡᠯᠡᠬᠦ᠂ ᠦᠨᠡᠨ᠎ᠠᠴᠠ ᠵᠥᠪ᠎ᠢ ᠡᠷᠢᠬᠦ᠂ ᠴᠠᠭ ᠦᠶ᠎ᠡ᠎ᠲᠠᠢ ᠵᠡᠷᠭᠡ᠎ᠪᠡᠷ ᠤᠷᠤᠭᠰᠢᠯᠠᠬᠤ ᠪᠣᠯ ᠮᠠᠷᠺᠰ᠎ᠤᠨ ᠦᠵᠡᠯ᠎ᠤᠨ ᠠᠮᠢᠨ ᠰᠦᠨᠡᠰᠦ ᠮᠥᠨ᠂ ᠪᠢᠳᠡᠨ᠎ᠤ ᠰᠢᠨ᠎ᠡ ᠪᠠᠶ᠋ᠢᠳᠠᠯ᠎ᠳᠤ ᠵᠣᠬᠢᠴᠠᠬᠤ᠂ ᠰᠢᠨ᠎ᠡ ᠬᠡᠷᠡᠭ ᠪᠣᠳᠠᠰ᠎ᠢ ᠲᠠᠨᠢᠬᠤ᠂ ᠰᠢᠨ᠎ᠡ ᠡᠭᠦᠷᠭᠡ ᠵᠢ ᠪᠡᠶᠡᠯᠡᠭᠦᠯᠬᠦ ᠵᠢᠨ ᠦᠵᠡᠯ ᠰᠠᠨᠠᠭ᠋ᠠᠨ᠎ᠤ ᠦᠨᠳᠦᠰᠦᠨ ᠵᠡᠪᠰᠡᠭ ᠮᠥᠨ᠃ ᠪᠦᠬᠦ ᠨᠠᠮ᠎ᠤᠨ ᠨᠥᠬᠥᠳ ᠡᠩ ᠲᠡᠷᠢᠭᠦᠨ᠎ᠳᠤ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠡᠷᠬᠡᠪᠰᠢ ᠮᠠᠷᠺᠰ᠎ᠤᠨ ᠦᠵᠡᠯ᠎ᠤᠨ ᠬᠥᠭᠵᠢᠯᠲᠡ ᠵᠢᠨ ᠦᠵᠡᠯᠲᠡ ᠵᠢ ᠪᠠᠷᠢᠮᠲᠠᠯᠠᠵᠤ᠂ ᠦᠢ᠍ᠯᠡᠳᠦᠯᠭᠡ ᠪᠣᠯ ᠦᠨᠡᠨ ᠶᠣᠰᠣ ᠵᠢ ᠰᠢᠯᠭ᠋ᠠᠬᠤ ᠴᠣᠷ᠎ᠤᠨ ᠭᠠᠭᠴᠠ ᠪᠠᠷᠢᠮᠵᠢᠶ᠎ᠠ ᠮᠥᠨ ᠭᠡᠳᠡᠭ᠎ᠢ ᠪᠠᠷᠢᠮᠲᠠᠯᠠᠵᠤ᠂ ᠲᠡᠦᠬᠡ ᠵᠢᠨ ᠰᠠᠨᠠᠭ᠋ᠠᠴᠢᠯᠠᠭ᠋ᠠᠲᠤ ᠴᠢᠨᠠᠷ ᠪᠠ ᠪᠦᠲᠦᠭᠡᠯᠴᠢ ᠴᠢᠨᠠᠷ᠎ᠢ ᠪᠠᠳᠠᠷᠠᠭᠤᠯᠵᠤ᠂ ᠳᠡᠯᠡᠬᠡᠢ ᠵᠢᠨ ᠪᠠᠶ᠋ᠢᠳᠠᠯ᠂ ᠤᠯᠤᠰ᠎ᠤᠨ ᠪᠠᠶ᠋ᠢᠳᠠᠯ᠂ ᠨᠠᠮ᠎ᠤᠨ ᠪᠠᠶ᠋ᠢᠳᠠᠯ᠎ᠤᠨ ᠬᠤᠪᠢᠷᠠᠬᠤ ᠪᠠ ᠬᠤᠪᠢᠷᠠᠬᠤ ᠦᠭᠡᠢ ᠪᠠᠶ᠋ᠢᠬᠤ ᠵᠢ ᠰᠡᠷᠭᠡᠭ ᠵᠶ᠋ᠡᠷ ᠲᠠᠨᠢᠵᠤ᠂ ᠬᠡᠵᠢᠶᠡᠳᠡ ᠠᠭᠤᠯᠠ ᠲᠠᠭ᠋ᠠᠷᠠᠪᠠᠯ ᠵᠠᠮ ᠨᠡᠭᠡᠭᠡᠬᠦ᠂ ᠭᠣᠣᠯ ᠲᠠᠭ᠋ᠠᠷᠠᠪᠠᠯ ᠬᠥᠭᠥᠷᠭᠡ ᠲᠠᠯᠪᠢᠬᠤ ᠵᠣᠷᠢᠭ ᠰᠠᠨᠠᠭ᠎ᠠ᠎ᠲᠠᠢ ᠪᠠᠢ᠌ᠵᠤ᠂ ᠡᠷᠡᠰ ᠰᠢᠭᠤᠷᠬᠠᠢ᠎ᠪᠠᠷ ᠤᠷᠤᠭᠰᠢᠯᠠᠨ ᠳᠠᠪᠰᠢᠵᠤ᠂ ᠵᠣᠷᠢᠭᠲᠠᠢ᠎ᠪᠠᠷ ᠬᠠᠢ᠌ᠨ ᠰᠦᠪᠡᠭᠴᠢᠯᠡᠵᠦ᠂ ᠪᠣᠳᠠᠲᠤ ᠠᠮᠢᠳᠤᠷᠠᠯ᠎ᠤᠨ ᠳᠤᠮᠳᠠᠬᠢ ᠪᠠ ᠤᠯᠠᠨ ᠲᠦᠮᠡᠨ᠎ᠤ ᠦᠵᠡᠯ ᠰᠠᠨᠠᠭ᠋ᠠᠨ᠎ᠤ ᠲᠠᠯ᠎ᠠ᠎ᠪᠠᠷ ᠲᠤᠯᠭ᠋ᠠᠮ᠎ᠠ ᠰᠢᠢ᠍ᠳᠪᠦᠷᠢᠯᠡᠬᠦ ᠴᠢᠬᠤᠯᠠᠲᠠᠢ ᠠᠰᠠᠭᠤᠳᠠᠯ᠎ᠢ ᠵᠣᠷᠢᠭᠲᠠᠢ ᠪᠥᠭᠡᠳ ᠴᠢᠳᠠᠮᠠᠭ᠋ᠠᠢ᠎ᠪᠠᠷ ᠵᠠᠳᠠᠯᠤᠨ ᠬᠠᠷᠢᠭᠤᠯᠵᠤ᠂ ᠥᠭᠡᠷᠡᠴᠢᠯᠡᠯᠲᠡ ᠨᠡᠭᠡᠭᠡᠯᠲᠡ ᠵᠢ ᠲᠠᠰᠤᠷᠠᠯᠳᠠ ᠦᠭᠡᠢ ᠭᠦᠨᠵᠡᠭᠡᠢ᠌ᠷᠡᠭᠦᠯᠦᠨ᠂ ᠲᠠᠰᠤᠷᠠᠯᠳᠠ ᠦᠭᠡᠢ ᠵᠣᠬᠢᠬᠤ ᠢᠯᠡᠷᠡᠭᠦᠯᠦᠯᠲᠡ᠎ᠲᠠᠢ᠂ ᠵᠣᠬᠢᠬᠤ ᠡᠭᠦᠳᠦᠯᠲᠡ᠎ᠲᠠᠢ᠂ ᠵᠣᠬᠢᠬᠤ ᠤᠷᠤᠭᠰᠢᠯᠠᠯᠲᠠ᠎ᠲᠠᠢ ᠪᠠᠢ᠌ᠵᠤ᠂ ᠤᠨᠤᠯ᠎ᠤᠨ ᠰᠢᠨ᠎ᠡ ᠡᠭᠦᠳᠦᠯᠲᠡ᠂ ᠦᠢ᠍ᠯᠡᠳᠦᠯᠭᠡ ᠵᠢᠨ ᠰᠢᠨ᠎ᠡ ᠡᠭᠦᠳᠦᠯᠲᠡ᠂ ᠳᠦᠷᠢᠮ᠎ᠤᠨ ᠰᠢᠨ᠎ᠡ ᠡᠭᠦᠳᠦᠯᠲᠡ ᠵᠢ ᠲᠠᠰᠤᠷᠠᠯᠳᠠ ᠦᠭᠡᠢ ᠲᠦᠯᠬᠢᠨ ᠠᠬᠢᠭᠤᠯᠬᠤ ᠬᠡᠷᠡᠭᠲᠡᠶ᠃
(2013 ᠣᠨ᠎ᠤ 1 ᠰᠠᠷ᠎ᠠ ᠵᠢᠨ 5᠎ᠤ ᠡᠳᠦᠷ ᠲᠥᠪ ᠬᠣᠷᠢᠶᠠᠨ᠎ᠳᠤ ᠰᠢᠨ᠎ᠡ᠎ᠪᠠᠷ ᠣᠷᠣᠭᠰᠠᠨ ᠭᠡᠰᠢᠭᠦᠨ᠂ ᠣᠷᠣᠯᠠᠭᠴᠢ ᠭᠡᠰᠢᠭᠦᠨ᠎ᠤ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠨᠭ᠌ᠬᠢ᠎ᠳᠤ ᠬᠡᠯᠡᠭᠰᠡᠨ ᠦᠭᠡ)
2024 ᠣᠨ᠎ᠤ 10 ᠰᠠᠷ᠎ᠠ ᠵᠢᠨ 29᠎ᠤ ᠡᠳᠦᠷ᠂ ᠮᠤᠵᠢ ᠶᠠᠮᠤᠨ᠎ᠤ ᠲᠡᠰ᠎ᠤᠨ ᠭᠣᠣᠯ ᠤᠳᠤᠷᠢᠳᠬᠤ ᠺᠠᠳ᠋ᠷ᠎ᠤᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠲᠥᠪ᠎ᠤᠨ ᠨᠠᠮ᠎ᠤᠨ ᠰᠤᠷᠭ᠋ᠠᠭᠤᠯᠢ(ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠎ᠳᠤ ᠰᠤᠷᠤᠯᠭ᠎ᠠ ᠡᠬᠢᠯᠡᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠵᠢᠦᠢ ᠫᠧᠩ ᠰᠡᠭᠦᠳᠡᠷᠯᠡᠪᠡ
ᠬᠣᠶᠠᠷ
ᠪᠢᠳᠡᠨ᠎ᠤ ᠬᠢᠵᠦ ᠪᠠᠢ᠌ᠭ᠎ᠠ ᠠᠵᠢᠯ ᠪᠣᠯ ᠤᠷᠢᠳ ᠡᠮᠦᠨ᠎ᠡ ᠪᠠᠢ᠌ᠭ᠎ᠠ ᠦᠭᠡᠢ ᠶᠤᠮ᠂ ᠪᠢᠳᠡ ᠮᠠᠷᠺᠰ ᠯᠧᠨᠢᠨ᠎ᠤ ᠦᠵᠡᠯ᠎ᠢ ᠰᠤᠷᠤᠯᠴᠠᠬᠤ ᠬᠡᠷᠡᠭᠲᠡᠶ᠂ ᠭᠡᠪᠡᠴᠦ ᠮᠠᠷᠺᠰ ᠯᠧᠨᠢᠨ᠎ᠤ ᠦᠵᠡᠯ᠎ᠤᠨ ᠰᠣᠩᠭᠣᠳᠠᠭ ᠵᠣᠬᠢᠶᠠᠯ᠎ᠨᠢ ᠪᠣᠳᠠᠲᠤ ᠠᠰᠠᠭᠤᠳᠠᠯ᠎ᠢ ᠰᠢᠢ᠍ᠳᠪᠦᠷᠢᠯᠡᠬᠦ ᠪᠡᠯᠡᠨ ᠬᠠᠷᠢᠭᠤᠯᠲᠠ ᠵᠢ ᠥᠭᠴᠦ ᠳᠡᠢ᠌ᠯᠬᠦ ᠦᠭᠡᠢ᠂ ᠵᠥᠪᠬᠡᠨ ᠲᠡᠭᠦᠨ᠎ᠤ ᠦᠨᠳᠦᠰᠦᠯᠡᠯ᠂ ᠵᠣᠭᠰᠣᠯᠲᠠ᠂ ᠦᠵᠡᠯᠲᠡ᠂ ᠠᠷᠭ᠎ᠠ ᠵᠢ ᠬᠡᠷᠡᠭᠯᠡᠵᠦ᠂ ᠥᠪᠡᠷ ᠵᠶ᠋ᠡᠨ ᠰᠦᠪᠡᠭᠴᠢᠯᠡᠬᠦ᠂ ᠣᠢ᠌ᠯᠠᠭ᠋ᠠᠬᠤ᠂ ᠰᠢᠨ᠎ᠡ ᠵᠢ ᠡᠭᠦᠳᠬᠦ᠎ᠪᠠᠷ ᠳᠠᠮᠵᠢᠭᠤᠯᠤᠨ ᠬᠠᠷᠢᠭᠤᠯᠲᠠ ᠥᠭᠬᠦ ᠬᠡᠷᠡᠭᠲᠡᠶ᠃ ᠥᠷᠥᠨᠡᠳᠠᠬᠢᠨ᠎ᠤ ᠶᠠᠭᠤᠮ᠎ᠠ᠎ᠪᠠᠷ ᠯᠠᠪᠯᠠᠯᠲᠠ ᠪᠣᠯᠭ᠋ᠠᠬᠤ ᠬᠡᠷᠡᠭᠲᠡᠶ᠂ ᠭᠡᠪᠡᠴᠦ ᠲᠡᠭᠦᠨ᠎ᠢ ᠪᠦᠷᠢᠮᠦᠰᠦᠨ ᠢᠲᠡᠭᠡᠵᠦ ᠪᠣᠯᠬᠤ ᠦᠭᠡᠢ᠂ ᠪᠥᠬᠥᠳᠡ ᠵᠢ ᠭᠥᠯᠢᠶᠡᠨ ᠠᠪᠴᠤ ᠪᠣᠯᠬᠤ ᠦᠭᠡᠢ᠃ ᠮᠠᠨ᠎ᠤ ᠬᠢᠵᠦ ᠪᠠᠢ᠌ᠭ᠎ᠠ ᠦᠢ᠍ᠯᠡᠰ᠎ᠲᠤ᠂ ᠪᠢᠳᠠ ᠪᠣᠯ ᠲᠦᠷᠦᠭᠦᠴᠢ᠂ ᠬᠠᠢ᠌ᠨ ᠰᠦᠪᠡᠭᠴᠢᠯᠡᠭᠴᠢ ᠮᠥᠨ᠂ ᠪᠢᠳᠠᠨ᠎ᠳᠤ ᠠᠪᠴᠢᠷᠠᠬᠤ ᠦᠵᠡᠯ᠎ᠤᠨ ᠣᠪᠣᠷ᠎ᠢ ᠠᠪᠴᠤ ᠪᠣᠯᠬᠤ ᠲᠤᠷᠰᠢᠯᠭ᠎ᠠ ᠵᠢ ᠬᠠᠩᠭ᠋ᠠᠵᠤ ᠥᠭᠬᠦ ᠬᠥᠮᠥᠨ ᠪᠠᠶ᠋ᠢᠬᠤ ᠦᠭᠡᠢ᠂ ᠡᠷᠬᠡᠪᠰᠢ ᠤᠨᠤᠯ᠎ᠤᠨ ᠲᠠᠯ᠎ᠠ᠎ᠪᠠᠷ ᠲᠡᠰᠦᠷᠡᠯᠳᠠ ᠤᠢ᠌ᠭᠡᠢ ᠬᠠᠢ᠌ᠨ ᠰᠦᠪᠡᠭᠴᠢᠯᠡᠵᠦ᠂ ᠲᠡᠰᠦᠷᠡᠯᠳᠠ ᠤᠢ᠌ᠭᠡᠢ ᠰᠢᠪᠲᠤᠯᠤᠯᠲᠠ ᠭᠠᠷᠭ᠋ᠠᠬᠤ᠎ᠪᠠᠷ ᠳᠠᠮᠵᠢᠭᠤᠯᠤᠨ ᠦᠢ᠍ᠯᠡᠳᠦᠯᠭᠡ᠎ᠪᠠᠨ ᠵᠢᠯᠣᠭᠣᠳᠤᠭᠤᠯᠬᠤ ᠵᠢᠨ ᠬᠠᠮᠲᠤ ᠦᠢ᠍ᠯᠡᠳᠦᠯᠭᠡ ᠵᠢᠨ ᠳᠤᠮᠳᠠ᠎ᠠᠴᠠ ᠡᠷᠢᠯᠬᠢᠯᠡᠨ ᠣᠯᠣᠭᠰᠠᠨ ᠵᠢᠮ᠎ᠡ ᠶᠣᠰᠣ᠎ᠪᠠᠷ ᠮᠠᠨ᠎ᠤ ᠤᠨᠤᠯ ᠵᠶ᠋ᠠᠨ ᠳᠡᠭᠡᠭᠰᠢᠯᠡᠭᠦᠯᠬᠦ ᠬᠡᠷᠡᠭᠲᠡᠶ᠃
(2015 ᠣᠨ᠎ᠤ 12 ᠰᠠᠷ᠎ᠠ ᠵᠢᠨ 28᠎ᠤ ᠡᠳᠦᠷ᠂ 29᠎ᠤ ᠡᠳᠦᠷ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ 《ᠭᠤᠷᠪᠠᠨ ᠴᠢᠩᠭ᠎ᠠ ᠭᠤᠷᠪᠠᠨ ᠪᠣᠳᠠᠲᠠᠢ》 ᠪᠠᠶ᠋ᠢᠬᠤ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠳᠡᠭᠡᠷ᠎ᠡ ᠬᠡᠯᠡᠭᠰᠡᠨ ᠦᠭᠡ)
ᠭᠤᠷᠪᠠ
ᠮᠠᠷᠺᠰ᠎ᠤᠨ ᠦᠵᠡᠯ᠎ᠳᠤ ᠬᠠᠨᠳᠤᠬᠤ᠎ᠳᠠᠭᠠᠨ ᠨᠣᠮᠯᠠᠯ᠎ᠤᠨ ᠦᠵᠡᠯ᠎ᠤᠨ ᠣᠪᠣᠷ᠎ᠢ ᠠᠪᠴᠤ ᠪᠣᠯᠬᠤ ᠦᠭᠡᠢ᠂ ᠬᠡᠷᠡᠭᠯᠡᠭᠡᠨ᠎ᠤ ᠦᠵᠡᠯ᠎ᠤᠨ ᠣᠪᠣᠷ᠎ᠢ ᠴᠤ᠌ ᠠᠪᠴᠤ ᠪᠣᠯᠬᠤ ᠦᠭᠡᠢ᠃ ᠬᠡᠷᠪᠡ ᠲᠡᠦᠬᠡ ᠵᠢᠨ ᠨᠥᠬᠥᠴᠡᠯ ᠪᠠ ᠣᠳᠣᠬᠢ ᠪᠠᠶ᠋ᠢᠳᠠᠯ᠎ᠤᠨ ᠬᠤᠪᠢᠷᠠᠯᠲᠠ ᠵᠢ ᠬᠠᠶ᠋ᠢᠬᠤᠷᠬᠤ ᠦᠭᠡᠢ᠎ᠪᠠᠷ ᠮᠠᠷᠺᠰ᠎ᠤᠨ ᠦᠵᠡᠯ᠎ᠤᠨ ᠰᠣᠩᠭᠣᠳᠠᠭ ᠵᠣᠬᠢᠶᠠᠯᠴᠢᠳ᠎ᠤᠨ ᠣᠨᠴᠠᠭ᠋ᠠᠢ ᠲᠡᠦᠬᠡᠨ ᠨᠥᠬᠥᠴᠡᠯ᠎ᠤᠨ ᠳᠣᠣᠷ᠎ᠠ ᠪᠣᠳᠠᠲᠤ ᠪᠠᠶ᠋ᠢᠳᠠᠯ᠎ᠳᠤ ᠴᠢᠭᠯᠡᠭᠦᠯᠦᠨ ᠭᠠᠷᠭ᠋ᠠᠭᠰᠠᠨ ᠣᠨᠴᠠ ᠵᠠᠷᠢᠮ ᠨᠤᠲᠠᠯᠠᠯᠲᠠ ᠪᠠ ᠪᠣᠳᠠᠲᠠᠢ ᠠᠵᠢᠯᠯᠠᠭ᠋ᠠᠨ᠎ᠤ ᠬᠥᠲᠥᠯᠪᠦᠷᠢ᠎ᠳᠤ ᠪᠠᠷᠢᠭᠳᠠᠬᠤ᠎ᠳᠤ ᠬᠦᠷᠪᠡᠯ᠂ ᠪᠢᠳᠡ ᠳᠠᠷᠤᠢ ᠦᠵᠡᠯ ᠰᠠᠨᠠᠭ᠎ᠠ᠎ᠪᠠᠨ ᠪᠣᠳᠠᠲᠤ ᠪᠠᠶ᠋ᠢᠳᠠᠯ᠎ᠠᠴᠠ ᠰᠠᠯᠭ᠋ᠠᠭᠰᠠᠨ᠎ᠠᠴᠠ ᠪᠣᠯᠵᠤ ᠤᠷᠤᠭᠰᠢᠲᠠᠢ᠎ᠪᠠᠷ ᠤᠷᠤᠭᠰᠢᠯᠠᠵᠤ ᠴᠢᠳᠠᠬᠤ ᠦᠭᠡᠢ ᠪᠣᠯᠬᠤ ᠪᠥᠭᠡᠳ ᠴᠢᠨᠠᠭᠰᠢᠯᠠᠪᠠᠯ ᠠᠯᠳᠠᠰᠢ ᠭᠠᠷᠭ᠋ᠠᠬᠤ᠎ᠳᠤ ᠬᠦᠷᠦᠨ᠎ᠠ᠃ ᠶᠠᠭᠤ ᠪᠥᠬᠥᠨ᠎ᠢ ᠴᠥᠮ ᠮᠠᠷᠺᠰ᠎ᠤᠨ ᠦᠵᠡᠯ᠎ᠤᠨ ᠰᠣᠩᠭᠣᠳᠠᠭ ᠵᠣᠬᠢᠶᠠᠯᠴᠢᠳ᠎ᠤᠨ ᠦᠭᠡ ᠵᠢᠨ ᠲᠡᠭᠦᠪᠦᠷᠢ᠎ᠪᠠᠷ ᠶᠠᠷᠢᠳᠠᠭ᠂ ᠮᠠᠷᠺᠰ᠎ᠤᠨ ᠦᠵᠡᠯ᠎ᠤᠨ ᠰᠣᠩᠭᠣᠳᠠᠭ ᠵᠣᠬᠢᠶᠠᠯᠴᠢᠳ᠎ᠤᠨ ᠬᠡᠯᠡᠵᠦ ᠥᠩᠭᠡᠷᠡᠭᠰᠡᠨ ᠦᠭᠡᠢ ᠵᠦᠢ᠍ᠯ᠎ᠢ ᠬᠡᠯᠡᠵᠦ ᠪᠣᠯᠬᠤ ᠦᠭᠡᠢ ᠭᠡᠳᠡᠭ᠎ᠨᠢ ᠮᠠᠷᠺᠰ᠎ᠤᠨ ᠦᠵᠡᠯ᠎ᠤᠨ ᠣᠪᠣᠷ ᠪᠢᠰᠢ᠃ ᠡᠭᠦᠨ᠎ᠤ ᠬᠠᠮᠲᠤ᠂ ᠬᠡᠷᠡᠭᠴᠡᠭᠡ᠎ᠪᠠᠨ ᠦᠨᠳᠦᠰᠦᠯᠡᠨ ᠨᠢᠭᠡ ᠤᠯᠠᠨ ᠦᠭᠡ ᠵᠢᠨ ᠲᠡᠭᠦᠪᠦᠷᠢ ᠵᠢ ᠡᠷᠢᠵᠦ᠂ ᠶᠠᠮᠠᠷ ᠴᠤ᠌ ᠶᠠᠪᠤᠳᠠᠯ᠎ᠢ ᠴᠥᠮ ᠮᠠᠷᠺᠰ᠂ ᠡᠩᠭᠧᠯᠰ ᠲᠤᠬᠠᠢ ᠵᠢᠨ ᠵᠢᠯ᠎ᠳᠤ ᠬᠡᠯᠡᠵᠦ ᠥᠩᠭᠡᠷᠡᠭᠰᠡᠨ ᠭᠡᠵᠦ᠂ ᠠᠮᠢᠳᠤᠯᠢᠭ ᠪᠣᠳᠠᠲᠠᠢ ᠦᠢ᠍ᠯᠡᠳᠦᠯᠭᠡ ᠵᠢᠨ ᠬᠥᠭᠵᠢᠯᠲᠡ ᠪᠠ ᠰᠢᠨ᠎ᠡ ᠡᠭᠦᠳᠦᠯᠲᠡ ᠵᠢ ᠠᠯᠪᠠ᠎ᠪᠠᠷ 《ᠡᠰᠬᠡᠬᠦ》᠎ᠨᠢ ᠮᠥᠨ ᠴᠦ᠍ ᠮᠠᠷᠺᠰ᠎ᠤᠨ ᠦᠵᠡᠯ᠎ᠤᠨ ᠣᠪᠣᠷ ᠪᠢᠰᠢ ᠶᠤᠮ᠃
(2016 ᠣᠨ᠎ᠤ 5 ᠰᠠᠷ᠎ᠠ ᠵᠢᠨ 17᠎ᠤ ᠡᠳᠦᠷ ᠭᠦᠨ ᠤᠬᠠᠭ᠋ᠠᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠠᠵᠢᠯ᠎ᠤᠨ ᠶᠠᠷᠢᠯᠴᠠᠬᠤ ᠬᠤᠷᠠᠯ ᠳᠡᠭᠡᠷ᠎ᠡ ᠬᠡᠯᠡᠭᠰᠡᠨ ᠦᠭᠡ)
ᠳᠥᠷᠪᠡ
ᠪᠢᠳᠡ ᠵᠠᠮ᠎ᠤᠨ ᠢᠲᠡᠭᠡᠯ᠂ ᠤᠨᠤᠯ᠎ᠤᠨ ᠢᠲᠡᠭᠡᠯ᠂ ᠪᠠᠢ᠌ᠭᠤᠯᠤᠯ᠎ᠤᠨ ᠢᠲᠡᠭᠡᠯ᠂ ᠰᠣᠶᠣᠯ᠎ᠤᠨ ᠢᠲᠡᠭᠡᠯ ᠵᠶ᠋ᠡᠨ ᠪᠠᠲᠤᠳᠬᠠᠬᠤ ᠵᠢ ᠴᠢᠬᠤᠯᠠᠴᠢᠯᠠᠵᠤ ᠪᠠᠢ᠌ᠭ᠎ᠠ᠎ᠨᠢ ᠬᠠᠭᠤᠴᠢᠨ ᠵᠶ᠋ᠠᠨ ᠪᠠᠷᠢᠮᠲᠠᠯᠠᠵᠤ ᠬᠡᠪᠰᠢᠷᠡᠨ ᠵᠣᠭᠰᠤᠩᠭᠤᠢ᠌ᠷᠠᠵᠤ᠂ ᠤᠷᠤᠭᠰᠢᠯᠠᠨ ᠲᠠᠪᠰᠢᠬᠤ ᠵᠢ ᠪᠤᠳᠤᠬᠤ ᠦᠭᠡᠢ ᠭᠡᠰᠡᠨ ᠦᠭᠡ ᠪᠢᠰᠢ᠂ ᠪᠢᠳᠡ ᠡᠷᠬᠡᠪᠰᠢ ᠲᠠᠰᠤᠷᠠᠯᠳᠠ ᠦᠭᠡᠢ᠎ᠪᠠᠷ ᠵᠣᠬᠢᠬᠤ ᠢᠯᠡᠷᠡᠭᠦᠯᠦᠯᠲᠡ᠎ᠲᠠᠢ᠂ ᠵᠣᠬᠢᠬᠤ ᠢᠯᠡᠷᠡᠭᠦᠯᠦᠯᠲᠡ᠎ᠲᠠᠢ᠂ ᠵᠣᠬᠢᠬᠤ ᠡᠭᠦᠳᠦᠯᠲᠡ᠎ᠲᠠᠢ᠂ ᠵᠣᠬᠢᠬᠤ ᠤᠷᠤᠭᠰᠢᠯᠠᠯᠲᠠ᠎ᠲᠠᠢ ᠪᠠᠢ᠌ᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠢ ᠥᠨᠢ ᠡᠭᠦᠷᠢᠳᠡ ᠴᠤᠭ ᠪᠠᠳᠠᠷᠠᠩᠭᠤᠢ ᠠᠮᠢᠵᠢᠷᠠᠯ᠎ᠤᠨ ᠬᠦᠴᠦᠨ ᠵᠶ᠋ᠡᠷ ᠪᠢᠯᠬᠠᠮ᠎ᠠ ᠪᠣᠯᠭ᠋ᠠᠬᠤ ᠬᠡᠷᠡᠭᠲᠡᠶ᠃ ᠡᠭᠦᠨ᠎ᠤ ᠵᠡᠷᠭᠡᠴᠡᠭᠡᠪᠡᠷ᠂ ᠮᠠᠨ᠎ᠤ ᠬᠢᠵᠦ ᠪᠠᠢ᠌ᠭ᠎ᠠ ᠠᠯᠢᠪᠠ ᠲᠡᠭᠦᠯᠳᠡᠷᠵᠢᠯᠲᠡ ᠪᠠ ᠰᠠᠢ᠌ᠵᠢᠷᠠᠭᠤᠯᠤᠯᠲᠠ ᠪᠣᠯ ᠴᠥᠮ ᠲᠣᠭᠲᠠᠭᠰᠠᠨ ᠴᠢᠭᠯᠡᠯ᠎ᠤᠨ ᠲᠠᠯ᠎ᠠ᠎ᠪᠠᠷ ᠦᠷᠭᠦᠯᠵᠢᠯᠡᠨ ᠤᠷᠤᠭᠰᠢᠯᠠᠵᠤ ᠪᠠᠢ᠌ᠭ᠎ᠠ ᠶᠠᠪᠤᠳᠠᠯ ᠪᠣᠯᠬᠤ᠎ᠠᠴᠠ ᠪᠢᠰᠢ᠂ ᠴᠢᠭᠯᠡᠯ ᠵᠶ᠋ᠡᠨ ᠬᠤᠪᠢᠷᠠᠭᠤᠯᠬᠤ ᠶᠠᠪᠤᠳᠠᠯ ᠪᠢᠰᠢ᠂ ᠨᠡᠩ ᠴᠤ᠌ ᠮᠠᠨ᠎ᠤ ᠨᠠᠮ᠂ ᠤᠯᠤᠰ ᠣᠷᠣᠨ᠂ ᠠᠷᠠᠳ ᠲᠦᠮᠡᠨ᠎ᠤ ᠣᠷᠣᠰᠢᠨ ᠲᠣᠭᠲᠠᠨᠢᠬᠤ ᠵᠢᠨ ᠦᠨᠳᠦᠰᠦᠨ ᠵᠦᠢ᠍ᠯ᠎ᠢ ᠲᠠᠶᠠᠭᠳᠠᠬᠤ ᠶᠠᠪᠤᠳᠠᠯ ᠪᠢᠰᠢ ᠭᠡᠳᠡᠭ᠎ᠢ ᠪᠢᠳᠡ ᠥᠨᠢ ᠡᠭᠦᠷᠢᠳᠡ ᠴᠡᠭᠡᠵᠢᠯᠡᠵᠦ ᠶᠠᠪᠤᠬᠤ ᠬᠡᠷᠡᠭᠲᠡᠶ᠃
(2016 ᠣᠨ᠎ᠤ 10 ᠰᠠᠷ᠎ᠠ ᠵᠢᠨ 21᠎ᠤ ᠡᠳᠦᠷ ᠤᠯᠠᠭ᠋ᠠᠨ ᠴᠡᠷᠢᠭ᠎ᠤᠨ ᠤᠷᠳᠤ ᠵᠠᠮ᠎ᠤᠨ ᠠᠶᠠᠨ ᠲᠡᠢ᠌ᠨ᠎ᠤ ᠢᠯᠠᠯᠲᠠ ᠣᠯᠣᠭᠰᠠᠨ 80 ᠵᠢᠯ᠎ᠤᠨ ᠤᠢ ᠵᠢ ᠳᠤᠷᠠᠰᠬᠠᠬᠤ ᠶᠡᠬᠡ ᠬᠤᠷᠠᠯ ᠳᠡᠭᠡᠷ᠎ᠡ ᠬᠡᠯᠡᠭᠰᠡᠨ ᠦᠭᠡ)
ᠲᠠᠪᠤ
ᠦᠢ᠍ᠯᠡᠳᠦᠯᠭᠡ ᠳᠠᠭᠤᠰᠤᠰᠢ ᠦᠭᠡᠢ᠂ ᠤᠨᠤᠯ᠎ᠤᠨ ᠲᠠᠯ᠎ᠠ᠎ᠪᠠᠷ ᠰᠢᠨ᠎ᠡ ᠵᠢ ᠡᠭᠦᠳᠬᠦ ᠶᠠᠪᠤᠳᠠᠯ ᠴᠤ᠌ ᠳᠠᠭᠤᠰᠤᠰᠢ ᠦᠭᠡᠢ ᠶᠤᠮ᠃ ᠳᠡᠯᠡᠬᠡᠢ ᠶᠢᠷᠲᠢᠨᠴᠦ ᠴᠠᠭ ᠢᠮᠠᠭᠲᠠ ᠬᠤᠪᠢᠷᠠᠵᠤ ᠪᠠᠢ᠌ᠨ᠎ᠠ᠂ ᠳᠤᠮᠳᠠᠳᠤ ᠤᠯᠤᠰ ᠴᠤ᠌ ᠴᠠᠭ ᠢᠮᠠᠭᠲᠠ ᠬᠤᠪᠢᠷᠠᠵᠤ ᠪᠠᠢ᠌ᠨ᠎ᠠ᠂ ᠪᠢᠳᠡ ᠡᠷᠬᠡᠪᠰᠢ ᠤᠨᠤᠯ᠎ᠤᠨ ᠲᠠᠯ᠎ᠠ᠎ᠪᠠᠷ ᠴᠠᠭ ᠦᠶ᠎ᠡ ᠵᠢ ᠲᠠᠭ᠋ᠠᠵᠤ᠂ ᠵᠢᠮ᠎ᠡ ᠶᠣᠰᠣ ᠵᠢ ᠲᠠᠰᠤᠷᠠᠯᠳᠠ ᠦᠭᠡᠢ ᠲᠠᠨᠢᠵᠤ᠂ ᠤᠨᠤᠯ᠎ᠤᠨ ᠲᠠᠯ᠎ᠠ᠎ᠪᠠᠷ ᠰᠢᠨ᠎ᠡ ᠵᠢ ᠡᠭᠦᠳᠬᠦ᠂ ᠦᠢ᠍ᠯᠡᠳᠦᠯᠭᠡ ᠵᠢᠨ ᠲᠠᠯ᠎ᠠ᠎ᠪᠠᠷ ᠰᠢᠨ᠎ᠡ ᠵᠢ ᠡᠭᠦᠳᠬᠦ᠂ ᠪᠠᠢ᠌ᠭᠤᠯᠤᠯ᠎ᠤᠨ ᠲᠠᠯ᠎ᠠ᠎ᠪᠠᠷ ᠰᠢᠨ᠎ᠡ ᠵᠢ ᠡᠭᠦᠳᠬᠦ᠂ ᠰᠣᠶᠣᠯ᠎ᠤᠨ ᠲᠠᠯ᠎ᠠ᠎ᠪᠠᠷ ᠰᠢᠨ᠎ᠡ ᠵᠢ ᠡᠭᠦᠳᠬᠦ ᠵᠢᠴᠢ ᠪᠤᠰᠤᠳ ᠡᠯ᠎ᠡ ᠲᠠᠯ᠎ᠠ᠎ᠪᠠᠷ ᠰᠢᠨ᠎ᠡ ᠵᠢ ᠡᠭᠦᠳᠬᠦ ᠵᠢ ᠲᠠᠰᠤᠷᠠᠯᠳᠠ ᠦᠭᠡᠢ ᠲᠦᠯᠬᠢᠨ ᠠᠬᠢᠭᠤᠯᠬᠤ ᠬᠡᠷᠡᠭᠲᠡᠶ᠃
(2017 ᠣᠨ᠎ᠤ 10 ᠰᠠᠷ᠎ᠠ ᠵᠢᠨ 18᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠤᠳᠠᠭ᠎ᠠ ᠵᠢᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ ᠳᠡᠭᠡᠷ᠎ᠡ ᠬᠢᠭᠰᠡᠨ ᠢᠯᠡᠳᠬᠡᠯ)
ᠵᠢᠷᠭᠤᠭ᠎ᠠ
ᠪᠢᠳᠡ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ᠎ᠪᠠᠷ ᠳᠠᠮᠵᠢᠭᠤᠯᠤᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠤᠨᠤᠯ᠎ᠤᠨ ᠰᠢᠰᠲ᠋ᠧᠮ᠎ᠢ ᠪᠦᠷᠢᠯᠳᠦᠭᠦᠯᠪᠡ᠂ ᠲᠥᠪ ᠶᠣᠰᠣ ᠵᠢ ᠰᠠᠬᠢᠬᠤ᠎ᠳᠤ ᠮᠠᠷᠺᠰ᠎ᠤᠨ ᠦᠵᠡᠯ᠂ ᠨᠡᠢ᠌ᠭᠡᠮ ᠵᠢᠷᠤᠮ᠎ᠠᠴᠠ ᠰᠠᠯᠵᠤ ᠪᠣᠯᠬᠤ ᠦᠭᠡᠢ᠂ ᠭᠡᠪᠡᠴᠦ ᠣᠩᠭᠣᠴᠠ ᠰᠡᠯᠢᠨ ᠰᠡᠯᠡᠮ᠎ᠡ ᠡᠷᠢᠬᠦ ᠪᠢᠰᠢ᠂ ᠪᠠᠰᠠ ᠤᠷᠤᠭᠰᠢ ᠬᠥᠭᠵᠢᠭᠦᠯᠵᠦ᠂ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠬᠤ ᠬᠡᠷᠡᠭᠲᠡᠶ᠂ ᠲᠡᠢ᠌ᠮᠦ ᠪᠢᠰᠢ ᠪᠣᠯ ᠬᠥᠰᠢᠭᠦᠷᠡᠵᠦ᠂ ᠬᠠᠭᠤᠴᠢᠷᠠᠵᠤ᠂ ᠴᠠᠭ᠎ᠠᠴᠠ ᠬᠣᠴᠣᠷᠤᠭᠰᠠᠨ ᠶᠠᠪᠤᠳᠠᠯ ᠪᠣᠯᠣᠨ᠎ᠠ᠃
(2019 ᠣᠨ᠎ᠤ 3 ᠰᠠᠷ᠎ᠠ ᠵᠢᠨ 18᠎ᠤ ᠡᠳᠦᠷ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠤᠨᠤᠯ᠎ᠤᠨ ᠬᠢᠴᠢᠶᠡᠯ᠎ᠤᠨ ᠪᠠᠭᠰᠢ ᠨᠠᠷ᠎ᠤᠨ ᠶᠠᠷᠢᠯᠴᠠᠬᠤ ᠬᠤᠷᠠᠯ ᠳᠡᠭᠡᠷ᠎ᠡ ᠬᠡᠯᠡᠭᠰᠡᠨ ᠦᠭᠡ)
ᠲᠤᠯᠤᠭ᠎ᠠ
ᠳᠤᠮᠳᠠᠳᠤ ᠵᠢᠨ ᠦᠨᠳᠦᠰᠦᠲᠡᠨ ᠪᠣᠯ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠳᠡᠭ ᠦᠨᠳᠦᠰᠦᠲᠡᠨ ᠮᠥᠨ᠃ ᠳᠤᠮᠳᠠᠳᠤ ᠵᠢᠨ ᠪᠣᠯᠪᠠᠰᠤᠨ᠎ᠤ ᠤᠯᠠᠮᠵᠢᠯᠠᠯ ᠣᠲᠣ ᠪᠣᠯᠲᠠᠯ᠎ᠠ ᠲᠠᠰᠤᠷᠠᠭ᠎ᠠ ᠦᠭᠡᠢ᠂ ᠪᠤᠰᠤᠳ᠎ᠢ ᠭᠠᠳᠠᠭᠤᠷᠴᠢᠯᠠᠬᠤ ᠴᠢᠨᠠᠷ ᠶᠡᠷᠦ᠎ᠠᠴᠠ ᠪᠠᠶ᠋ᠢᠬᠤ ᠦᠭᠡᠢ᠂ ᠬᠠᠷᠢᠨ ᠠᠭᠤᠴᠢᠯᠠᠨ ᠪᠠᠭᠲᠠᠭ᠋ᠠᠬᠤ ᠳᠤᠮᠳᠠ ᠲᠠᠰᠤᠷᠠᠯᠲᠠ ᠦᠭᠡᠢ ᠤᠯᠠᠷᠢᠨ ᠬᠥᠭᠵᠢᠵᠦ ᠪᠠᠢ᠌ᠨ᠎ᠠ᠃ ᠡᠷᠲᠡᠨ᠎ᠤ ᠲᠣᠷᠭ᠋ᠠᠨ ᠵᠠᠮ᠎ᠤᠨ ᠰᠣᠯᠢᠯᠴᠠᠭ᠎ᠠ᠎ᠪᠠᠷ ᠳᠠᠮᠵᠢᠨ᠂ ᠡᠷᠲᠡᠨ᠎ᠤ ᠭ᠋ᠷᠧᠭ᠎ᠤᠨ ᠪᠣᠯᠪᠠᠰᠤᠨ᠂ ᠡᠷᠲᠡᠨ᠎ᠤ ᠷᠣᠮᠠ ᠵᠢᠨ ᠪᠣᠯᠪᠠᠰᠤᠨ᠂ ᠭᠠᠵᠠᠷ᠎ᠤᠨ ᠳᠤᠮᠳᠠᠳᠤ ᠲᠠᠩᠭᠢᠰ᠎ᠤᠨ ᠪᠣᠯᠪᠠᠰᠤᠨ ᠵᠢᠴᠢ ᠪᠤᠷᠬᠠᠨ᠎ᠤ ᠱᠠᠰᠢᠨ᠂ ᠢᠰᠯᠠᠮ᠎ᠤᠨ ᠱᠠᠰᠢᠨ᠂ ᠾᠷᠢᠰᠲ᠋ᠣᠰ᠎ᠤᠨ ᠱᠠᠰᠢᠨ ᠪᠦᠷ ᠵᠠᠯᠭ᠋ᠠᠭ᠎ᠠ᠎ᠪᠠᠷ ᠳᠤᠮᠳᠠᠳᠤ ᠤᠯᠤᠰ᠎ᠲᠤ ᠣᠷᠣᠵᠤ᠂ ᠳᠤᠮᠳᠠᠳᠤ ᠵᠢᠨ ᠪᠣᠯᠪᠠᠰᠤᠨ᠎ᠲᠠᠢ ᠠᠭᠤᠰᠤᠯᠴᠠᠨ ᠬᠠᠮᠲᠤ ᠣᠷᠣᠰᠢᠵᠤ᠂ ᠣᠷᠣᠨ ᠨᠤᠲᠤᠭᠴᠢᠯᠠᠬᠤ ᠵᠢ ᠪᠡᠶᠡᠯᠡᠭᠦᠯᠵᠦ᠂ ᠪᠣᠯᠪᠠᠰᠤᠨ᠎ᠤ ᠮᠥᠷᠭᠥᠯᠳᠦᠭᠡᠨ ᠪᠠ ᠱᠠᠰᠢᠨ ᠰᠤᠷᠲᠠᠬᠤᠨ᠎ᠤ ᠲᠡᠢ᠌ᠨ ᠶᠡᠷᠦ᠎ᠠᠴᠠ ᠡᠭᠦᠰᠦᠭᠰᠡᠨ ᠦᠭᠡᠢ ᠶᠤᠮ᠃ ᠳᠤᠮᠳᠠᠳᠤ ᠵᠢᠨ ᠦᠨᠳᠦᠰᠦᠲᠡᠨ᠎ᠳᠤ ᠭᠠᠳᠠᠭ᠋ᠠᠳᠤ ᠵᠢ ᠲᠦᠷᠢᠮᠡᠬᠡᠢ᠌ᠯᠡᠬᠦ ᠤᠯᠠᠮᠵᠢᠯᠠᠯ ᠭᠡᠵᠦ ᠪᠠᠶ᠋ᠢᠬᠤ ᠦᠭᠡᠢ᠃ 600 ᠭᠠᠷᠤᠢ ᠵᠢᠯ᠎ᠤᠨ ᠡᠮᠦᠨ᠎ᠡ ᠵᠧᠩ ᠾᠧ ᠪᠠᠷᠠᠭᠤᠨ ᠲᠡᠯᠡᠢ᠎ᠪᠠᠷ ᠠᠶᠠᠯᠠᠬᠤ᠎ᠳᠠᠭᠠᠨ ᠲᠤᠬᠠᠢ ᠵᠢᠨ ᠦᠶ᠎ᠡ ᠵᠢᠨ ᠳᠡᠯᠡᠬᠡᠢ ᠵᠢᠨ ᠬᠠᠮᠤᠭ᠎ᠤᠨ ᠲᠣᠮᠣ ᠬᠥᠯᠭᠡ ᠣᠩᠭᠣᠴᠠᠲᠤ ᠠᠩᠭᠢ ᠵᠢ ᠳᠠᠭ᠋ᠠᠭᠤᠯᠤᠨ᠂ ᠲᠣᠷᠭ᠎ᠠ ᠳᠤᠷᠳᠤᠩ᠂ ᠴᠠᠢ ᠪᠠ ᠱᠠᠭ᠋ᠠᠵᠠᠩ ᠰᠠᠪᠠ ᠠᠪᠴᠤ ᠶᠠᠪᠤᠭᠰᠠᠨ᠎ᠠᠴᠠ ᠪᠢᠰᠢ᠂ ᠬᠠᠷᠢᠨ ᠲᠡᠢ᠌ᠨ ᠳᠠᠵᠢᠨ ᠪᠢᠰᠢ᠂ ᠵᠠᠮ ᠳᠠᠭ᠋ᠠᠤ ᠢᠮᠠᠬᠤ ᠵᠢᠨ ᠲᠡᠳᠦᠢ ᠴᠦ᠍ ᠭᠠᠵᠠᠷ ᠰᠢᠷᠣᠢ ᠵᠢ ᠡᠵᠡᠯᠡᠭᠰᠡᠨ ᠦᠭᠡᠢ ᠶᠤᠮ᠃
(2019 ᠣᠨ᠎ᠤ 5 ᠰᠠᠷ᠎ᠠ ᠵᠢᠨ 14᠎ᠤ ᠡᠳᠦᠷ ᠭ᠋ᠷᠧᠭ᠎ᠤᠨ ᠶᠡᠷᠦᠩᠬᠡᠢ᠌ᠯᠡᠭᠴᠢ ᠫᠠᠹᠯᠤᠫᠯᠤᠰᠲᠠᠢ ᠬᠡᠯᠡᠯᠴᠡᠭᠡ ᠬᠢᠬᠦ᠎ᠳᠡᠭᠡᠨ ᠬᠡᠯᠡᠭᠰᠡᠨ ᠦᠭᠡ)
2022 ᠣᠨ᠎ᠤ 10 ᠰᠠᠷ᠎ᠠ ᠵᠢᠨ 27᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ ᠯᠢ ᠴᠢᠶᠠᠩ᠂ ᠵᠣᠣ ᠯᠧ ᠵᠢᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠵᠢ ᠳᠠᠭ᠋ᠠᠭᠤᠯᠤᠨ ᠶᠠᠨ ᠠᠨ᠎ᠤ ᠬᠤᠪᠢᠰᠬᠠᠯ᠎ᠤᠨ ᠳᠤᠷᠠᠰᠬᠠᠯ᠎ᠤᠨ ᠭᠠᠵᠠᠷ᠎ᠲᠤ ᠪᠠᠷᠠᠳᠠᠪᠠ᠃ ᠵᠢᠷᠤᠭ ᠪᠣᠯ ᠰᠢ ᠵᠢᠨ ᠫᠢᠩ ᠶᠠᠨ ᠠᠨ᠎ᠤ ᠬᠤᠪᠢᠰᠬᠠᠯ᠎ᠤᠨ ᠳᠤᠷᠠᠰᠬᠠᠯ᠎ᠤᠨ ᠣᠷᠳᠣᠨ᠎ᠳᠤ 《ᠠᠭᠤᠤ ᠶᠡᠬᠡ ᠥᠩᠭᠡᠷᠡᠯᠲᠡ — ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠶᠠᠨ ᠠᠨ᠎ᠤ ᠠᠷᠪᠠᠨ ᠭᠤᠷᠪᠠᠨ ᠵᠢᠯ᠎ᠤᠨ ᠲᠡᠦᠬᠡ ᠵᠢᠨ ᠦᠵᠡᠭᠦᠯᠭᠡ》 ᠵᠢ ᠲᠣᠭᠣᠷᠢᠨ ᠦᠵᠡᠵᠦ ᠲᠡᠭᠦᠰᠬᠦ ᠦᠶ᠎ᠡ᠎ᠳᠤ ᠴᠢᠬᠤᠯᠠ ᠶᠠᠷᠢᠶ᠎ᠠ ᠲᠠᠯᠪᠢᠵᠤ ᠪᠠᠢ᠌ᠭ᠎ᠠ᠎ᠨᠢ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ
ᠨᠠᠢ᠍ᠮᠠ
ᠲᠥᠪ ᠶᠣᠰᠣ ᠵᠢ ᠰᠠᠬᠢᠬᠤ ᠪᠠ ᠰᠢᠨ᠎ᠡ ᠵᠢ ᠡᠭᠦᠳᠬᠦ ᠵᠢ ᠨᠢᠭᠡᠳᠬᠡᠬᠦ ᠵᠢ ᠪᠠᠷᠢᠮᠲᠠᠯᠠᠵᠤ᠂ ᠨᠠᠮ᠎ᠤᠨ ᠰᠢᠨᠵᠢ ᠴᠢᠨᠠᠷ ᠵᠣᠷᠢᠯᠲᠠ᠂ ᠬᠦᠰᠡᠯᠡᠩ ᠢᠲᠡᠭᠡᠯ ᠪᠢᠰᠢᠷᠡᠯ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠭᠤᠶ᠋ᠢᠪᠢᠰᠢ ᠦᠭᠡᠢ ᠪᠠᠲᠤ ᠰᠠᠬᠢᠬᠤ ᠵᠢᠨ ᠬᠠᠮᠲᠤ ᠰᠢᠨ᠎ᠡ ᠣᠢ᠌ᠯᠠᠭ᠋ᠠᠭᠳᠠᠬᠤᠨ᠂ ᠰᠡᠳᠬᠢᠴᠡ᠂ ᠠᠷᠭ᠎ᠠ ᠪᠠᠷᠢᠯ ᠵᠶ᠋ᠠᠷ ᠨᠠᠮ᠎ᠤᠨ ᠳᠣᠲᠣᠭ᠋ᠠᠳᠤ᠎ᠳᠤ ᠣᠷᠣᠰᠢᠵᠤ ᠪᠠᠢ᠌ᠭ᠎ᠠ ᠡᠯ᠎ᠡ ᠵᠦᠢ᠍ᠯ᠎ᠤᠨ ᠵᠥᠷᠢᠴᠡᠯ ᠪᠠ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠵᠦ᠂ ᠥᠪᠡᠷ ᠪᠡᠶ᠎ᠡ ᠵᠢᠨ ᠬᠤᠪᠢᠰᠬᠠᠯ ᠬᠢᠬᠦ ᠪᠣᠳᠠᠲᠤ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃
(2019 ᠣᠨ᠎ᠤ 6 ᠰᠠᠷ᠎ᠠ ᠵᠢᠨ 24᠎ᠤ ᠡᠳᠦᠷ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠠᠷᠪᠠᠨ ᠲᠠᠪᠤᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠬᠡᠯᠡᠭᠰᠡᠨ ᠦᠭᠡ)
ᠶᠢᠰᠦ
100 ᠵᠢᠯ᠎ᠤᠨ ᠲᠤᠷᠰᠢ᠂ ᠮᠠᠨ᠎ᠤ ᠨᠠᠮ ᠦᠵᠡᠯ ᠰᠠᠨᠠᠭ᠎ᠠ᠎ᠪᠠᠨ ᠴᠢᠯᠦᠭᠡᠯᠡᠬᠦ ᠪᠠ ᠦᠨᠡᠨ᠎ᠠᠴᠠ ᠵᠥᠪ᠎ᠢ ᠡᠷᠢᠬᠦ ᠵᠢ ᠬᠠᠷᠢᠯᠴᠠᠨ ᠨᠢᠭᠡᠳᠬᠡᠵᠦ᠂ ᠦᠨᠳᠦᠰᠦ ᠰᠠᠭᠤᠷᠢ᠎ᠪᠠᠨ ᠪᠠᠲᠤᠳᠬᠠᠬᠤ ᠪᠠ ᠲᠥᠪ ᠭᠣᠣᠯᠴᠢ᠎ᠪᠠᠷ ᠰᠢᠨ᠎ᠡ ᠵᠢ ᠡᠭᠦᠳᠬᠦ ᠵᠢ ᠬᠠᠷᠢᠯᠴᠠᠨ ᠨᠢᠭᠡᠳᠬᠡᠬᠦ ᠵᠢ ᠪᠠᠷᠢᠮᠲᠠᠯᠠᠵᠤ᠂ ᠮᠠᠷᠺᠰ᠎ᠤᠨ ᠦᠵᠡᠯ᠎ᠤᠨ ᠰᠢᠨ᠎ᠡ ᠠᠬᠤᠢ ᠪᠠᠶ᠋ᠢᠳᠠᠯ᠎ᠢ ᠲᠠᠰᠤᠷᠠᠯᠳᠠ ᠦᠭᠡᠢ ᠨᠡᠭᠡᠭᠡᠵᠦ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠣᠣ ᠫᠢᠩ᠎ᠤᠨ ᠤᠨᠤᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ ᠵᠢ ᠪᠤᠢ ᠪᠣᠯᠭ᠋ᠠᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠪᠤᠢ ᠪᠣᠯᠭ᠋ᠠᠵᠤ᠂ ᠨᠠᠮ ᠪᠠ ᠠᠷᠠᠳ ᠲᠦᠮᠡᠨ᠎ᠤ ᠦᠢ᠍ᠯᠡᠰ᠎ᠤᠨ ᠬᠥᠭᠵᠢᠯᠲᠡ᠎ᠳᠤ ᠰᠢᠨᠵᠢᠯᠡᠬᠦ ᠤᠬᠠᠭ᠋ᠠᠨᠴᠢ ᠤᠨᠤᠯ᠎ᠤᠨ ᠵᠢᠯᠣᠭᠣᠳᠤᠯᠭ᠎ᠠ ᠵᠢ ᠬᠠᠩᠭ᠋ᠠᠪᠠ᠃
(2021 ᠣᠨ᠎ᠤ 2 ᠰᠠᠷ᠎ᠠ ᠵᠢᠨ 20᠎ᠤ ᠡᠳᠦᠷ᠎ᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ ᠳᠠᠢ᠌ᠴᠢᠯᠠᠯᠲᠠ ᠵᠢᠨ ᠶᠡᠬᠡ ᠬᠤᠷᠠᠯ ᠳᠡᠭᠡᠷ᠎ᠡ ᠬᠡᠯᠡᠭᠰᠡᠨ ᠦᠭᠡ)
ᠠᠷᠪᠠ
ᠪᠢᠳᠡ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠵᠠᠮ ᠵᠶ᠋ᠠᠷ ᠵᠠᠮᠨᠠᠬᠤ᠎ᠳᠤ ᠵᠠᠪᠠᠯ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠵᠢ ᠲᠦᠯᠬᠢᠨ ᠠᠬᠢᠭᠤᠯᠬᠤ ᠬᠡᠷᠡᠭᠲᠡᠶ᠃ ᠬᠡᠷᠪᠡ ᠳᠤᠮᠳᠠᠳᠤ ᠵᠢᠨ 5000 ᠵᠢᠯ᠎ᠤᠨ ᠪᠣᠯᠪᠠᠰᠤᠨ ᠪᠠᠢ᠌ᠭᠰᠠᠨ ᠦᠭᠡᠢ ᠪᠣᠯ ᠶᠠᠮᠠᠷ ᠳᠤᠮᠳᠠᠳᠤ ᠤᠯᠤᠰ᠎ᠤᠨ ᠣᠨᠴᠠᠯᠢᠭ ᠪᠠᠶ᠋ᠢᠬᠤ ᠪᠤᠢ? ᠬᠡᠷᠪᠡ ᠳᠤᠮᠳᠠᠳᠤ ᠤᠯᠤᠰ᠎ᠤᠨ ᠣᠨᠴᠠᠯᠢᠭ ᠦᠭᠡᠢ ᠪᠣᠯ ᠮᠠᠨ᠎ᠤ ᠥᠨᠥᠳᠥᠷ᠎ᠤᠨ ᠮᠡᠲᠦ ᠡᠢ᠌ᠮᠦ ᠠᠮᠵᠢᠯᠲᠠ᠎ᠲᠠᠢ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠵᠠᠮ ᠭᠡᠵᠦ ᠬᠠᠮᠢᠭ᠎ᠠ ᠪᠠᠶ᠋ᠢᠬᠤ ᠪᠤᠢ? ᠪᠢᠳᠡ ᠳᠤᠮᠳᠠᠳᠤ ᠵᠢᠨ 5000 ᠵᠢᠯ᠎ᠤᠨ ᠪᠣᠯᠪᠠᠰᠤᠨ᠎ᠤ ᠳᠣᠲᠣᠷᠠᠬᠢ ᠣᠭᠢ ᠰᠣᠳᠣ ᠵᠢ ᠠᠭᠤᠳᠠᠯᠬᠤ ᠵᠢ ᠣᠨᠴᠠᠭ᠋ᠠᠢ᠌ᠯᠠᠨ ᠴᠢᠬᠤᠯᠠᠴᠢᠯᠠᠵᠤ᠂ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠤᠨ ᠳᠡᠯᠭᠡᠷᠡᠭᠦᠯᠬᠦ ᠵᠢ ᠮᠠᠷᠺᠰ᠎ᠤᠨ ᠦᠵᠡᠯ᠎ᠤᠨ ᠵᠣᠭᠰᠣᠯᠲᠠ ᠦᠵᠡᠯᠲᠡ ᠠᠷᠭ᠎ᠠ᠎ᠲᠠᠢ ᠤᠶᠠᠯᠳᠤᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠬᠤ ᠬᠡᠷᠡᠭᠲᠡᠶ᠃
(2021 ᠣᠨ᠎ᠤ 3 ᠰᠠᠷ᠎ᠠ ᠵᠢᠨ 22᠎ᠤᠨ ᠡᠳᠦᠷ ᠹᠦᠵᠢᠶᠠᠨ ᠮᠤᠵᠢ ᠵᠢᠨ ᠡᠦ ᠢ ᠱᠠᠨ ᠬᠤᠳᠠ᠎ᠳᠤ ᠠᠵᠢᠯ ᠪᠠᠢ᠌ᠴᠠᠭ᠋ᠠᠬᠤ᠎ᠳᠠᠭᠠᠨ ᠬᠡᠯᠡᠭᠰᠡᠨ ᠦᠭᠡ)
ᠠᠷᠪᠠᠨ ᠨᠢᠭᠡ
ᠪᠢᠳᠡ ᠴᠠᠭ ᠦᠶ᠎ᠡ ᠵᠢᠨ ᠶᠡᠬᠡ ᠬᠠᠨᠳᠤᠰᠢ ᠵᠢ ᠣᠨᠣᠪᠴᠢᠲᠠᠢ ᠡᠵᠡᠮᠳᠡᠵᠦ᠂ ᠬᠥᠮᠥᠨ ᠲᠥᠷᠥᠯᠬᠢᠲᠡᠨ᠎ᠤ ᠬᠥᠭᠵᠢᠯᠲᠡ ᠵᠢᠨ ᠡᠮᠦᠨ᠎ᠡ ᠡᠩᠨᠡᠭᠡᠨ᠎ᠳᠤ ᠵᠣᠷᠢᠭᠲᠠᠢ᠎ᠪᠠᠷ ᠵᠣᠭᠰᠣᠵᠤ᠂ ᠠᠷᠠᠳ ᠲᠦᠮᠡᠨ᠎ᠤ ᠰᠡᠳᠬᠢᠯ᠎ᠤᠨ ᠳᠠᠭᠤᠨ᠎ᠢ ᠰᠣᠨᠣᠰᠴᠤ᠂ ᠪᠣᠳᠠᠲᠤ ᠬᠡᠷᠡᠭᠴᠡᠭᠡ᠎ᠳᠤ ᠬᠠᠷᠢᠭᠤᠯᠲᠠ ᠥᠭᠴᠦ᠂ ᠦᠵᠡᠯ ᠰᠠᠨᠠᠭ᠎ᠠ᠎ᠪᠠᠨ ᠴᠢᠯᠦᠭᠡᠯᠡᠬᠦ᠂ ᠦᠨᠡᠨ᠎ᠠᠴᠠ ᠵᠥᠪ᠎ᠢ ᠡᠷᠢᠬᠦ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ᠂ ᠮᠠᠷᠺᠰ᠎ᠤᠨ ᠦᠵᠡᠯ᠎ᠢ ᠪᠠᠷᠢᠮᠲᠠᠯᠠᠬᠤ ᠪᠠ ᠮᠠᠷᠺᠰ᠎ᠤᠨ ᠦᠵᠡᠯ᠎ᠢ ᠬᠥᠭᠵᠢᠭᠦᠯᠬᠦ ᠵᠢ ᠨᠡᠩ ᠰᠠᠶ᠋ᠢᠲᠤᠷ ᠨᠢᠭᠡᠳᠬᠡᠵᠦ᠂ ᠮᠠᠷᠺᠰ᠎ᠤᠨ ᠦᠵᠡᠯ᠎ᠤᠨ 《ᠰᠤᠮᠤ》᠎ᠪᠠᠷ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ 《ᠬᠠᠷᠠᠯᠳᠠ》 ᠵᠢ ᠬᠠᠷᠪᠤᠬᠤ ᠵᠢ ᠪᠠᠷᠢᠮᠲᠠᠯᠠᠵᠤ᠂ ᠮᠠᠷᠺᠰ᠎ᠤᠨ ᠦᠵᠡᠯ᠎ᠤᠨ ᠦᠨᠳᠦᠰᠦᠨ ᠤᠭ ᠶᠣᠰᠣ ᠵᠢ ᠳᠤᠮᠳᠠᠳᠤ ᠤᠯᠤᠰ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠬᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ ᠵᠢ ᠦᠷᠭᠦᠯᠵᠢᠯᠡᠨ ᠠᠬᠢᠭᠤᠯᠵᠤ᠂ ᠮᠠᠷᠺᠰ᠎ᠤᠨ ᠦᠵᠡᠯ᠎ᠢ ᠨᠡᠩ ᠤᠯᠠᠨ ᠳᠤᠮᠳᠠᠳᠤ ᠤᠯᠤᠰ᠎ᠤᠨ ᠣᠨᠴᠠᠯᠢᠭ᠂ ᠳᠤᠮᠳᠠᠳᠤ ᠤᠯᠤᠰ᠎ᠤᠨ ᠬᠡᠪ ᠨᠠᠮᠪᠠ᠂ ᠳᠤᠮᠳᠠᠳᠤ ᠤᠯᠤᠰ᠎ᠤᠨ ᠴᠤᠭ ᠰᠦᠯᠳᠡ᠎ᠲᠠᠢ ᠪᠣᠯᠭ᠋ᠠᠵᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠬᠠᠭᠤᠳᠠᠰᠤ ᠵᠢ ᠦᠷᠭᠦᠯᠵᠢᠯᠡᠨ ᠪᠢᠴᠢᠭᠯᠡᠬᠦ ᠬᠡᠷᠡᠭᠲᠡᠢ᠃
《ᠬᠤᠪᠢ ᠵᠠᠶᠠᠭ᠎ᠠ ᠵᠢ ᠲᠡᠭᠷᠢ ᠥᠭᠡᠷᠡᠴᠢᠯᠡᠨ᠎ᠡ᠂ ᠬᠥᠮᠥᠨ ᠥᠪᠡᠷ ᠵᠶ᠋ᠡᠨ ᠴᠤ᠌ ᠠᠮᠢᠳᠤᠷᠠᠯ ᠵᠶ᠋ᠠᠨ ᠲᠠᠰᠤᠷᠠᠯᠳᠠ ᠦᠭᠡᠢ ᠰᠢᠨᠡᠴᠢᠯᠡᠬᠦ ᠬᠡᠷᠡᠭᠲᠡᠢ᠃》 ᠪᠢᠳᠡ ᠦᠨᠡᠨ᠎ᠠᠴᠠ ᠵᠥᠪ᠎ᠢ ᠡᠷᠢᠵᠦ ᠬᠤᠪᠢᠷᠠᠬᠤ ᠪᠠ ᠬᠤᠪᠢᠷᠠᠬᠤ ᠦᠭᠡᠢ ᠪᠠᠶ᠋ᠢᠬᠤ ᠵᠢ ᠵᠠᠳᠠᠯᠤᠨ ᠰᠢᠨᠵᠢᠯᠡᠵᠦ᠂ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠨ ᠮᠠᠨ᠎ᠤ ᠤᠨᠤᠯ ᠵᠶ᠋ᠠᠨ ᠬᠢᠨᠠᠨ ᠰᠢᠨᠵᠢᠵᠦ᠂ ᠪᠠᠷᠢᠮᠲᠠᠯᠠᠬᠤ ᠶᠣᠰᠣᠲᠠᠢ ᠵᠢ᠎ᠨᠢ ᠪᠠᠷᠢᠮᠲᠠᠯᠠᠵᠤ᠂ ᠲᠣᠬᠢᠷᠠᠭᠤᠯᠬᠤ ᠶᠣᠰᠣᠲᠠᠢ ᠵᠢ᠎ᠨᠢ ᠲᠣᠬᠢᠷᠠᠭᠤᠯᠵᠤ᠂ ᠰᠢᠨ᠎ᠡ ᠵᠢ ᠡᠭᠦᠳᠬᠦ ᠶᠣᠰᠣᠲᠠᠢ ᠵᠢ᠎ᠨᠢ ᠰᠢᠨ᠎ᠡ ᠵᠢ ᠡᠭᠦᠳᠬᠦ ᠬᠡᠷᠡᠭᠲᠡᠶ᠂ ᠶᠠᠭ᠋ᠠᠬᠢᠭᠰᠠᠨ ᠴᠤ᠌ ᠮᠠᠩᠭᠢᠰᠤ ᠠᠯᠠᠭᠰᠠᠨ ᠭᠠᠵᠠᠷ᠎ᠲᠠᠭᠠᠨ ᠮᠠᠨᠴᠤᠢ ᠪᠠᠷᠢᠨ ᠬᠦᠯᠢᠶᠡᠵᠦ᠂ ᠵᠠᠪᠢᠳᠤ ᠲᠡᠮᠳᠡᠭ ᠲᠠᠯᠪᠢᠵᠤ ᠵᠢᠪᠦᠭᠰᠡᠨ ᠰᠡᠯᠡᠮ᠎ᠡ᠎ᠪᠠᠨ ᠡᠷᠢᠵᠦ ᠪᠣᠯᠬᠤ ᠦᠭᠡᠢ᠃
(2022 ᠣᠨ᠎ᠤ 1 ᠰᠠᠷ᠎ᠠ ᠵᠢᠨ 11᠎ᠤ ᠡᠳᠦᠷ ᠮᠤᠵᠢ ᠶᠠᠮᠤᠨ᠎ᠤ ᠲᠡᠰ᠎ᠤᠨ ᠭᠣᠣᠯ ᠤᠳᠤᠷᠢᠳᠬᠤ ᠺᠠᠳ᠋ᠷ᠎ᠤᠨ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ᠎ᠳᠤ ᠬᠡᠯᠡᠭᠰᠡᠨ ᠦᠭᠡ)
2024 ᠣᠨ᠎ᠤ 9 ᠰᠠᠷ᠎ᠠ ᠵᠢᠨ 10᠎ᠤ ᠡᠳᠦᠷ᠎ᠠᠴᠠ 13᠎ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠭᠠᠨᠰᠤ᠎ᠳᠤ ᠪᠠᠢ᠌ᠴᠠᠭ᠋ᠠᠨ ᠰᠤᠳᠤᠯᠤᠯᠲᠠ ᠬᠢᠪᠡ᠃ ᠵᠢᠷᠤᠭ ᠪᠣᠯ 11᠎ᠤ ᠡᠳᠦᠷ᠎ᠤᠨ ᠦᠳᠡ ᠵᠢᠨ ᠡᠮᠦᠨ᠎ᠡ ᠰᠢ ᠵᠢᠨ ᠫᠢᠩ ᠲᠢᠶᠠᠨ ᠱᠦᠢ ᠬᠣᠲᠠ ᠵᠢᠨ ᠮᠠᠢ ᠵᠢᠢ ᠱᠠᠨ ᠠᠭᠤᠯᠠᠨ᠎ᠤ ᠴᠢᠯᠠᠭᠤᠨ ᠠᠭᠤᠢ᠎ᠳᠤ ᠠᠵᠢᠯ ᠪᠠᠢ᠌ᠴᠠᠭ᠋ᠠᠵᠤ ᠪᠠᠢ᠌ᠭ᠎ᠠ᠎ᠨᠢ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠵᠢᠦᠢ ᠫᠧᠩ ᠰᠡᠭᠦᠳᠡᠷᠯᠡᠪᠡ
ᠰᠢ ᠵᠢᠨ ᠫᠢᠩ᠄ ᠡᠷᠬᠡᠪᠰᠢ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠬᠡᠷᠡᠭᠲᠡᠶ (ᠳᠣᠣᠷᠠᠳᠤ)
ᠠᠷᠪᠠᠨ ᠬᠣᠶᠠᠷ
ᠪᠢᠳᠡ ᠮᠠᠷᠺᠰ᠎ᠤᠨ ᠦᠵᠡᠯ᠎ᠤᠨ ᠭᠣᠣᠯ ᠦᠨᠳᠦᠰᠦᠯᠡᠯ᠎ᠢ ᠳᠤᠮᠳᠠᠳᠤ ᠤᠯᠤᠰ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠬᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ ᠵᠢ ᠪᠠᠷᠢᠮᠲᠠᠯᠠᠵᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠵᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠠᠷ ᠬᠤᠪᠢᠷᠠᠭᠤᠯᠬᠤ᠂ ᠰᠢᠨ᠎ᠡ ᠵᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ ᠵᠢ ᠲᠦᠯᠬᠢᠨ ᠠᠬᠢᠭᠤᠯᠪᠠ᠃ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠨᠡᠢ᠌ᠭᠡᠮ ᠵᠢᠷᠤᠮᠲᠤ ᠨᠡᠢ᠌ᠭᠡᠮ᠎ᠲᠠᠢ ᠵᠣᠬᠢᠴᠠᠭᠤᠯᠬᠤ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠥᠪᠡᠷᠮᠢᠴᠡ ᠣᠶᠤᠨ ᠰᠠᠨᠠᠭ᠋ᠠᠨ᠎ᠤ ᠪᠡᠯᠭᠡ ᠲᠡᠮᠳᠡᠭ᠎ᠢ ᠳᠡᠯᠭᠡᠨ ᠦᠵᠡᠭᠦᠯᠵᠦ᠂ ᠳᠤᠮᠳᠠᠳᠤ ᠤᠯᠤᠰ᠎ᠤᠨ ᠵᠣᠷᠢᠭ ᠰᠠᠨᠠᠭ᠎ᠠ᠂ ᠳᠤᠮᠳᠠᠳᠤ ᠤᠯᠤᠰ᠎ᠤᠨ ᠥᠷᠲᠡᠭ᠂ ᠳᠤᠮᠳᠠᠳᠤ ᠤᠯᠤᠰ᠎ᠤᠨ ᠬᠦᠴᠦᠨ᠎ᠢ ᠨᠡᠩ ᠰᠠᠶ᠋ᠢᠲᠤᠷ ᠴᠣᠭᠴᠠᠯᠠᠨ ᠪᠠᠢ᠌ᠭᠤᠯᠬᠤ ᠬᠡᠷᠡᠭᠲᠡᠢ᠃
ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠠᠷ ᠬᠤᠪᠢᠷᠠᠭᠤᠯᠬᠤ᠂ ᠰᠢᠨ᠎ᠡ ᠵᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ ᠵᠢ ᠲᠦᠯᠬᠢᠨ ᠠᠬᠢᠭᠤᠯᠬᠤ ᠶᠠᠪᠤᠴᠠ᠎ᠳᠤ᠂ ᠪᠢᠳᠡ ᠮᠠᠷᠺᠰ᠎ᠤᠨ ᠦᠵᠡᠯ᠎ᠤᠨ ᠦᠨᠳᠦᠰᠦᠨ ᠵᠢᠯᠤᠭᠣᠳᠬᠤ ᠦᠵᠡᠯ ᠰᠠᠨᠠᠭ᠎ᠠ ᠵᠢ ᠪᠠᠷᠢᠮᠲᠠᠯᠠᠵᠤ᠂ ᠬᠤᠪᠢᠰᠬᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠨᠡᠢ᠌ᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠬᠥᠭᠵᠢᠭᠦᠯᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠳᠤᠮᠳᠠ᠎ᠠᠴᠠ ᠡᠬᠢ ᠰᠤᠷᠪᠤᠯᠵᠢ ᠵᠢ ᠡᠷᠢᠬᠦ ᠬᠡᠷᠡᠭᠲᠡᠶ᠃
(2022 ᠣᠨ᠎ᠤ 5 ᠰᠠᠷ᠎ᠠ ᠵᠢᠨ 27᠎ᠤ ᠡᠳᠦᠷ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠭᠤᠴᠢ ᠶᠢᠰᠦᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠬᠡᠯᠡᠭᠰᠡᠨ ᠦᠭᠡ)
ᠠᠷᠪᠠᠨ ᠭᠤᠷᠪᠠ
ᠡᠷᠬᠡᠪᠰᠢ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠬᠡᠷᠡᠭᠲᠡᠢ᠃ ᠪᠢᠳᠡᠨ᠎ᠤ ᠬᠢᠵᠦ ᠪᠠᠢ᠌ᠭ᠎ᠠ ᠪᠣᠯ ᠤᠷᠢᠳ ᠡᠮᠦᠨ᠎ᠡ ᠪᠠᠢ᠌ᠭ᠎ᠠ ᠦᠭᠡᠢ ᠠᠭᠤᠤ ᠶᠡᠬᠡ ᠦᠢ᠍ᠯᠡᠰ ᠮᠥᠨ᠂ ᠲᠥᠪ ᠶᠣᠰᠣ ᠵᠢ ᠪᠠᠷᠢᠮᠲᠠᠯᠠᠪᠠᠯ ᠰᠠᠶᠢ ᠴᠢᠭᠯᠡᠯ ᠵᠶ᠋ᠡᠨ ᠠᠯᠳᠠᠬᠤ ᠦᠭᠡᠢ᠂ ᠨᠤᠷᠠᠭ᠋ᠠᠯᠲᠠ ᠵᠢᠨ ᠴᠢᠨᠠᠷᠲᠠᠢ ᠠᠯᠳᠠᠭ᠎ᠠ ᠭᠠᠷᠭ᠋ᠠᠬᠤ ᠦᠭᠡᠢ᠂ ᠰᠢᠨ᠎ᠡ ᠵᠢ ᠡᠭᠦᠳᠪᠡᠯ ᠰᠠᠶᠢ ᠴᠠᠭ ᠦᠶ᠎ᠡ ᠵᠢ ᠡᠵᠡᠮᠳᠡᠵᠦ᠂ ᠴᠠᠭ ᠦᠶ᠎ᠡ ᠵᠢ ᠬᠥᠲᠥᠯᠥᠨ ᠳᠠᠭ᠋ᠠᠭᠤᠯᠵᠤ ᠴᠢᠳᠠᠨ᠎ᠠ᠃ ᠪᠢᠳᠡ ᠰᠢᠨᠵᠢᠯᠡᠬᠦ ᠤᠬᠠᠭ᠋ᠠᠨᠴᠢ ᠣᠪᠣᠷ ᠵᠶ᠋ᠠᠷ ᠰᠢᠨᠵᠢᠯᠡᠬᠦ ᠤᠬᠠᠭ᠋ᠠᠨ᠎ᠳᠤ ᠬᠠᠨᠳᠤᠵᠤ᠂ ᠦᠨᠡᠨ ᠶᠣᠰᠣᠨ᠎ᠤ ᠵᠣᠷᠢᠭ ᠰᠠᠨᠠᠭ᠎ᠠ᠎ᠪᠠᠷ ᠦᠨᠡᠨ ᠶᠣᠰᠣ ᠵᠢ ᠡᠷᠢᠯᠬᠢᠯᠡᠬᠦ ᠬᠡᠷᠡᠭᠲᠡᠶ᠃ ᠮᠠᠷᠺᠰ᠎ᠤᠨ ᠦᠵᠡᠯ᠎ᠤᠨ ᠦᠨᠳᠦᠰᠦᠨ ᠤᠭ ᠶᠣᠰᠣ ᠵᠢ ᠭᠤᠶ᠋ᠢᠪᠢᠰᠢ ᠦᠭᠡᠢ ᠪᠠᠷᠢᠮᠲᠠᠯᠠᠵᠤ᠂ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠭᠤᠶ᠋ᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠢ ᠭᠤᠶ᠋ᠢᠪᠢᠰᠢ ᠦᠭᠡᠢ ᠪᠠᠷᠢᠮᠲᠠᠯᠠᠵᠤ᠂ ᠴᠠᠭ ᠦᠶ᠎ᠡ ᠵᠢᠨ ᠠᠯᠬᠤᠮ᠎ᠢ ᠰᠠᠯᠤᠯ ᠦᠭᠡᠢ ᠲᠠᠭ᠋ᠠᠵᠤ᠂ ᠦᠢ᠍ᠯᠡᠳᠦᠯᠭᠡ ᠵᠢᠨ ᠬᠥᠭᠵᠢᠯᠲᠡ᠎ᠳᠤ ᠵᠣᠬᠢᠴᠠᠭᠤᠯᠤᠨ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ᠎ᠪᠠᠷ ᠠᠯᠢᠪᠠ ᠰᠢᠨ᠎ᠡ ᠬᠡᠷᠡᠭ ᠪᠣᠳᠠᠰ᠎ᠲᠤ ᠬᠠᠨᠳᠤᠵᠤ᠂ ᠲᠠᠨᠢᠯᠲᠠ ᠵᠢᠨ ᠥᠷᠭᠡᠴᠡ ᠪᠠ ᠭᠦᠨᠴᠡ᠎ᠪᠠᠨ ᠲᠠᠰᠤᠷᠠᠯᠳᠠ ᠦᠭᠡᠢ ᠥᠷᠭᠡᠳᠬᠡᠵᠦ᠂ ᠤᠷᠢᠳᠤᠬᠢ ᠬᠥᠮᠥᠰ᠎ᠤᠨ ᠬᠡᠯᠡᠵᠦ ᠥᠩᠭᠡᠷᠡᠭᠰᠡᠨ ᠦᠭᠡᠢ ᠰᠢᠨ᠎ᠡ ᠦᠭᠡ ᠵᠢ ᠵᠣᠷᠢᠭᠲᠠᠢ᠎ᠪᠠᠷ ᠶᠠᠷᠢᠵᠤ᠂ ᠤᠷᠢᠳᠤᠬᠢ ᠬᠥᠮᠥᠰ᠎ᠤᠨ ᠬᠢᠵᠦ ᠥᠩᠭᠡᠷᠡᠭᠰᠡᠨ ᠦᠭᠡᠢ ᠶᠠᠪᠤᠳᠠᠯ᠎ᠢ ᠵᠣᠷᠢᠭᠲᠠᠢ᠎ᠪᠠᠷ ᠬᠢᠵᠦ᠂ ᠰᠢᠨ᠎ᠡ ᠤᠨᠤᠯ ᠵᠶ᠋ᠠᠷ ᠰᠢᠨ᠎ᠡ ᠦᠢ᠍ᠯᠡᠳᠦᠯᠭᠡ ᠵᠢ ᠵᠢᠯᠣᠭᠣᠳᠤᠭᠤᠯᠬᠤ ᠬᠡᠷᠡᠭᠲᠡᠢ᠃
(2022 ᠣᠨ᠎ᠤ 10 ᠰᠠᠷ᠎ᠠ ᠵᠢᠨ 16᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ ᠳᠡᠭᠡᠷ᠎ᠡ ᠬᠢᠭᠰᠡᠨ ᠢᠯᠡᠳᠬᠡᠯ)
2024 ᠣᠨ᠎ᠤ 10 ᠰᠠᠷ᠎ᠠ ᠵᠢᠨ 15᠎ᠤ ᠡᠳᠦᠷ᠎ᠠᠴᠠ 16᠎ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠹᠦᠵᠢᠶᠠᠨ᠎ᠳᠤ ᠪᠠᠢ᠌ᠴᠠᠭ᠋ᠠᠨ ᠰᠤᠳᠤᠯᠤᠯᠲᠠ ᠬᠢᠪᠡ᠃ ᠵᠢᠷᠤᠭ ᠪᠣᠯ 16᠎ᠤ ᠡᠳᠦᠷ᠎ᠤᠨ ᠦᠳᠡ ᠵᠢᠨ ᠡᠮᠦᠨ᠎ᠡ᠂ ᠰᠢ ᠵᠢᠨ ᠫᠢᠩ ᠳᠤᠮᠳᠠᠳᠤ ᠤᠯᠤᠰ (ᠹᠦᠵᠢᠶᠠᠨ)᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠰᠢᠶᠠᠮᠧᠨ᠎ᠤ ᠬᠡᠰᠡᠭ ᠲᠣᠭᠣᠷᠢᠭ᠎ᠲᠤ ᠰᠢᠨᠵᠢᠯᠡᠨ ᠪᠠᠢ᠌ᠴᠠᠭ᠋ᠠᠬᠤ᠎ᠳᠠᠭᠠᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠠᠩᠬᠢᠮ᠎ᠤᠨ ᠴᠣᠩᠬᠣᠪᠴᠢ ᠵᠢᠨ ᠠᠵᠢᠯᠲᠠᠳ᠎ᠲᠠᠢ ᠳᠣᠲᠣᠨᠣ᠎ᠪᠠᠷ ᠶᠠᠷᠢᠯᠴᠠᠵᠤ ᠪᠠᠢ᠌ᠭ᠎ᠠ᠎ᠨᠢ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ
ᠠᠷᠪᠠᠨ ᠳᠥᠷᠪᠡ
ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠮᠠᠨ᠎ᠤ ᠨᠠᠮ ᠨᠢᠭᠡᠨᠲᠡ ᠪᠠᠢ᠌ᠭ᠎ᠠ ᠰᠠᠭᠤᠷᠢᠨ ᠳᠡᠭᠡᠷ᠎ᠡ᠎ᠪᠠᠨ ᠦᠷᠭᠦᠯᠵᠢᠯᠡᠨ ᠤᠷᠤᠭᠰᠢᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠳᠤᠮᠳᠠ ᠣᠷᠣᠰᠢᠵᠤ ᠪᠠᠢ᠌ᠭ᠎ᠠ ᠲᠣᠪᠣᠢ᠌ᠮ᠎ᠠ ᠵᠥᠷᠢᠴᠡᠯ ᠪᠠ ᠠᠰᠠᠭᠤᠳᠠᠯ᠎ᠢ ᠰᠢᠢ᠍ᠳᠪᠦᠷᠢᠯᠡᠬᠦ᠎ᠪᠠᠷ ᠭᠣᠣᠯᠯᠠᠭᠤᠯᠤᠨ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠤᠨᠤᠯ ᠪᠠ ᠦᠢ᠍ᠯᠡᠳᠦᠯᠭᠡ ᠵᠢᠨ ᠲᠠᠯ᠎ᠠ᠎ᠪᠠᠷ ᠰᠢᠨ᠎ᠡ ᠵᠢ ᠡᠭᠦᠳᠬᠦ ᠰᠢᠪᠲᠤᠯᠤᠯᠲᠠ ᠵᠢ ᠲᠠᠰᠤᠷᠠᠯᠳᠠ ᠦᠭᠡᠢ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠮᠵᠢᠯᠲᠠ᠎ᠲᠠᠢ᠎ᠪᠠᠷ ᠲᠦᠯᠬᠢᠨ ᠠᠬᠢᠭᠤᠯᠵᠤ ᠥᠷᠭᠡᠳᠬᠡᠪᠡ᠃ 10 ᠵᠢᠯ᠎ᠤᠨ ᠲᠤᠷᠰᠢ᠂ ᠪᠢᠳᠡ ᠲᠠᠨᠢᠯᠲᠠ ᠵᠢᠨ ᠲᠠᠯ᠎ᠠ᠎ᠪᠠᠷ ᠲᠠᠰᠤᠷᠠᠯᠲᠠ ᠦᠭᠡᠢ ᠭᠦᠨᠵᠡᠭᠡᠢ᠌ᠷᠡᠵᠦ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠡᠭᠦᠳᠴᠦ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠦᠰᠦᠷᠦᠯᠲᠡ ᠵᠢ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠦᠨᠳᠦᠰᠦᠨ ᠵᠢᠷᠤᠮᠯᠠᠯ ᠬᠠᠩᠭ᠋ᠠᠵᠠᠢ᠃
(2023 ᠣᠨ᠎ᠤ 2 ᠰᠠᠷ᠎ᠠ ᠵᠢᠨ 7᠎ᠤ ᠡᠳᠦᠷ ᠲᠥᠪ ᠬᠣᠷᠢᠶᠠᠨ᠎ᠳᠤ ᠰᠢᠨ᠎ᠡ᠎ᠪᠠᠷ ᠣᠷᠣᠭᠰᠠᠨ ᠭᠡᠰᠢᠭᠦᠨ᠂ ᠣᠷᠣᠯᠠᠭᠴᠢ ᠭᠡᠰᠢᠭᠦᠨ ᠪᠠ ᠮᠤᠵᠢ ᠶᠠᠮᠤᠨ᠎ᠤ ᠲᠡᠰ᠎ᠤᠨ ᠭᠣᠣᠯ ᠤᠳᠤᠷᠢᠳᠬᠤ ᠺᠠᠳ᠋ᠷᠴᠤᠳ᠎ᠤᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠠ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠨᠭ᠌ᠬᠢ᠎ᠳᠤ ᠬᠡᠯᠡᠭᠰᠡᠨ ᠦᠭᠡ)
ᠠᠷᠪᠠᠨ ᠲᠠᠪᠤ
ᠲᠥᠪ ᠶᠣᠰᠣ ᠵᠢ ᠪᠠᠷᠢᠮᠲᠠᠯᠠᠵᠤ ᠰᠢᠨ᠎ᠡ ᠵᠢ ᠡᠭᠦᠳᠬᠦ ᠪᠣᠯ ᠮᠠᠨ᠎ᠤ ᠨᠠᠮ᠎ᠤᠨ ᠰᠢᠨ᠎ᠡ ᠴᠠᠭ ᠦᠶ᠎ᠡ᠎ᠳᠠᠬᠢ ᠲᠥᠷᠥ ᠵᠢ ᠵᠠᠰᠠᠵᠤ ᠵᠠᠰᠠᠭ᠎ᠢ ᠡᠷᠬᠢᠯᠡᠬᠦ ᠴᠢᠬᠤᠯᠠ ᠦᠵᠡᠯ ᠰᠠᠨᠠᠭ᠋ᠠᠨ᠎ᠤ ᠠᠷᠭ᠎ᠠ ᠪᠣᠯᠣᠨ᠎ᠠ᠃ ᠲᠥᠪ ᠶᠣᠰᠣ ᠵᠢ ᠪᠠᠷᠢᠮᠲᠠᠯᠠᠪᠠᠯ ᠰᠠᠶᠢ ᠴᠢᠭᠯᠡᠯ ᠵᠶ᠋ᠡᠨ ᠠᠯᠳᠠᠬᠤ ᠦᠭᠡᠢ᠂ ᠨᠤᠷᠠᠭ᠋ᠠᠯᠲᠠ ᠵᠢᠨ ᠴᠢᠨᠠᠷᠲᠠᠢ ᠠᠯᠳᠠᠭ᠎ᠠ ᠭᠠᠷᠭ᠋ᠠᠬᠤ ᠦᠭᠡᠢ ᠪᠠᠢ᠌ᠵᠤ ᠴᠢᠳᠠᠨ᠎ᠠ᠂ ᠰᠢᠨ᠎ᠡ ᠵᠢ ᠡᠭᠦᠳᠪᠡᠯ ᠰᠠᠶᠢ ᠴᠠᠭ ᠦᠶ᠎ᠡ ᠵᠢ ᠡᠵᠡᠮᠳᠡᠵᠦ᠂ ᠴᠠᠭ ᠦᠶ᠎ᠡ ᠵᠢ ᠬᠥᠲᠥᠯᠥᠨ ᠳᠠᠭ᠋ᠠᠭᠤᠯᠵᠤ ᠴᠢᠳᠠᠨ᠎ᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠬᠠᠢ᠌ᠨ ᠰᠦᠪᠡᠭᠴᠢᠯᠡᠯᠲᠡ ᠪᠣᠯ ᠵᠠᠯᠭ᠋ᠠᠮᠵᠢᠯᠠᠬᠤ ᠵᠢᠨ ᠳᠤᠮᠳᠠ ᠬᠥᠭᠵᠢᠵᠦ᠂ ᠲᠥᠪ ᠶᠣᠰᠣ ᠵᠢ ᠪᠠᠷᠢᠮᠲᠠᠯᠠᠬᠤ ᠳᠤᠮᠳᠠ ᠰᠢᠨ᠎ᠡ ᠵᠢ ᠡᠭᠦᠳᠬᠦ ᠲᠡᠦᠬᠡᠨ ᠶᠠᠪᠤᠴᠠ ᠮᠥᠨ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠰᠢᠨ᠎ᠡ ᠠᠶᠠᠨ᠎ᠳᠤ᠂ ᠡᠩ ᠲᠡᠷᠢᠭᠦᠨ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠤᠭ ᠦᠨᠳᠦᠰᠦ ᠪᠠ ᠡᠬᠢ ᠰᠤᠷᠪᠤᠯᠵᠢ᠂ ᠦᠨᠳᠦᠰᠦ ᠪᠠ ᠰᠦᠭ ᠰᠦᠨᠡᠰᠦ ᠵᠢ ᠰᠠᠶ᠋ᠢᠲᠤᠷ ᠰᠠᠬᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠳᠤᠮᠳᠠᠳᠤ ᠤᠯᠤᠰ᠎ᠤᠨ ᠣᠨᠴᠠᠯᠢᠭ᠂ ᠮᠥᠨ ᠴᠢᠨᠠᠷ᠎ᠤᠨ ᠱᠠᠭ᠋ᠠᠷᠳᠠᠯᠭ᠎ᠠ ᠪᠠ ᠴᠢᠬᠤᠯᠠ ᠶᠡᠬᠡ ᠵᠠᠷᠴᠢᠮ᠎ᠢ ᠥᠴᠥᠬᠡᠨ ᠴᠦ᠍ ᠭᠤᠶ᠋ᠢᠪᠢᠰᠢ ᠦᠭᠡᠢ ᠪᠠᠷᠢᠮᠲᠠᠯᠠᠵᠤ᠂ ᠨᠠᠮ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠵᠢ ᠪᠠᠷᠢᠮᠲᠠᠯᠠᠵᠤ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢᠬᠢ ᠠᠯᠢ ᠤᠯᠠᠨ ᠴᠢᠬᠤᠯᠠ ᠶᠡᠬᠡ ᠴᠢᠭᠯᠡᠯᠲᠡ ᠲᠥᠷᠥ ᠵᠢᠨ ᠪᠣᠳᠣᠯᠭ᠎ᠠ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠵᠥᠪ ᠴᠢᠭᠯᠡᠯ᠎ᠢ ᠦᠨᠡᠨ ᠬᠦ᠌ ᠪᠠᠲᠤᠯᠠᠬᠤ ᠬᠡᠷᠡᠭᠲᠡᠶ᠃ ᠡᠭᠦᠨ᠎ᠤ ᠬᠠᠮᠲᠤ᠂ ᠰᠢᠨ᠎ᠡ ᠵᠢ ᠡᠭᠦᠳᠬᠦ ᠶᠠᠪᠤᠳᠠᠯ᠎ᠢ ᠤᠯᠤᠰ᠎ᠤᠨ ᠬᠥᠭᠵᠢᠯᠲᠡ ᠵᠢᠨ ᠪᠦᠬᠦ ᠲᠠᠯ᠎ᠠ ᠵᠢᠨ ᠲᠣᠪᠣᠢ᠌ᠮ᠎ᠠ ᠪᠠᠶ᠋ᠢᠷᠢᠨ᠎ᠳᠤ ᠲᠠᠯᠪᠢᠵᠤ᠂ ᠴᠠᠭ ᠦᠶ᠎ᠡ ᠵᠢᠨ ᠬᠥᠭᠵᠢᠯᠲᠡ ᠵᠢᠨ ᠱᠠᠭ᠋ᠠᠷᠳᠠᠯᠭ᠎ᠠ᠎ᠳᠤ ᠵᠣᠬᠢᠴᠠᠭᠤᠯᠤᠨ᠂ ᠴᠢᠬᠤᠯᠠ ᠶᠡᠬᠡ ᠤᠨᠤᠯ ᠪᠠ ᠦᠢ᠍ᠯᠡᠳᠦᠯᠭᠡ ᠵᠢᠨ ᠠᠰᠠᠭᠤᠳᠠᠯ᠎ᠢ ᠰᠢᠢ᠍ᠳᠪᠦᠷᠢᠯᠡᠬᠦ᠎ᠪᠠᠷ ᠭᠣᠣᠯᠳᠠᠭᠤᠯᠵᠤ᠂ ᠬᠤᠪᠢᠷᠠᠯᠲᠠ ᠵᠢ ᠦᠵᠡᠵᠦ ᠬᠤᠪᠢᠷᠠᠯᠲᠠ ᠵᠢ ᠠᠷᠭ᠋ᠠᠴᠠᠵᠤ ᠬᠤᠪᠢᠷᠠᠯᠲᠠ ᠵᠢ ᠡᠷᠢᠯᠬᠢᠯᠡᠵᠦ᠂ ᠤᠨᠤᠯ᠎ᠤᠨ ᠰᠢᠨ᠎ᠡ ᠵᠢ ᠡᠭᠦᠳᠬᠦ᠂ ᠦᠢ᠍ᠯᠡᠳᠦᠯᠭᠡ ᠵᠢᠨ ᠰᠢᠨ᠎ᠡ ᠵᠢ ᠡᠭᠦᠳᠬᠦ᠂ ᠳᠦᠷᠢᠮ᠎ᠤᠨ ᠰᠢᠨ᠎ᠡ ᠵᠢ ᠡᠭᠦᠳᠬᠦ᠂ ᠰᠣᠶᠣᠯ᠎ᠤᠨ ᠰᠢᠨ᠎ᠡ ᠵᠢ ᠡᠭᠦᠳᠬᠦ ᠵᠢᠴᠢ ᠪᠤᠰᠤᠳ ᠡᠯ᠎ᠡ ᠲᠠᠯ᠎ᠠ ᠵᠢᠨ ᠰᠢᠨ᠎ᠡ ᠵᠢ ᠡᠭᠦᠳᠬᠦ ᠵᠢ ᠶᠡᠬᠡᠪᠡᠷ ᠠᠬᠢᠭᠤᠯᠵᠤ᠂ ᠬᠥᠭᠵᠢᠯᠲᠡ ᠵᠢᠨ ᠰᠢᠨ᠎ᠡ ᠬᠦᠷᠢᠶ᠎ᠡ ᠰᠢᠨ᠎ᠡ ᠤᠷᠤᠯᠳᠤᠭ᠋ᠠᠨ᠎ᠤ ᠵᠠᠮ᠎ᠢ ᠲᠠᠰᠤᠷᠠᠯᠲᠠ ᠦᠭᠡᠢ ᠨᠡᠭᠡᠭᠡᠵᠦ᠂ ᠬᠥᠭᠵᠢᠯᠲᠡ ᠵᠢᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ᠎ᠢ ᠪᠤᠢ ᠪᠣᠯᠭ᠋ᠠᠬᠤ ᠬᠡᠷᠡᠭᠲᠡᠢ᠃ ᠰᠢᠨ᠎ᠡ ᠵᠢ ᠡᠭᠦᠳᠬᠦ ᠵᠢ ᠡᠷᠬᠢᠮᠯᠡᠬᠦ᠂ ᠰᠢᠨ᠎ᠡ ᠵᠢ ᠡᠭᠦᠳᠬᠦ ᠵᠢ ᠵᠣᠷᠢᠭᠵᠢᠭᠤᠯᠬᠤ᠂ ᠵᠣᠷᠢᠭᠲᠠᠢ᠎ᠪᠠᠷ ᠰᠢᠨ᠎ᠡ ᠵᠢ ᠡᠭᠦᠳᠬᠦ ᠭᠦᠨ ᠵᠤᠵᠠᠭ᠋ᠠᠨ ᠠᠭᠤᠷ ᠠᠮᠢᠰᠬᠤᠯ᠎ᠢ ᠢᠳᠡᠪᠬᠢᠲᠡᠢ᠎ᠪᠠᠷ ᠪᠤᠢ ᠪᠣᠯᠭ᠋ᠠᠵᠤ᠂ ᠰᠢᠨ᠎ᠡ ᠵᠢ ᠡᠭᠦᠳᠬᠦ ᠵᠢ ᠨᠡᠢ᠌ᠭᠡᠮ ᠳᠠᠶᠠᠭ᠋ᠠᠷ᠎ᠤᠨ ᠬᠡᠪ ᠵᠠᠩᠰᠢᠯ ᠪᠣᠯᠭ᠋ᠠᠬᠤ ᠬᠡᠷᠡᠭᠲᠡᠢ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠰᠢᠨ᠎ᠡ ᠵᠢ ᠡᠭᠦᠳᠬᠦ ᠬᠥᠭᠵᠢᠯᠲᠡ ᠵᠢᠨ ᠱᠠᠭ᠋ᠠᠷᠳᠠᠯᠭ᠎ᠠ᠎ᠳᠤ ᠦᠯᠦ ᠵᠣᠬᠢᠴᠠᠬᠤ ᠦᠵᠡᠯ ᠰᠠᠨᠠᠭ᠎ᠠ ᠣᠢ᠌ᠯᠠᠭ᠋ᠠᠭᠳᠠᠬᠤᠨ᠂ ᠰᠡᠳᠬᠢᠬᠦᠢ ᠵᠢᠨ ᠠᠷᠭ᠎ᠠ ᠮᠠᠶᠢᠭ᠂ ᠦᠢ᠍ᠯᠡ ᠠᠵᠢᠯᠯᠠᠭ᠎ᠠ ᠵᠢᠨ ᠠᠷᠭ᠎ᠠ ᠮᠠᠶᠢᠭ ᠪᠠ ᠠᠵᠢᠯᠯᠠᠬᠤ ᠠᠷᠭ᠎ᠠ᠎ᠪᠠᠨ ᠲᠦᠷᠭᠡᠪᠴᠢᠯᠡᠨ ᠬᠤᠪᠢᠷᠠᠭᠤᠯᠵᠤ᠂ ᠦᠨᠡᠨ ᠬᠦ᠌ ᠰᠢᠨ᠎ᠡ ᠵᠢ ᠡᠭᠦᠳᠬᠦ ᠵᠢᠨ ᠳᠠᠭ᠋ᠠᠭᠤᠯᠤᠭᠴᠢ᠂ ᠲᠦᠯᠬᠢᠨ ᠠᠬᠢᠭᠤᠯᠤᠭᠴᠢ ᠪᠣᠯᠬᠤ ᠬᠡᠷᠡᠭᠲᠡᠶ᠃
(2023 ᠣᠨ᠎ᠤ 2 ᠰᠠᠷ᠎ᠠ ᠵᠢᠨ 7᠎ᠤ ᠡᠳᠦᠷ ᠲᠥᠪ ᠬᠣᠷᠢᠶᠠᠨ᠎ᠳᠤ ᠰᠢᠨ᠎ᠡ᠎ᠪᠠᠷ ᠣᠷᠣᠭᠰᠠᠨ ᠭᠡᠰᠢᠭᠦᠨ᠂ ᠣᠷᠣᠯᠠᠭᠴᠢ ᠭᠡᠰᠢᠭᠦᠨ ᠪᠠ ᠮᠤᠵᠢ ᠶᠠᠮᠤᠨ᠎ᠤ ᠲᠡᠰ᠎ᠤᠨ ᠭᠣᠣᠯ ᠤᠳᠤᠷᠢᠳᠬᠤ ᠺᠠᠳ᠋ᠷᠴᠤᠳ᠎ᠤᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠠ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠨᠭ᠌ᠬᠢ᠎ᠳᠤ ᠬᠡᠯᠡᠭᠰᠡᠨ ᠦᠭᠡ)
ᠠᠷᠪᠠᠨ ᠵᠢᠷᠭᠤᠭ᠎ᠠ
ᠳᠤᠮᠳᠠᠳᠤ ᠵᠢᠨ ᠪᠣᠯᠪᠠᠰᠤᠨ᠎ᠨᠢ ᠲᠣᠪᠣᠢ᠌ᠮ᠎ᠠ ᠰᠢᠨ᠎ᠡ ᠵᠢ ᠡᠭᠦᠳᠬᠦ ᠴᠢᠨᠠᠷᠲᠠᠢ ᠪᠠᠢ᠌ᠳᠠᠭ᠃ ᠳᠤᠮᠳᠠᠳᠤ ᠵᠢᠨ ᠪᠣᠯᠪᠠᠰᠤᠨ ᠪᠣᠯ ᠬᠠᠭᠤᠴᠢᠨ᠎ᠢ ᠥᠭᠡᠷᠡᠴᠢᠯᠡᠵᠦ ᠰᠢᠨ᠎ᠡ ᠵᠢ ᠪᠠᠢ᠌ᠭᠤᠯᠤᠭᠰᠠᠨ᠂ ᠲᠠᠰᠤᠷᠠᠯᠳᠠ ᠦᠭᠡᠢ ᠰᠢᠨᠡᠳᠴᠦ ᠪᠠᠢ᠌ᠭ᠎ᠠ ᠪᠣᠯᠪᠠᠰᠤᠨ ᠮᠥᠨ᠂ ᠲᠠᠶ᠋ᠢᠪᠤᠩ ᠤᠰᠤ ᠭᠦᠨ ᠤᠷᠤᠰᠬᠤ ᠪᠣᠯᠣᠨ ᠰᠦᠷ ᠳᠠᠯᠠᠢ᠌ᠴᠠᠲᠠᠢ ᠤᠷᠤᠰᠬᠠᠯ ᠬᠠᠷᠢᠯᠴᠠᠨ ᠰᠦᠯᠵᠢᠯᠳᠦᠵᠦ ᠪᠠᠢ᠌ᠳᠠᠭ᠃ ᠦᠷᠭᠦᠯᠵᠢᠯᠡᠬᠦ᠎ᠨᠢ ᠵᠣᠭᠰᠣᠩᠭᠢᠷᠠᠬᠤ ᠶᠠᠪᠤᠳᠠᠯ ᠪᠢᠰᠢ᠂ ᠨᠡᠩ ᠴᠤ᠌ ᠬᠥᠰᠢᠭᠦᠷᠡᠬᠦ ᠶᠠᠪᠤᠳᠠᠯ ᠪᠢᠰᠢ᠂ ᠬᠠᠷᠢᠨ ᠰᠢᠨ᠎ᠡ ᠵᠢ ᠡᠭᠦᠳᠬᠦ᠎ᠪᠠᠷ ᠲᠦᠰᠢᠭ ᠲᠤᠯᠭ᠋ᠠᠭᠤᠷᠢ ᠪᠣᠯᠭ᠋ᠠᠭᠰᠠᠨ ᠲᠡᠦᠬᠡ ᠵᠢᠨ ᠳᠠᠪᠰᠢᠯᠲᠠ ᠵᠢᠨ ᠶᠠᠪᠤᠴᠠ ᠮᠥᠨ᠃ ᠳᠤᠮᠳᠠᠳᠤ ᠵᠢᠨ ᠦᠨᠳᠦᠰᠦᠲᠡᠨ ᠢᠮᠠᠭᠲᠠ 《ᠡᠳᠦᠷ᠎ᠠᠴᠠ ᠡᠳᠦᠷ ᠰᠢᠨᠡᠳᠴᠦ᠂ ᠡᠳᠦᠷ ᠲᠤᠲᠤᠮ ᠰᠢᠨᠡᠳᠴᠦ᠂ ᠳᠠᠬᠢᠨᠲᠠ ᠰᠢᠨᠡᠳᠬᠦ》 ᠵᠣᠷᠢᠭ ᠰᠠᠨᠠᠭ᠎ᠠ᠎ᠪᠠᠷ ᠥᠪᠡᠷ᠎ᠤᠨ ᠪᠣᠳᠠᠰ᠎ᠤᠨ ᠪᠣᠯᠪᠠᠰᠤᠨ᠂ ᠣᠶᠤᠨ᠎ᠤ ᠪᠣᠯᠪᠠᠰᠤᠨ ᠪᠠ ᠤᠯᠤᠰ ᠲᠥᠷᠥ ᠵᠢᠨ ᠪᠣᠯᠪᠠᠰᠤᠨ ᠵᠶ᠋ᠠᠨ ᠲᠠᠰᠤᠷᠠᠯᠳᠠ ᠦᠭᠡᠢ ᠡᠭᠦᠳᠦᠨ ᠪᠦᠲᠦᠭᠡᠵᠦ᠂ ᠮᠠᠰᠢ ᠤᠷᠳᠤ ᠲᠡᠦᠬᠡᠨ ᠬᠤᠭᠤᠴᠠᠭ᠋ᠠᠨ᠎ᠳᠤ ᠬᠠᠮᠤᠭ᠎ᠤᠨ ᠴᠡᠴᠡᠭᠯᠡᠨ ᠬᠥᠭᠵᠢᠭᠰᠡᠨ ᠬᠠᠮᠤᠭ᠎ᠤᠨ ᠬᠦᠴᠦᠷᠬᠡᠭ ᠶᠡᠬᠡ ᠪᠣᠯᠪᠠᠰᠤᠨ᠎ᠤ ᠴᠣᠭᠴᠠ ᠵᠢᠨ ᠬᠤᠪᠢ᠎ᠪᠠᠷ ᠳᠡᠯᠡᠬᠡᠢ᠎ᠳᠤ ᠰᠡᠬᠦᠶ᠋ᠢᠨ ᠰᠦᠨᠳᠡᠷᠯᠡᠭᠰᠡᠨ ᠶᠤᠮ᠃ ᠳᠤᠮᠳᠠᠳᠤ ᠵᠢᠨ ᠪᠣᠯᠪᠠᠰᠤᠨ᠎ᠤ ᠰᠢᠨ᠎ᠡ ᠵᠢ ᠡᠭᠦᠳᠬᠦ ᠴᠢᠨᠠᠷ᠎ᠨᠢ ᠳᠤᠮᠳᠠᠳᠤ ᠵᠢᠨ ᠦᠨᠳᠦᠰᠦᠲᠡᠨ᠎ᠤ ᠲᠥᠪ ᠶᠣᠰᠣ ᠵᠢ ᠪᠠᠷᠢᠮᠲᠠᠯᠠᠵᠤ ᠬᠠᠭᠤᠴᠢᠨ ᠵᠶ᠋ᠠᠨ ᠦᠯᠦ ᠪᠠᠷᠢᠮᠲᠠᠯᠠᠬᠤ᠂ ᠡᠷᠲᠡᠨ᠎ᠤ᠎ᠬᠢ ᠵᠢ ᠬᠦᠨᠳᠦᠳᠬᠡᠵᠦ ᠡᠷᠲᠡᠨ᠎ᠤ᠎ᠬᠢ ᠵᠢ ᠦᠯᠦ ᠰᠡᠷᠭᠦᠭᠡᠬᠦ ᠤᠷᠤᠭᠰᠢᠯᠠᠨ ᠲᠠᠪᠰᠢᠬᠤ ᠵᠣᠷᠢᠭ ᠰᠠᠨᠠᠭ᠎ᠠ ᠵᠢ ᠦᠨᠳᠦᠰᠦᠨ᠎ᠠᠴᠠ᠎ᠨᠢ ᠲᠣᠭᠲᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠰᠢᠨ᠎ᠡ ᠥᠷᠢᠰᠥᠯᠳᠦᠭᠡᠨ᠎ᠠᠴᠠ ᠠᠶᠤᠬᠤ ᠦᠭᠡᠢ᠂ ᠰᠢᠨ᠎ᠡ ᠬᠡᠷᠡᠭ ᠪᠣᠳᠠᠰ᠎ᠢ ᠵᠣᠷᠢᠭᠲᠠᠢ᠎ᠪᠠᠷ ᠬᠦᠯᠢᠶᠡᠨ ᠠᠪᠴᠤ ᠶᠠᠭᠤᠨ᠎ᠠᠴᠠ ᠴᠤ᠌ ᠠᠶᠤᠬᠤ ᠦᠭᠡᠢ ᠵᠠᠩ ᠴᠢᠨᠠᠷ᠎ᠢ ᠲᠣᠭᠲᠠᠭ᠋ᠠᠭᠰᠠᠨ ᠶᠤᠮ᠃
(2023 ᠣᠨ᠎ᠤ 6 ᠰᠠᠷ᠎ᠠ ᠵᠢᠨ 2᠎ᠤᠨ ᠡᠳᠦᠷ ᠰᠣᠶᠣᠯ᠎ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷ᠎ᠡ ᠬᠡᠯᠡᠭᠰᠡᠨ ᠦᠭᠡ)
ᠠᠷᠪᠠᠨ ᠲᠤᠯᠤᠭ᠎ᠠ
ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠵᠠᠮ᠎ᠢ ᠪᠣᠯ ᠮᠠᠷᠺᠰ᠎ᠤᠨ ᠦᠵᠡᠯ᠎ᠤᠨ ᠵᠢᠯᠣᠭᠣᠳᠤᠯᠭ᠎ᠠ ᠳᠣᠣᠷ᠎ᠠ ᠵᠠᠮᠨᠠᠵᠤ ᠭᠠᠷᠭ᠋ᠠᠭᠰᠠᠨ ᠶᠤᠮ᠂ ᠮᠥᠨ ᠴᠦ᠍ 5000 ᠭᠠᠷᠤᠢ ᠵᠢᠯ᠎ᠤᠨ ᠳᠤᠮᠳᠠᠳᠤ ᠵᠢᠨ ᠪᠣᠯᠪᠠᠰᠤᠨ᠎ᠤ ᠲᠡᠦᠬᠡ᠎ᠠᠴᠠ ᠵᠠᠮᠨᠠᠵᠤ ᠭᠠᠷᠭ᠋ᠠᠭᠰᠠᠨ ᠶᠤᠮ; 《ᠬᠣᠶᠠᠳᠤᠭ᠋ᠠᠷ ᠤᠶᠠᠯᠳᠤᠯ》᠎ᠨᠢ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠵᠠᠮ᠎ᠢ ᠨᠡᠩ ᠥᠷᠭᠡᠨ ᠠᠭᠤᠳᠠᠮ ᠠᠯᠤᠰ ᠬᠡᠲᠦ ᠵᠢᠨ ᠲᠡᠦᠬᠡ ᠵᠢᠨ ᠭᠦᠨᠵᠡᠭᠡᠢ᠌ᠷᠡᠯ᠎ᠲᠠᠢ ᠪᠣᠯᠭ᠋ᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠵᠠᠮ᠎ᠤᠨ ᠰᠣᠶᠣᠯ᠎ᠤᠨ ᠰᠠᠭᠤᠷᠢ ᠵᠢ ᠥᠷᠭᠡᠳᠬᠡᠵᠡᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠰᠠᠷᠠᠭᠤᠯ ᠳᠠᠷᠳᠠᠩ ᠵᠠᠮ ᠮᠥᠨ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠨᠢ ᠳᠤᠮᠳᠠᠳᠤ ᠵᠢᠨ ᠪᠣᠯᠪᠠᠰᠤᠨ᠎ᠳᠤ ᠣᠲᠣ ᠦᠶ᠎ᠡ ᠵᠢᠨ ᠬᠦᠴᠦᠨ᠎ᠢ ᠣᠯᠭᠣᠵᠤ᠂ ᠳᠤᠮᠳᠠᠳᠤ ᠵᠢᠨ ᠪᠣᠯᠪᠠᠰᠤᠨ᠎ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠭᠦᠨ ᠵᠤᠵᠠᠭ᠋ᠠᠨ ᠠᠭᠤᠯᠤᠭᠳᠠᠬᠤᠨ᠎ᠲᠠᠢ ᠪᠠᠢ᠌ᠳᠠᠭ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠡᠷᠲᠡᠨ᠎ᠤ ᠪᠣᠯᠪᠠᠰᠤᠨ᠎ᠤ ᠣᠳᠣᠬᠢᠴᠢᠯᠠᠯᠲᠠ ᠵᠢ ᠦᠷᠭᠦᠯᠵᠢᠯᠡᠭᠦᠯᠬᠦ᠎ᠠᠴᠠ ᠪᠢᠰᠢ᠂ ᠬᠠᠷᠢᠨ ᠡᠷᠲᠡᠨ᠎ᠤ ᠪᠣᠯᠪᠠᠰᠤᠨ᠎ᠤ ᠣᠳᠣᠬᠢᠴᠢᠯᠠᠯᠲᠠ ᠵᠢ ᠤᠰᠠᠳᠬᠠᠬᠤ ᠶᠠᠪᠤᠳᠠᠯ ᠪᠢᠰᠢ; ᠳᠤᠮᠳᠠᠳᠤ ᠵᠢᠨ ᠨᠤᠲᠤᠭ ᠳᠡᠪᠢᠰᠬᠡᠷ᠎ᠠᠴᠠ ᠤᠷᠭᠤᠵᠤ ᠭᠠᠷᠴᠤ ᠢᠷᠡᠭᠰᠡᠨ ᠣᠳᠣᠬᠢᠴᠢᠯᠠᠯᠲᠠ ᠪᠣᠯᠬᠤ᠎ᠠᠴᠠ ᠪᠢᠰᠢ᠂ ᠪᠤᠰᠤᠳ ᠤᠯᠤᠰ᠎ᠤᠨ ᠣᠳᠣᠬᠢᠴᠢᠯᠠᠯᠲᠠ ᠵᠢ ᠲᠡᠷᠡ ᠬᠡᠪ ᠵᠶ᠋ᠡᠷ᠎ᠨᠢ ᠨᠡᠭᠦᠯᠭᠡᠨ ᠬᠡᠷᠡᠭᠯᠡᠬᠦ ᠶᠠᠪᠤᠳᠠᠯ ᠪᠢᠰᠢ; ᠪᠣᠯᠪᠠᠰᠤᠨ᠎ᠤ ᠰᠢᠨᠡᠴᠢᠯᠡᠯᠲᠡ ᠵᠢᠨ ᠦᠷ᠎ᠡ ᠳ᠋ᠦᠩ ᠪᠣᠯᠬᠤ᠎ᠠᠴᠠ ᠪᠢᠰᠢ᠂ ᠪᠣᠯᠪᠠᠰᠤᠨ᠎ᠤ ᠬᠠᠭ᠋ᠠᠷᠠᠯᠤᠨ ᠦᠷ᠎ᠡ ᠪᠦᠲᠦᠭᠡᠯ ᠪᠢᠰᠢ ᠶᠤᠮ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠳᠤᠮᠳᠠᠳᠤ ᠵᠢᠨ ᠦᠨᠳᠦᠰᠦᠲᠡᠨ᠎ᠤ ᠬᠠᠭᠤᠴᠢᠨ᠎ᠤ ᠰᠠᠭᠤᠷᠢᠨ ᠳᠡᠭᠡᠷᠡᠬᠢ ᠰᠢᠨᠡᠴᠢᠯᠡᠯᠲᠡ ᠪᠠᠢ᠌ᠵᠤ᠂ ᠳᠤᠮᠳᠠᠳᠤ ᠵᠢᠨ ᠪᠣᠯᠪᠠᠰᠤᠨ᠎ᠤ ᠲᠠᠬᠢᠨ ᠬᠥᠭᠵᠢᠨ ᠮᠠᠨᠳᠤᠬᠤ ᠵᠢ ᠲᠦᠯᠬᠢᠨ ᠠᠬᠢᠭᠤᠯᠬᠤ᠎ᠨᠢ ᠯᠠᠪᠲᠠᠢ ᠶᠤᠮ᠃
(2023 ᠣᠨ᠎ᠤ 6 ᠰᠠᠷ᠎ᠠ ᠵᠢᠨ 2᠎ᠤᠨ ᠡᠳᠦᠷ ᠰᠣᠶᠣᠯ᠎ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷ᠎ᠡ ᠬᠡᠯᠡᠭᠰᠡᠨ ᠦᠭᠡ)
ᠠᠷᠪᠠᠨ ᠨᠠᠢ᠍ᠮᠠ
ᠰᠣᠶᠣᠯ᠎ᠤᠨ ᠪᠠᠢ᠌ᠭᠤᠯᠤᠯᠲᠠ᠎ᠳᠤ ᠠᠪᠴᠤ ᠬᠡᠯᠡᠪᠡᠯ᠂ ᠲᠥᠪ ᠶᠣᠰᠣ ᠵᠢ ᠪᠠᠷᠢᠮᠲᠠᠯᠠᠪᠠᠯ ᠰᠠᠶᠢ ᠥᠪᠡᠷ᠎ᠢ᠎ᠪᠠᠨ ᠠᠯᠳᠠᠬᠤ ᠦᠭᠡᠢ᠂ ᠴᠢᠭᠯᠡᠯ ᠵᠶ᠋ᠡᠨ ᠠᠯᠳᠠᠬᠤ ᠦᠭᠡᠢ᠂ ᠰᠢᠨ᠎ᠡ ᠵᠢ ᠡᠭᠦᠳᠪᠡᠯ ᠰᠠᠶᠢ ᠴᠠᠭ ᠦᠶ᠎ᠡ ᠵᠢ ᠡᠵᠡᠮᠳᠡᠵᠦ᠂ ᠴᠠᠭ ᠦᠶ᠎ᠡ ᠵᠢ ᠬᠥᠲᠥᠯᠥᠨ ᠳᠠᠭ᠋ᠠᠭᠤᠯᠵᠤ ᠴᠢᠳᠠᠨ᠎ᠠ᠃ ᠲᠥᠪ ᠶᠣᠰᠣ ᠵᠢ ᠪᠠᠷᠢᠮᠲᠠᠯᠠᠬᠤ ᠭᠡᠳᠡᠭ᠎ᠨᠢ ᠮᠠᠷᠺᠰ᠎ᠤᠨ ᠦᠵᠡᠯ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠬᠦᠷᠢᠶᠡᠨ᠎ᠳᠠᠬᠢ ᠵᠢᠯᠤᠭᠣᠳᠬᠤ ᠪᠠᠶ᠋ᠢᠷᠢ ᠰᠠᠭᠤᠷᠢ ᠵᠢᠨ ᠦᠨᠳᠦᠰᠦᠨ ᠪᠠᠢ᠌ᠭᠤᠯᠤᠯ᠎ᠢ ᠪᠠᠷᠢᠮᠲᠠᠯᠠᠵᠤ᠂ 《ᠬᠣᠶᠠᠷ᠎ᠢ ᠤᠶᠠᠯᠳᠤᠭᠤᠯᠬᠤ》 ᠦᠨᠳᠦᠰᠦᠨ ᠱᠠᠭ᠋ᠠᠷᠳᠠᠯᠭ᠎ᠠ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠣᠶᠣᠯ᠎ᠤᠨ ᠤᠳᠤᠷᠢᠳᠬᠤ ᠡᠷᠬᠡ ᠪᠠ ᠳᠤᠮᠳᠠᠳᠤ ᠵᠢᠨ ᠦᠨᠳᠦᠰᠦᠲᠡᠨ᠎ᠤ ᠰᠣᠶᠣᠯ᠎ᠤᠨ ᠪᠡᠶᠡᠴᠢ ᠴᠣᠭᠴᠠ ᠵᠢᠨ ᠴᠢᠨᠠᠷ᠎ᠢ ᠪᠠᠷᠢᠮᠲᠠᠯᠠᠭᠰᠠᠨ ᠶᠠᠪᠤᠳᠠᠯ ᠪᠣᠯᠣᠨ᠎ᠠ᠃ ᠰᠢᠨ᠎ᠡ ᠵᠢ ᠡᠭᠦᠳᠬᠦ᠎ᠳᠤ ᠰᠢᠨ᠎ᠡ ᠰᠡᠳᠬᠢᠴᠡ᠂ ᠰᠢᠨ᠎ᠡ ᠦᠭᠡ ᠶᠠᠷᠢᠶ᠎ᠠ᠂ ᠰᠢᠨ᠎ᠡ ᠲᠣᠭᠲᠠᠴᠠ᠂ ᠰᠢᠨ᠎ᠡ ᠬᠡᠯᠪᠡᠷᠢ ᠵᠢ ᠡᠭᠦᠳᠴᠦ᠂ ᠮᠠᠷᠺᠰ᠎ᠤᠨ ᠦᠵᠡᠯ᠎ᠤᠨ ᠵᠢᠯᠣᠭᠣᠳᠤᠯᠭ᠎ᠠ ᠳᠣᠣᠷ᠎ᠠ ᠡᠷᠲᠡᠨ᠎ᠤ᠎ᠬᠢ ᠵᠢ ᠡᠳᠦᠭᠡ᠎ᠳᠤ ᠦᠢ᠍ᠯᠡᠴᠢᠯᠡᠭᠦᠯᠬᠦ᠂ ᠬᠠᠷᠢ ᠵᠢᠨ᠎ᠬᠢ ᠵᠢ ᠳᠤᠮᠳᠠᠳᠤ ᠤᠯᠤᠰ᠎ᠲᠤ ᠦᠢ᠍ᠯᠡᠴᠢᠯᠡᠭᠦᠯᠬᠦ ᠵᠢ ᠦᠨᠡᠨ ᠬᠦ᠌ ᠪᠡᠶᠡᠯᠡᠭᠦᠯᠵᠦ᠂ ᠬᠤᠪᠢᠰᠤᠩᠭᠤᠢ᠎ᠪᠠᠷ ᠰᠢᠯᠢᠵᠦ ᠰᠣᠩᠭᠣᠬᠤ᠂ ᠬᠠᠭᠤᠴᠢᠨ᠎ᠢ ᠣᠷᠭᠢᠵᠤ ᠰᠢᠨ᠎ᠡ ᠵᠢ ᠡᠭᠦᠳᠬᠦ ᠵᠢ ᠪᠡᠶᠡᠯᠡᠭᠦᠯᠵᠦ᠂ ᠤᠯᠠᠮᠵᠢᠯᠠᠯ ᠪᠣᠯᠣᠨ ᠣᠲᠣ ᠦᠶ᠎ᠡ ᠵᠢᠨ ᠣᠷᠭ᠋ᠠᠨᠢᠭ ᠵᠣᠯᠭ᠋ᠠᠯᠴᠠᠭ᠎ᠠ ᠵᠢ ᠪᠡᠶᠡᠯᠡᠭᠦᠯᠬᠦ ᠬᠡᠷᠡᠭᠲᠡᠶ᠃ ᠰᠢᠨ᠎ᠡ ᠴᠠᠭ ᠦᠶ᠎ᠡ ᠵᠢᠨ ᠰᠣᠶᠣᠯ᠎ᠤᠨ ᠠᠵᠢᠯᠲᠠᠳ ᠡᠷᠬᠡᠪᠰᠢ ᠰᠢᠨ᠎ᠡ ᠵᠢ ᠡᠭᠦᠳᠬᠦ ᠲᠥᠪ ᠰᠤᠷᠲᠠᠯ ᠪᠣᠯᠣᠨ ᠣᠮᠣᠭ ᠰᠦᠷ ᠵᠶ᠋ᠡᠷ ᠲᠡᠦᠬᠡ ᠰᠣᠶᠣᠯ᠎ᠤᠨ ᠰᠤᠳᠠᠰᠤ ᠵᠢ ᠦᠷᠭᠦᠯᠵᠢᠯᠡᠭᠦᠯᠵᠦ᠂ ᠣᠲᠣ ᠦᠶ᠎ᠡ ᠵᠢᠨ ᠢᠷᠠᠭᠤ ᠬᠠᠭᠤᠳᠠᠰᠤ ᠵᠢ ᠪᠢᠴᠢᠭᠯᠡᠬᠦ ᠬᠡᠷᠡᠭᠲᠡᠢ᠃
(2023 ᠣᠨ᠎ᠤ 6 ᠰᠠᠷ᠎ᠠ ᠵᠢᠨ 2᠎ᠤᠨ ᠡᠳᠦᠷ ᠰᠣᠶᠣᠯ᠎ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷ᠎ᠡ ᠬᠡᠯᠡᠭᠰᠡᠨ ᠦᠭᠡ)
ᠠᠷᠪᠠ ᠶᠢᠰᠦ
ᠤᠨᠤᠯ᠎ᠤᠨ ᠰᠢᠨ᠎ᠡ ᠵᠢ ᠡᠭᠦᠳᠬᠦ ᠵᠢᠨ ᠰᠦᠭ ᠰᠦᠨᠡᠰᠦ ᠪᠠ ᠦᠨᠳᠦᠰᠦ ᠵᠢ ᠢᠮᠠᠭᠲᠠ ᠪᠠᠲᠤ ᠰᠠᠬᠢᠬᠤ ᠬᠡᠷᠡᠭᠲᠡᠢ᠃ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠡᠨᠡ ᠬᠦ᠌ ᠴᠢᠬᠤᠯᠠ ᠶᠡᠬᠡ ᠰᠡᠳᠦᠪ᠎ᠤᠨ ᠲᠤᠰ ᠪᠡᠶ᠎ᠡ᠎ᠨᠢ ᠳᠠᠷᠤᠢ ᠪᠢᠳᠡ ᠮᠠᠷᠺᠰ᠎ᠤᠨ ᠦᠵᠡᠯ ᠭᠡᠬᠦ ᠡᠨᠡ ᠬᠦ᠌ ᠠᠮᠢᠨ ᠰᠤᠳᠠᠰᠤ ᠵᠢ ᠶᠠᠭ᠋ᠠᠬᠢᠭᠰᠠᠨ ᠴᠤ᠌ ᠲᠠᠶᠠᠭᠳᠠᠵᠤ ᠪᠣᠯᠬᠤ ᠦᠭᠡᠢ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ ᠭᠡᠬᠦ ᠡᠨᠡ ᠬᠦ᠌ ᠦᠨᠳᠦᠰᠦ ᠰᠤᠷᠪᠤᠯᠵᠢ ᠵᠢ ᠶᠠᠭ᠋ᠠᠬᠢᠭᠰᠠᠨ ᠴᠤ᠌ ᠲᠠᠶᠠᠭᠳᠠᠵᠤ ᠪᠣᠯᠬᠤ ᠦᠭᠡᠢ ᠭᠡᠳᠡᠭ᠎ᠢ ᠲᠣᠭᠲᠠᠭ᠋ᠠᠭᠰᠠᠨ ᠶᠤᠮ᠃ ᠡᠨᠡ ᠬᠦ᠌ ᠰᠦᠭ ᠰᠦᠨᠡᠰᠦ ᠪᠠ ᠦᠨᠳᠦᠰᠦ ᠵᠢ ᠰᠠᠶ᠋ᠢᠲᠤᠷ ᠪᠠᠲᠤ ᠰᠠᠬᠢᠬᠤ ᠪᠣᠯ ᠤᠨᠤᠯ᠎ᠤᠨ ᠰᠢᠨ᠎ᠡ ᠵᠢ ᠡᠭᠦᠳᠬᠦ ᠵᠢᠨ ᠰᠠᠭᠤᠷᠢ ᠪᠠ ᠤᠷᠢᠲᠠᠯ ᠮᠥᠨ᠂ ᠤᠨᠤᠯ᠎ᠤᠨ ᠰᠢᠨ᠎ᠡ ᠵᠢ ᠡᠭᠦᠳᠬᠦ᠎ᠨᠢ ᠮᠥᠨ ᠴᠦ᠍ ᠡᠨᠡ ᠬᠦ᠌ ᠰᠦᠭ ᠰᠦᠨᠡᠰᠦ ᠪᠠ ᠦᠨᠳᠦᠰᠦ ᠵᠢ ᠨᠡᠩ ᠰᠠᠶ᠋ᠢᠲᠤᠷ ᠪᠠᠲᠤ ᠰᠠᠬᠢᠬᠤ ᠵᠢᠨ ᠲᠥᠯᠥᠭᠡ ᠶᠤᠮ᠃ ᠪᠠᠷᠢᠮᠲᠠᠯᠠᠬᠤ᠎ᠨᠢ ᠨᠡᠩ ᠰᠠᠶ᠋ᠢᠲᠤᠷ ᠬᠥᠭᠵᠢᠭᠦᠯᠬᠦ ᠵᠢᠨ ᠲᠥᠯᠥᠭᠡ ᠶᠤᠮ᠂ ᠬᠥᠭᠵᠢᠭᠦᠯᠬᠦ᠎ᠨᠢ ᠴᠦ᠍ ᠨᠡᠩ ᠰᠠᠶ᠋ᠢᠲᠤᠷ ᠪᠠᠷᠢᠮᠲᠠᠯᠠᠬᠤ ᠵᠢᠨ ᠲᠥᠯᠥᠭᠡ ᠶᠤᠮ᠃ ᠤᠨᠤᠯ᠎ᠤᠨ ᠲᠠᠯ᠎ᠠ᠎ᠪᠠᠷ ᠰᠢᠨ᠎ᠡ ᠵᠢ ᠡᠭᠦᠳᠬᠦ᠎ᠳᠤ ᠡᠷᠬᠡᠪᠰᠢ ᠰᠢᠨ᠎ᠡ ᠦᠭᠡ ᠬᠡᠯᠡᠬᠦ ᠬᠡᠷᠡᠭᠲᠡᠶ᠂ ᠭᠡᠪᠡᠴᠦ ᠤᠭ ᠢᠵᠠᠭᠤᠷ ᠵᠶ᠋ᠡᠨ ᠬᠠᠶᠠᠵᠤ ᠪᠣᠯᠬᠤ ᠦᠭᠡᠢ᠂ ᠤᠭ ᠢᠵᠠᠭᠤᠷ ᠵᠶ᠋ᠡᠨ ᠮᠠᠷᠲᠠᠬᠤ᠎ᠨᠢ ᠰᠦᠨᠡᠰᠦᠨ᠎ᠤ ᠰᠤᠳᠠᠰᠤ ᠪᠠ ᠦᠨᠳᠦᠰᠦ ᠵᠢ᠎ᠨᠢ ᠲᠠᠰᠤᠯᠤᠭᠰᠠᠨ᠎ᠲᠠᠢ ᠠᠳᠠᠯᠢ ᠪᠠᠢ᠌ᠵᠤ᠂ ᠡᠴᠦᠰ᠎ᠲᠡᠭᠡᠨ ᠰᠦᠨᠡᠰᠦᠨ᠎ᠤ ᠰᠤᠳᠠᠰᠤ ᠪᠠ ᠦᠨᠳᠦᠰᠦ ᠵᠢ᠎ᠨᠢ ᠠᠯᠳᠠᠭᠰᠠᠨ ᠨᠤᠷᠠᠭ᠋ᠠᠯᠲᠠ ᠵᠢᠨ ᠴᠢᠨᠠᠷᠲᠠᠢ ᠠᠯᠳᠠᠭ᠎ᠠ ᠭᠠᠷᠭ᠋ᠠᠬᠤ᠎ᠳᠤ ᠬᠦᠷᠦᠨ᠎ᠡ᠃ ᠪᠢ ᠲᠥᠪ ᠶᠣᠰᠣ ᠵᠢ ᠪᠠᠷᠢᠮᠲᠠᠯᠠᠵᠤ ᠰᠢᠨ᠎ᠡ ᠵᠢ ᠡᠭᠦᠳᠬᠦ ᠵᠢ ᠳᠤᠷᠠᠳᠴᠤ ᠪᠠᠢ᠌ᠭ᠎ᠠ᠎ᠨᠢ ᠳᠠᠷᠤᠢ ᠲᠦᠭᠵᠢᠮᠡᠯ ᠬᠥᠰᠢᠭᠦᠷᠡᠭᠰᠡᠨ ᠬᠠᠭᠤᠴᠢᠨ ᠵᠠᠮ ᠵᠶ᠋ᠠᠷ ᠵᠠᠮᠨᠠᠬᠤ ᠦᠭᠡᠢ ᠮᠥᠷᠲᠡᠭᠡᠨ ᠲᠤᠭ ᠵᠶ᠋ᠠᠨ ᠰᠣᠯᠢᠵᠤ ᠳᠠᠯᠪᠠᠭ᠎ᠠ᠎ᠪᠠᠨ ᠰᠣᠯᠢᠬᠤ ᠭᠠᠵᠢᠭᠤ ᠵᠠᠮ ᠵᠶ᠋ᠠᠷ ᠴᠤ᠌ ᠵᠠᠮᠨᠠᠬᠤ ᠦᠭᠡᠢ ᠪᠠᠶ᠋ᠢᠬᠤ ᠵᠢ ᠴᠢᠬᠤᠯᠠᠴᠢᠯᠠᠵᠤ ᠪᠠᠢ᠌ᠭ᠎ᠠ ᠶᠤᠮ᠂ ᠡᠨᠡ ᠬᠣᠶᠠᠷ ᠵᠠᠮ ᠪᠣᠯ ᠴᠥᠮ ᠮᠥᠬᠥᠯ᠎ᠤᠨ ᠵᠠᠮ ᠮᠥᠨ᠃
ᠪᠢᠳᠡ ᠡᠷᠬᠡᠪᠰᠢ ᠮᠠᠷᠺᠰ᠎ᠤᠨ ᠦᠵᠡᠯ ᠭᠡᠬᠦ ᠡᠨᠡ ᠬᠦ᠌ ᠨᠠᠮ ᠵᠶ᠋ᠠᠨ ᠲᠣᠭᠲᠠᠨᠢᠭᠤᠯᠵᠤ ᠤᠯᠤᠰ ᠵᠶ᠋ᠠᠨ ᠲᠣᠭᠲᠠᠨᠢᠭᠤᠯᠬᠤ᠂ ᠨᠠᠮ ᠵᠶ᠋ᠠᠨ ᠮᠠᠨᠳᠤᠭᠤᠯᠵᠤ ᠤᠯᠤᠰ ᠵᠶ᠋ᠠᠨ ᠮᠠᠨᠳᠤᠭᠤᠯᠬᠤ ᠵᠢᠨ ᠦᠨᠳᠦᠰᠦ ᠵᠢ ᠭᠤᠶ᠋ᠢᠪᠢᠰᠢ ᠦᠭᠡᠢ ᠪᠠᠷᠢᠮᠲᠠᠯᠠᠵᠤ᠂ ᠲᠤᠰ ᠤᠯᠤᠰ᠂ ᠲᠤᠰ ᠦᠨᠳᠦᠰᠦᠲᠡᠨ᠎ᠤ᠎ᠪᠠᠨ ᠲᠡᠦᠬᠡ ᠰᠣᠶᠣᠯ᠎ᠤᠨ ᠰᠢᠮᠡᠯᠢᠭ ᠬᠥᠷᠥᠰᠥᠨ᠎ᠳᠤ ᠦᠨᠳᠦᠰᠦᠯᠡᠵᠦ ᠮᠠᠷᠺᠰ᠎ᠤᠨ ᠦᠵᠡᠯ᠎ᠢ ᠬᠥᠭᠵᠢᠭᠦᠯᠬᠦ ᠵᠢ ᠪᠠᠷᠢᠮᠲᠠᠯᠠᠵᠤ᠂ ᠲᠡᠦᠬᠡ ᠵᠢᠨ ᠢᠲᠡᠭᠡᠯ᠂ ᠰᠣᠶᠣᠯ᠎ᠤᠨ ᠢᠲᠡᠭᠡᠯ ᠵᠶ᠋ᠡᠨ ᠪᠠᠲᠤᠳᠬᠠᠵᠤ᠂ ᠡᠷᠲᠡᠨ᠎ᠤ᠎ᠬᠢ ᠵᠢ ᠡᠳᠦᠭᠡ᠎ᠳᠤ ᠦᠢ᠍ᠯᠡᠴᠢᠯᠡᠭᠦᠯᠬᠦ᠂ ᠬᠠᠭᠤᠴᠢᠨ᠎ᠢ ᠣᠷᠭᠢᠵᠤ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠮᠠᠷᠺᠰ᠎ᠤᠨ ᠦᠵᠡᠯ ᠵᠶ᠋ᠡᠷ ᠵᠢᠯᠣᠭᠣᠳᠤᠯᠭ᠎ᠠ ᠪᠣᠯᠭ᠋ᠠᠨ ᠳᠤᠮᠳᠠᠳᠤ ᠵᠢᠨ 5000 ᠭᠠᠷᠤᠢ ᠵᠢᠯ᠎ᠤᠨ ᠪᠣᠯᠪᠠᠰᠤᠨ᠎ᠤ ᠡᠷᠳᠡᠨᠢᠰ᠎ᠤᠨ ᠰᠠᠩ᠎ᠢ ᠪᠦᠬᠦ ᠲᠠᠯ᠎ᠠ᠎ᠪᠠᠷ ᠠᠭᠤᠳᠠᠯᠵᠤ᠂ ᠮᠠᠷᠺᠰ᠎ᠤᠨ ᠦᠵᠡᠯ ᠵᠶ᠋ᠡᠷ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠳᠠᠬᠢ ᠠᠮᠢᠵᠢᠷᠠᠯ᠎ᠤᠨ ᠬᠦᠴᠦᠨ ᠲᠡᠭᠦᠯᠳᠡᠷ ᠰᠢᠯᠢᠳᠡᠭ ᠬᠦᠴᠦᠨ ᠵᠦᠢ᠍ᠯ᠎ᠢ ᠬᠥᠭᠵᠢᠭᠡᠬᠦ ᠵᠢᠨ ᠬᠠᠮᠲᠤ ᠰᠢᠨ᠎ᠡ ᠴᠠᠭ ᠦᠶ᠎ᠡ ᠵᠢᠨ ᠠᠭᠤᠯᠬᠤᠨ ᠣᠯᠭᠣᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠵᠣᠷᠢᠭ ᠰᠠᠨᠠᠭ᠎ᠠ ᠪᠠ ᠡᠯᠪᠡᠭ ᠪᠠᠶᠠᠯᠢᠭ ᠣᠶᠤᠨ ᠤᠬᠠᠭ᠋ᠠᠨ᠎ᠢ ᠮᠠᠷᠺᠰ᠎ᠤᠨ ᠦᠵᠡᠯ᠎ᠳᠤ ᠨᠡᠩ ᠭᠦᠨ ᠳᠡᠰ ᠳᠠᠪᠬᠤᠷᠭ᠎ᠠ᠎ᠪᠠᠷ ᠣᠷᠣᠭᠤᠯᠵᠤ᠂ ᠮᠠᠷᠺᠰ᠎ᠤᠨ ᠦᠵᠡᠯ᠎ᠤᠨ ᠦᠵᠡᠯ ᠰᠠᠨᠠᠭ᠋ᠠᠨ᠎ᠤ ᠣᠭᠢ ᠰᠣᠳᠣ ᠵᠢ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠣᠭᠢ ᠰᠣᠳᠣ᠎ᠲᠠᠢ ᠪᠦᠲᠦᠮᠵᠢᠲᠡᠢ᠎ᠪᠠᠷ ᠨᠠᠪᠲᠠᠷᠡᠭᠦᠯᠵᠦ᠂ ᠤᠨᠤᠯ᠎ᠤᠨ ᠰᠢᠨ᠎ᠡ ᠳᠠᠪᠠᠭᠤᠯᠢᠭ ᠪᠣᠯᠭ᠋ᠠᠨ ᠲᠥᠪᠯᠡᠷᠡᠭᠦᠯᠵᠦ᠂ ᠦᠵᠡᠯ ᠰᠠᠨᠠᠭ᠋ᠠᠨ᠎ᠤ ᠰᠢᠨ᠎ᠡ ᠨᠣᠶᠠᠨ ᠣᠷᠬᠢᠯ᠎ᠳᠤ ᠳᠠᠰᠤᠷᠠᠯᠳᠠ ᠦᠭᠡᠢ ᠠᠪᠠᠷᠢᠬᠤ ᠬᠡᠷᠡᠭᠲᠡᠶ᠃
(2023 ᠣᠨ᠎ᠤ 6 ᠰᠠᠷ᠎ᠠ ᠵᠢᠨ 30᠎ᠤ ᠡᠳᠦᠷ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠵᠢᠷᠭᠤᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠳᠡᠭᠡᠷ᠎ᠡ ᠬᠡᠯᠡᠭᠰᠡᠨ ᠦᠭᠡ)
2024 ᠣᠨ᠎ᠤ 11 ᠰᠠᠷ᠎ᠠ ᠵᠢᠨ 4᠎ᠤ ᠡᠳᠦᠷ᠎ᠠᠴᠠ 6᠎ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠬᠤᠪᠧᠢ᠎ᠳᠤ ᠪᠠᠢ᠌ᠴᠠᠭ᠋ᠠᠨ ᠰᠤᠳᠤᠯᠤᠯᠲᠠ ᠬᠢᠪᠡ᠃ ᠵᠢᠷᠤᠭ ᠪᠣᠯ 5᠎ᠤ ᠦᠳᠡ ᠵᠢᠨ ᠬᠣᠢ᠌ᠨ᠎ᠠ᠂ ᠰᠢ ᠵᠢᠨ ᠫᠢᠩ ᠦᠬᠠᠨ᠎ᠤ ᠠᠵᠤ ᠦᠢ᠍ᠯᠡᠰ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠰᠤᠳᠤᠯᠭ᠋ᠠᠨ᠎ᠤ ᠬᠦᠷᠢᠶᠡᠯᠡᠩ᠎ᠳᠤ ᠪᠠᠢ᠌ᠴᠠᠭ᠋ᠠᠯᠲᠠ ᠬᠢᠵᠦ ᠪᠠᠢ᠌ᠭ᠎ᠠ᠎ᠨᠢ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠵᠢᠦᠢ ᠫᠧᠩ ᠰᠡᠭᠦᠳᠡᠷᠯᠡᠪᠡ
ᠬᠣᠷᠢ
ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ᠂ ᠥᠭᠡᠷᠡᠴᠢᠯᠡᠯᠲᠡ ᠵᠢ ᠶᠠᠭ᠋ᠠᠬᠢᠵᠤ ᠶᠠᠪᠤᠭᠳᠠᠭᠤᠯᠤᠭᠰᠠᠨ ᠴᠦ᠍ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠮᠠᠷᠺᠰ᠎ᠤᠨ ᠦᠵᠡᠯ᠎ᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠵᠠᠮ᠎ᠢ ᠪᠠᠷᠢᠮᠲᠠᠯᠠᠵᠤ᠂ ᠠᠷᠠᠳ᠎ᠤᠨ ᠠᠷᠠᠳᠴᠢᠯᠠᠭᠰᠠᠨ ᠳᠠᠷᠤᠩᠭᠤᠢ᠌ᠯᠠᠬᠤ ᠵᠠᠰᠠᠭ᠎ᠢ ᠪᠠᠷᠢᠮᠲᠠᠯᠠᠬᠤ ᠵᠡᠷᠭᠡ ᠦᠨᠳᠦᠰᠦᠨ ᠵᠦᠢ᠍ᠯ᠎ᠢ ᠶᠠᠭ᠋ᠠᠬᠢᠭᠰᠠᠨ ᠴᠤ᠌ ᠭᠤᠢ᠌ᠪᠢᠯᠵᠠᠭᠤᠯᠵᠤ ᠪᠣᠯᠬᠤ ᠦᠭᠡᠢ᠂ ᠡᠭᠦᠨ᠎ᠤ ᠬᠠᠮᠲᠤ ᠵᠣᠷᠢᠭᠲᠠᠢ᠎ᠪᠠᠷ ᠰᠢᠨ᠎ᠡ ᠵᠢ ᠡᠭᠦᠳᠴᠦ᠂ ᠥᠭᠡᠷᠡᠴᠢᠯᠡᠬᠦ ᠶᠣᠰᠣᠲᠠᠢ ᠵᠢ᠎ᠨᠢ ᠰᠠᠶ᠋ᠢᠲᠤᠷ ᠥᠭᠡᠷᠡᠴᠢᠯᠡᠵᠦ᠂ ᠪᠣᠳᠠᠲᠠᠢ ᠭᠠᠵᠠᠷ᠎ᠲᠤᠨᠢ ᠨᠠᠢ᠌ᠳᠠᠪᠤᠷᠢᠵᠢᠭᠤᠯᠵᠤ᠂ ᠣᠨᠣᠪᠴᠢᠲᠠᠢ ᠦᠵᠡᠪᠡᠯ ᠭᠤᠶ᠋ᠢᠪᠢᠰᠢ ᠦᠭᠡᠢ ᠠᠳᠬᠤᠬᠤ ᠬᠡᠷᠡᠭᠲᠡᠢ᠃
(2024 ᠣᠨ᠎ᠤ 5 ᠰᠠᠷ᠎ᠠ ᠵᠢᠨ 23᠎ᠤ ᠡᠳᠦᠷ ᠠᠵᠤ ᠠᠬᠤᠢ᠌ᠯᠠᠯ ᠪᠠ ᠲᠤᠰᠬᠠᠢ ᠮᠡᠷᠭᠡᠵᠢᠯᠲᠡᠨ᠎ᠤ ᠶᠠᠷᠢᠯᠴᠠᠬᠤ ᠬᠤᠷᠠᠯ ᠳᠡᠭᠡᠷ᠎ᠡ ᠬᠡᠯᠡᠭᠰᠡᠨ ᠦᠭᠡ)
ᠬᠣᠷᠢᠨ ᠨᠢᠭᠡ
ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢᠨ ᠴᠢᠬᠤᠯᠠ ᠶᠡᠬᠡ ᠵᠠᠷᠴᠢᠮ᠎ᠢ ᠭᠦᠨᠵᠡᠭᠡᠢ ᠣᠢ᠌ᠯᠠᠭ᠋ᠠᠨ ᠡᠵᠡᠮᠰᠢᠬᠦ ᠬᠡᠷᠡᠭᠲᠡᠶ᠃ 《ᠲᠣᠭᠲᠠᠭ᠋ᠠᠯ》᠎ᠳᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠎ᠳᠤ ᠵᠢᠷᠤᠮᠯᠠᠬᠤ ᠴᠢᠬᠤᠯᠠᠲᠠᠢ 《ᠵᠢᠷᠭᠤᠭ᠎ᠠ ᠵᠢ ᠪᠠᠷᠢᠮᠲᠠᠯᠠᠬᠤ》 ᠵᠠᠷᠴᠢᠮ᠎ᠢ ᠳᠤᠷᠠᠳᠤᠨ ᠭᠠᠷᠭ᠋ᠠᠭᠰᠠᠨ᠎ᠨᠢ᠂ ᠥᠭᠡᠷᠡᠴᠢᠯᠡᠯᠲᠡ ᠨᠡᠭᠡᠭᠡᠯᠲᠡ ᠬᠢᠭᠰᠡᠨ᠎ᠠᠴᠠ ᠨᠠᠭ᠋ᠠᠰᠢᠬᠢ ᠢᠯᠠᠩᠭᠤᠶ᠎ᠠ ᠰᠢᠨ᠎ᠡ ᠴᠠᠭ ᠦᠶ᠎ᠡ ᠵᠢᠨ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠵᠢᠨ ᠲᠤᠬᠠᠢ ᠰᠢᠨᠵᠢᠯᠡᠬᠦ ᠤᠬᠠᠭ᠋ᠠᠨᠴᠢ ᠳ᠋ᠦᠩᠨᠡᠯᠲᠡ ᠮᠥᠨ᠂ ᠮᠠᠨ᠎ᠤ ᠨᠠᠮ᠎ᠤᠨ ᠥᠭᠡᠷᠡᠴᠢᠯᠡᠯᠲᠡ ᠵᠢᠨ ᠵᠢᠮ᠎ᠡ ᠶᠣᠰᠣᠴᠢ ᠴᠢᠨᠠᠷ᠎ᠤᠨ ᠲᠤᠬᠠᠢ ᠲᠠᠨᠢᠯᠲᠠ᠎ᠪᠠᠨ ᠲᠠᠰᠤᠷᠠᠯᠲᠠ ᠦᠭᠡᠢ ᠭᠦᠨᠵᠡᠭᠡᠢ᠌ᠷᠡᠭᠦᠯᠦᠭᠰᠡᠨᠤ ᠴᠢᠬᠤᠯᠠ ᠶᠡᠬᠡ ᠦᠷ᠎ᠡ ᠪᠦᠲᠦᠭᠡᠯ ᠮᠥᠨ᠂ ᠡᠨᠡ᠎ᠨᠢ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ ᠵᠢᠨ ᠰᠢᠨᠵᠢᠯᠡᠬᠦ ᠤᠬᠠᠭ᠋ᠠᠨᠴᠢ ᠴᠢᠨᠠᠷ᠂ ᠵᠥᠩᠨᠡᠯᠲᠡ ᠵᠢᠨ ᠴᠢᠨᠠᠷ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠎ᠢ ᠴᠢᠩᠭ᠋ᠠᠳᠬᠠᠵᠤ᠂ ᠥᠭᠡᠷᠡᠴᠢᠯᠡᠯᠲᠡ ᠵᠢᠨ ᠯᠠᠪᠳᠠᠭᠤᠨ ᠵᠶ᠋ᠠᠷ ᠠᠯᠤᠰ᠎ᠢ ᠵᠣᠷᠢᠬᠤ ᠶᠠᠪᠤᠳᠠᠯ᠎ᠢ ᠠᠬᠢᠭᠤᠯᠬᠤ᠎ᠳᠤ ᠴᠢᠬᠤᠯᠠ ᠶᠡᠬᠡ ᠵᠢᠯᠤᠭᠣᠳᠬᠤ ᠠᠴᠢ ᠬᠣᠯᠪᠣᠭᠳᠠᠯ᠎ᠲᠠᠢ ᠶᠤᠮ᠃ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ ᠪᠣᠯ ᠮᠠᠨ᠎ᠤ ᠬᠠᠮᠤᠭ᠎ᠤᠨ ᠶᠡᠬᠡ ᠤᠯᠤᠰ ᠲᠥᠷᠥ ᠵᠢᠨ ᠳᠠᠪᠠᠭᠤᠯᠢᠭ ᠮᠥᠨ᠂ ᠮᠠᠨ᠎ᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ ᠵᠢ ᠠᠮᠵᠢᠯᠲᠠ᠎ᠲᠠᠢ᠎ᠪᠠᠷ ᠲᠦᠯᠬᠢᠨ ᠠᠬᠢᠭᠤᠯᠬᠤ ᠵᠢᠨ ᠦᠨᠳᠦᠰᠦᠨ ᠪᠠᠲᠤᠯᠠᠭ᠎ᠠ ᠮᠥᠨ᠂ ᠨᠠᠮ᠎ᠤᠨ ᠤᠳᠤᠷᠢᠳᠤᠯᠭ᠎ᠠ ᠵᠢ ᠥᠭᠡᠷᠡᠴᠢᠯᠡᠯᠲᠡ ᠵᠢᠨ ᠡᠯ᠎ᠡ ᠲᠠᠯ᠎ᠠ ᠵᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠥᠭᠡᠷᠡᠴᠢᠯᠡᠯᠲᠡ ᠵᠢᠨ ᠢᠮᠠᠭᠲᠠ ᠵᠥᠪ ᠤᠯᠤᠰ ᠲᠥᠷᠥ ᠵᠢᠨ ᠴᠢᠭᠯᠡᠯ ᠵᠶ᠋ᠡᠷ ᠤᠷᠤᠭᠰᠢᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠵᠢ ᠪᠠᠷᠢᠮᠲᠠᠯᠠᠬᠤ᠎ᠳᠤ᠂ ᠠᠷᠠᠳ ᠲᠦᠮᠡᠨ᠎ᠤ ᠭᠣᠣᠯ ᠴᠣᠭᠴᠠ ᠵᠢᠨ ᠪᠠᠶ᠋ᠢᠷᠢ ᠰᠠᠭᠤᠷᠢ ᠪᠣᠯᠣᠨ ᠡᠭᠦᠳᠦᠨ ᠪᠦᠲᠦᠭᠡᠬᠦ ᠵᠣᠷᠢᠭ ᠰᠠᠨᠠᠭ᠎ᠠ ᠵᠢ ᠬᠦᠨᠳᠦᠳᠬᠡᠵᠦ᠂ ᠠᠷᠠᠳ ᠲᠦᠮᠡᠨ ᠬᠦᠰᠡᠯ ᠱᠠᠭ᠋ᠠᠷᠳᠠᠯᠭ᠎ᠠ᠎ᠲᠠᠢ᠂ ᠥᠭᠡᠷᠡᠴᠢᠯᠡᠯᠲᠡ᠎ᠳᠤ ᠬᠠᠷᠢᠭᠤ ᠲᠤᠰᠬᠠᠯ᠎ᠲᠠᠢ ᠪᠠᠢ᠌ᠵᠤ᠂ ᠠᠷᠠᠳ ᠲᠦᠮᠡᠨ᠎ᠤ ᠣᠶᠤᠨ ᠤᠬᠠᠭ᠋ᠠᠨ᠎ᠢ ᠲᠥᠪᠯᠡᠷᠡᠭᠦᠯᠦᠨ᠂ ᠠᠷᠠᠳ᠎ᠤᠨ ᠰᠡᠳᠬᠢᠯ᠎ᠢ ᠨᠢᠭᠲᠠᠷᠠᠭᠤᠯᠬᠤ᠎ᠳᠠᠭᠠᠨ ᠴᠢᠳᠠᠮᠠᠭ᠋ᠠᠢ ᠪᠠᠢ᠌ᠵᠤ᠂ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠪᠦᠬᠦ ᠠᠷᠠᠳ ᠲᠦᠮᠡᠨ᠎ᠳᠤ ᠨᠡᠩ ᠢᠯᠡᠭᠦᠦ ᠨᠡᠩ ᠭᠣᠣᠯᠴᠢ᠎ᠪᠠᠷ ᠬᠦᠷᠲᠡᠭᠡᠬᠦ ᠬᠡᠷᠡᠭᠲᠡᠢ᠃ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ᠎ᠳᠤ᠂ ᠵᠠᠮ᠎ᠢ ᠦᠯᠦ ᠬᠤᠪᠢᠷᠠᠭᠤᠯᠬᠤ᠂ ᠵᠣᠷᠢᠭ ᠵᠶ᠋ᠠᠨ ᠦᠯᠦ ᠬᠤᠪᠢᠷᠠᠭᠤᠯᠬᠤ ᠬᠦᠴᠦᠷᠬᠡᠭ ᠶᠡᠬᠡ ᠲᠣᠭᠲᠠᠯ ᠬᠦᠴᠦᠨ᠎ᠲᠠᠢ ᠪᠠᠢ᠌ᠵᠤ᠂ ᠳᠥᠷᠪᠡᠨ ᠦᠨᠳᠦᠰᠦᠨ ᠵᠠᠷᠴᠢᠮ᠎ᠢ ᠪᠠᠷᠢᠮᠲᠠᠯᠠᠨ᠂ 《ᠳᠥᠷᠪᠡᠨ ᠢᠲᠡᠭᠡᠯ》᠎ᠢ ᠭᠤᠶ᠋ᠢᠪᠢᠰᠢ ᠦᠭᠡᠢ ᠪᠠᠲᠤᠳᠬᠠᠬᠤ ᠬᠡᠷᠡᠭᠲᠡᠢ ᠮᠥᠷᠲᠡᠭᠡᠨ ᠪᠠᠰᠠ ᠵᠣᠷᠢᠭᠲᠠᠢ᠎ᠪᠠᠷ ᠰᠢᠨ᠎ᠡ ᠵᠢ ᠡᠭᠦᠳᠬᠦ᠂ ᠵᠣᠷᠢᠭᠲᠠᠢ᠎ᠪᠠᠷ ᠪᠣᠭᠣᠮᠲᠠ ᠰᠢᠪᠲᠤᠯᠬᠤ ᠣᠮᠣᠭ ᠵᠣᠷᠢᠭᠲᠠᠢ ᠪᠠᠢ᠌ᠵᠤ᠂ ᠥᠭᠡᠷᠡᠴᠢᠯᠡᠯᠲᠡ ᠵᠢᠨ ᠲᠠᠰᠤᠷᠠᠯᠳᠠ ᠦᠭᠡᠢ ᠰᠢᠨ᠎ᠡ ᠰᠢᠪᠲᠤᠯᠤᠯᠲᠠ᠎ᠲᠠᠢ ᠪᠣᠯᠬᠤ ᠵᠢ ᠠᠬᠢᠭᠤᠯᠬᠤ ᠬᠡᠷᠡᠭᠲᠡᠢ᠃ ᠳᠦᠷᠢᠮ᠎ᠤᠨ ᠪᠠᠢ᠌ᠭᠤᠯᠤᠯᠲᠠ᠎ᠪᠠᠷ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠬᠤ᠎ᠳᠤ᠂ ᠦᠵᠦ ᠲᠥᠯᠥᠪᠯᠡᠭᠡ ᠵᠢ ᠴᠢᠩᠭ᠋ᠠᠳᠬᠠᠵᠤ᠂ ᠪᠦᠬᠦ ᠲᠠᠯ᠎ᠠ᠎ᠪᠠᠷ ᠲᠥᠯᠥᠪᠵᠢᠭᠦᠯᠵᠦ᠂ ᠡᠪᠳᠡᠬᠦ ᠪᠠ ᠪᠠᠢ᠌ᠭᠤᠯᠬᠤ ᠵᠢ ᠵᠡᠷᠭᠡ᠎ᠪᠡᠷ ᠠᠳᠬᠤᠵᠤ᠂ ᠤᠷᠢᠳᠠᠪᠠᠷ ᠰᠢᠨ᠎ᠡ ᠵᠢ ᠪᠠᠢ᠌ᠭᠤᠯᠵᠤ ᠳᠠᠷᠠᠭ᠎ᠠ᠎ᠨᠢ ᠬᠠᠭᠤᠴᠢᠨ᠎ᠢ ᠡᠪᠳᠡᠵᠦ᠂ ᠦᠨᠳᠦᠰᠦᠨ ᠳᠦᠷᠢᠮ᠎ᠢ ᠪᠠᠲᠤ ᠪᠠᠢ᠌ᠭᠤᠯᠵᠤ᠂ ᠦᠨᠳᠦᠰᠦᠨ ᠳᠦᠷᠢᠮ᠎ᠢ ᠲᠡᠭᠦᠯᠳᠡᠷᠵᠢᠭᠦᠯᠵᠦ᠂ ᠴᠢᠬᠤᠯᠠ ᠳᠦᠷᠢᠮ᠎ᠤᠨ ᠰᠢᠨ᠎ᠡ ᠵᠢ ᠡᠭᠦᠳᠬᠦ ᠬᠡᠷᠡᠭᠲᠡᠢ᠃ ᠪᠦᠬᠦ ᠲᠠᠯ᠎ᠠ᠎ᠪᠠᠷ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠵᠢ ᠪᠠᠷᠢᠮᠲᠠᠯᠠᠬᠤ᠎ᠳᠤ᠂ ᠬᠠᠤᠯᠢ᠎ᠪᠠᠷ ᠵᠠᠰᠠᠬᠤ ᠰᠡᠳᠬᠢᠬᠦᠢ ᠪᠠ ᠬᠠᠤᠯᠢ᠎ᠪᠠᠷ ᠵᠠᠰᠠᠬᠤ ᠠᠷᠭ᠎ᠠ ᠮᠠᠶᠢᠭ᠎ᠢ ᠴᠢᠳᠠᠮᠠᠭ᠋ᠠᠢ᠎ᠪᠠᠷ ᠬᠡᠷᠡᠭᠯᠡᠨ ᠥᠭᠡᠷᠡᠴᠢᠯᠡᠯᠲᠡ ᠵᠢᠨ ᠪᠡᠷᠬᠡ ᠰᠡᠳᠦᠪ᠎ᠢ ᠰᠢᠢ᠍ᠳᠪᠦᠷᠢᠯᠡᠵᠦ᠂ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠪᠡᠬᠢᠵᠢᠭᠦᠯᠵᠦ᠂ ᠥᠭᠡᠷᠡᠴᠢᠯᠡᠯᠲᠡ ᠪᠠ ᠬᠠᠤᠯᠢ᠎ᠪᠠᠷ ᠵᠠᠰᠠᠬᠤ ᠵᠢ ᠬᠠᠷᠢᠯᠴᠠᠨ ᠨᠢᠭᠡᠳᠦᠭᠦᠯᠵᠦ᠂ ᠴᠢᠬᠤᠯᠠ ᠶᠡᠬᠡ ᠥᠭᠡᠷᠡᠴᠢᠯᠡᠯᠲᠡ᠎ᠨᠢ ᠬᠠᠤᠯᠢ ᠵᠢᠨ ᠦᠨᠳᠦᠰᠦᠯᠡᠯ᠎ᠲᠠᠢ ᠪᠠᠶ᠋ᠢᠬᠤ ᠵᠢ ᠪᠡᠶᠡᠯᠡᠭᠦᠯᠵᠦ᠂ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠴᠠᠭ ᠲᠤᠬᠠᠢᠳᠤᠨᠢ ᠬᠠᠤᠯᠢ ᠴᠠᠭ᠋ᠠᠵᠠ ᠵᠢᠨ ᠳᠦᠷᠢᠮ ᠪᠣᠯᠭ᠋ᠠᠨ ᠳᠡᠭᠡᠭᠰᠢᠯᠡᠭᠦᠯᠬᠦ ᠬᠡᠷᠡᠭᠲᠡᠢ᠃ ᠰᠢᠰᠲ᠋ᠧᠮᠲᠦ ᠦᠵᠡᠯᠲᠡ ᠵᠢ ᠪᠠᠷᠢᠮᠲᠠᠯᠠᠬᠤ᠎ᠳᠤ᠂ ᠨᠢᠭᠡᠳᠦᠯᠲᠡᠢ ᠲᠥᠯᠥᠪᠵᠢᠭᠦᠯᠦᠨ ᠨᠠᠢ᠌ᠳᠠ᠎ᠳᠤᠨᠢ ᠬᠠᠷᠠᠭ᠋ᠠᠯᠵᠠᠵᠤ᠂ ᠬᠤᠪᠢᠰᠤᠩᠭᠤᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠢ ᠪᠠ ᠨᠡᠢ᠌ᠭᠡᠮ᠂ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠂ ᠦᠷ᠎ᠡ ᠠᠰᠢᠭ ᠪᠠ ᠲᠥᠪ ᠭᠣᠣᠯᠴᠢ᠂ ᠠᠮᠢᠵᠢᠷᠠᠯ᠎ᠤᠨ ᠬᠦᠴᠦᠨ ᠪᠠ ᠡᠮᠬᠢ ᠳᠢᠭᠯᠢᠮ᠂ ᠬᠥᠭᠵᠢᠯᠲᠡ ᠪᠠ ᠠᠮᠤᠷ ᠲᠦᠪᠰᠢᠨ ᠵᠡᠷᠭᠡ ᠵᠢᠨ ᠴᠢᠬᠤᠯᠠ ᠶᠡᠬᠡ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠵᠦ᠂ ᠥᠭᠡᠷᠡᠴᠢᠯᠡᠯᠲᠡ ᠵᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠎ᠢ ᠴᠢᠩᠭ᠋ᠠᠳᠬᠠᠬᠤ ᠬᠡᠷᠡᠭᠲᠡᠢ᠃ ᠡᠲᠡᠭᠡᠷ ᠵᠠᠷᠴᠢᠮ᠎ᠢ ᠡᠷᠬᠡᠪᠰᠢ ᠥᠭᠡᠷᠡᠴᠢᠯᠡᠯᠲᠡ ᠵᠢᠨ ᠦᠢ᠍ᠯᠡᠳᠦᠯᠭᠡ ᠵᠢᠨ ᠳᠤᠮᠳᠠ ᠥᠴᠥᠬᠡᠨ ᠴᠦ᠍ ᠭᠤᠶ᠋ᠢᠪᠢᠰᠢ ᠦᠭᠡᠢ᠎ᠪᠠᠷ ᠪᠠᠷᠢᠮᠲᠠᠯᠠᠬᠤ ᠵᠢᠨ ᠬᠠᠮᠲᠤ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠶ᠃
(2024 ᠣᠨ᠎ᠤ 7 ᠰᠠᠷ᠎ᠠ ᠵᠢᠨ 18᠎ᠤ ᠡᠳᠦᠷ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠬᠣᠶᠠᠳᠤᠭ᠋ᠠᠷ ᠪᠥᠬᠥᠳᠡ ᠬᠤᠷᠠᠯ ᠳᠡᠭᠡᠷ᠎ᠡ ᠬᠡᠯᠡᠭᠰᠡᠨ ᠦᠭᠡ)
ᠬᠣᠷᠢᠨ ᠬᠣᠶᠠᠷ
ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ᠂ ᠥᠭᠡᠷᠡᠴᠢᠯᠡᠯᠲᠡ ᠵᠢ ᠤᠯᠠᠮ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠬᠡᠷᠡᠭᠲᠡᠢ᠃ ᠪᠢᠳᠡ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠪᠠᠢ᠌ᠭᠤᠯᠤᠯ᠎ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ᠂ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠶᠡᠷᠦᠩᠬᠡᠢ ᠬᠠᠷᠠᠯᠲᠠ ᠵᠢ ᠲᠣᠭᠲᠠᠭ᠋ᠠᠵᠤ᠂ ᠠᠵᠤ ᠠᠬᠤᠢ ᠵᠢᠨ ᠪᠠᠢ᠌ᠭᠤᠯᠤᠯ᠎ᠤᠨ ᠥᠭᠡᠷᠡᠴᠢᠯᠡᠯᠲᠡ᠎ᠪᠠᠷ ᠬᠥᠲᠥᠯᠥᠮᠵᠢ ᠪᠣᠯᠭ᠋ᠠᠵᠤ᠂ ᠡᠯ᠎ᠡ ᠬᠦᠷᠢᠶ᠎ᠡ ᠡᠯ᠎ᠡ ᠲᠠᠯ᠎ᠠ ᠵᠢᠨ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ ᠵᠢ ᠬᠠᠷᠰᠢᠯᠠᠵᠤ ᠪᠠᠢ᠌ᠭ᠎ᠠ ᠦᠵᠡᠯ ᠰᠠᠨᠠᠭ᠎ᠠ ᠣᠢ᠌ᠯᠠᠭ᠋ᠠᠭᠳᠠᠬᠤᠨ ᠪᠠ ᠪᠠᠢ᠌ᠭᠤᠯᠤᠯ ᠲᠣᠭᠲᠠᠴᠠ ᠵᠢᠨ ᠬᠡᠮ ᠰᠣᠭᠣᠭ᠎ᠢ ᠡᠷᠡᠰ ᠠᠷᠢᠯᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠬᠦᠴᠦᠷᠬᠡᠭ ᠶᠡᠬᠡ ᠬᠥᠳᠡᠯᠭᠡᠭᠴᠢ ᠬᠦᠴᠦᠨ ᠪᠠ ᠳᠦᠷᠢᠮ᠎ᠤᠨ ᠪᠠᠲᠤᠯᠠᠭ᠎ᠠ ᠵᠢ ᠲᠠᠰᠤᠷᠠᠯᠳᠠ ᠦᠭᠡᠢ ᠬᠠᠩᠭ᠋ᠠᠬᠤ ᠬᠡᠷᠡᠭᠲᠡᠢ᠃ ᠲᠥᠪ ᠶᠣᠰᠣ ᠵᠢ ᠪᠠᠷᠢᠮᠲᠠᠯᠠᠬᠤ ᠪᠠ ᠰᠢᠨ᠎ᠡ ᠵᠢ ᠡᠭᠦᠳᠬᠦ ᠵᠢ ᠨᠢᠭᠡᠳᠬᠡᠬᠦ ᠵᠢ ᠪᠠᠷᠢᠮᠲᠠᠯᠠᠵᠤ᠂ ᠥᠭᠡᠷᠡᠴᠢᠯᠡᠬᠦ ᠶᠣᠰᠣᠲᠠᠢ ᠵᠢ᠎ᠨᠢ ᠡᠷᠡᠰ ᠭᠤᠶ᠋ᠢᠪᠢᠰᠢ ᠦᠭᠡᠢ ᠥᠭᠡᠷᠡᠴᠢᠯᠡᠵᠦ᠂ ᠥᠭᠡᠷᠡᠴᠢᠯᠡᠬᠦ ᠴᠢᠬᠤᠯᠠ ᠦᠭᠡᠢ ᠵᠢ᠎ᠨᠢ ᠥᠭᠡᠷᠡᠴᠢᠯᠡᠬᠦ ᠦᠭᠡᠢ ᠪᠠᠶ᠋ᠢᠬᠤ ᠬᠡᠷᠡᠭᠲᠡᠢ᠃ ᠰᠢᠰᠲ᠋ᠧᠮ᠎ᠤᠨ ᠴᠤᠭᠯᠠᠷᠠᠯ᠎ᠢ ᠨᠡᠩ ᠴᠢᠬᠤᠯᠠᠴᠢᠯᠠᠵᠤ᠂ ᠭᠣᠣᠯᠳᠠᠯᠭ᠎ᠠ ᠵᠢ ᠲᠤᠪᠤᠢ᠍ᠢ᠍ᠯᠭ᠋ᠠᠬᠤ ᠵᠢ ᠨᠡᠩ ᠴᠢᠬᠤᠯᠠᠴᠢᠯᠠᠵᠤ᠂ ᠥᠭᠡᠷᠡᠴᠢᠯᠡᠯᠲᠡ ᠵᠢᠨ ᠪᠣᠳᠠᠲᠤ ᠦᠷ᠎ᠡ ᠪᠦᠲᠦᠮᠵᠢ ᠵᠢ ᠨᠡᠩ ᠴᠢᠬᠤᠯᠠᠴᠢᠯᠠᠵᠤ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠥᠭᠡᠷᠡᠴᠢᠯᠡᠯᠲᠡ ᠵᠢᠨ ᠨᠠᠢ᠌ᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠬᠤ ᠬᠡᠷᠡᠭᠲᠡᠢ᠃
(2024 ᠣᠨ᠎ᠤ 8 ᠰᠠᠷ᠎ᠠ ᠵᠢᠨ 22᠎ᠤᠨ ᠡᠳᠦᠷ ᠳ᠋ᠧᠩ ᠰᠢᠶᠣᠣ ᠫᠢᠩ ᠨᠥᠬᠥᠷ᠎ᠤᠨ ᠮᠡᠨᠳᠦᠯᠡᠭᠰᠡᠨ 120 ᠵᠢᠯ᠎ᠤᠨ ᠤᠢ ᠵᠢ ᠳᠤᠷᠠᠰᠬᠠᠬᠤ ᠶᠠᠷᠢᠯᠴᠠᠬᠤ ᠬᠤᠷᠠᠯ ᠳᠡᠭᠡᠷ᠎ᠡ ᠬᠡᠯᠡᠭᠰᠡᠨ ᠦᠭᠡ)
ᠡᠨᠡ ᠪᠣᠯ ᠰᠢ ᠵᠢᠨ ᠫᠢᠩ ᠶᠡᠷᠦᠩᠬᠡᠢ ᠱᠦᠵᠢ ᠵᠢᠨ 2013 ᠣᠨ᠎ᠤ 1 ᠰᠠᠷ᠎ᠠ᠎ᠠᠴᠠ 2024 ᠣᠨ᠎ᠤ 8 ᠰᠠᠷ᠎ᠠ ᠪᠣᠯᠲᠠᠯᠠᠬᠢ ᠬᠤᠭᠤᠴᠠᠭ᠋ᠠᠨ᠎ᠳᠤ ᠡᠷᠬᠡᠪᠰᠢ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠲᠤᠬᠠᠢ ᠴᠢᠬᠤᠯᠠ ᠥᠭᠦᠯᠡᠯᠲᠡ ᠵᠢᠨ ᠬᠡᠰᠡᠭᠯᠡᠯ ᠪᠣᠯᠣᠨ᠎ᠠ᠃