ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ  -   ᠵᠢᠰᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠲᠦᠭᠡᠨ ᠪᠠᠢ᠌ᠭᠤᠯᠤᠶ᠎ᠠ
ᠰᠢ ᠵᠢᠨ ᠫᠢᠩ᠄ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠬᠣᠶᠠᠳᠤᠭ᠋ᠠᠷ ᠪᠥᠬᠥᠳᠡ ᠬᠤᠷᠠᠯᠳᠤᠭ᠋ᠠᠨ ᠳᠡᠭᠡᠷᠡᠬᠢ ᠶᠠᠷᠢᠶ᠎ᠠ
ᠨᠡᠶ᠋ᠢᠲᠡᠯᠡᠭᠰᠡᠨ ᠴᠠᠭ᠄ 2025-01-08

      ᠡᠨᠡ ᠤᠳᠠᠭ᠋ᠠᠨ᠎ᠤ ᠪᠥᠬᠥᠳᠡ ᠬᠤᠷᠠᠯ᠎ᠠᠴᠠ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠠᠵᠢᠯ᠎ᠤᠨ ᠢᠯᠡᠳᠬᠡᠯ᠎ᠢ ᠰᠣᠨᠣᠰᠴᠤ᠂ ᠣᠳᠣᠬᠠᠨ᠎ᠤ ᠪᠠᠶ᠋ᠢᠳᠠᠯ ᠪᠠ ᠡᠭᠦᠷᠭᠡ ᠵᠢ ᠵᠠᠳᠠᠯᠵᠤ᠂ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》᠎ᠢ ᠬᠢᠨᠠᠨ ᠶᠠᠷᠢᠯᠴᠠᠵᠤ ᠪᠠᠲᠤᠯᠠᠭ᠋ᠠᠳ᠂ ᠡᠯ᠎ᠡ ᠵᠦᠢ᠍ᠯ᠎ᠤᠨ ᠵᠥᠪᠯᠡᠬᠦ ᠵᠦᠢ᠍ᠯ ᠵᠶ᠋ᠡᠨ ᠲᠡᠭᠦᠰ ᠠᠮᠵᠢᠯᠲᠠ᠎ᠲᠠᠢ᠎ᠪᠠᠷ ᠪᠡᠶᠡᠯᠡᠭᠦᠯᠪᠡ᠃
      ᠪᠥᠬᠥᠳᠡ ᠬᠤᠷᠠᠯ᠎ᠠᠴᠠ ᠪᠠᠲᠤᠯᠠᠭᠰᠠᠨ 《ᠲᠣᠭᠲᠠᠭ᠋ᠠᠯ》᠎ᠨᠢ᠂ ᠥᠭᠡᠷᠡᠴᠢᠯᠡᠯᠲᠡ ᠨᠡᠭᠡᠭᠡᠯᠲᠡ ᠬᠢᠭᠰᠡᠨ᠎ᠠᠴᠠ ᠨᠠᠭ᠋ᠠᠰᠢᠬᠢ ᠢᠯᠠᠩᠭᠤᠶ᠎ᠠ ᠰᠢᠨ᠎ᠡ ᠴᠠᠭ ᠦᠶ᠎ᠡ ᠵᠢᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠦᠭᠰᠡᠨ ᠲᠤᠷᠰᠢᠯᠭ᠎ᠠ ᠵᠢ ᠳ᠋ᠦᠩᠨᠡᠨ ᠬᠡᠷᠡᠭᠯᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ᠎ᠳᠤ ᠲᠤᠯᠭ᠋ᠠᠷᠠᠵᠤ ᠪᠠᠢ᠌ᠭ᠎ᠠ ᠰᠢᠨ᠎ᠡ ᠪᠠᠶ᠋ᠢᠳᠠᠯ ᠰᠢᠨ᠎ᠡ ᠱᠠᠭ᠋ᠠᠷᠳᠠᠯᠭ᠎ᠠ ᠵᠢ ᠭᠦᠨᠵᠡᠭᠡᠢ ᠵᠠᠳᠠᠯᠵᠤ᠂ ᠪᠦᠬᠦ ᠨᠠᠮ ᠪᠦᠬᠦ ᠨᠡᠢ᠌ᠭᠡᠮ᠎ᠤᠨ ᠣᠶᠤᠨ ᠤᠬᠠᠭ᠋ᠠᠨ᠎ᠢ ᠲᠥᠪᠯᠡᠷᠡᠭᠦᠯᠦᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠲᠣᠭᠣᠷᠢᠨ᠎ᠳᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠶᠡᠷᠦᠩᠬᠡᠢ ᠪᠠᠢ᠌ᠷᠢᠯᠠᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠯᠡᠨ ᠭᠠᠷᠭ᠋ᠠᠵᠠᠢ᠂ ᠡᠨᠡ ᠪᠣᠯ ᠰᠢᠨ᠎ᠡ ᠠᠶᠠᠨ ᠲᠡᠢ᠌ᠨ᠎ᠳᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢ ᠵᠢᠯᠤᠭᠣᠳᠬᠤ ᠬᠥᠲᠥᠯᠪᠦᠷᠢ ᠵᠢᠨ ᠴᠢᠨᠠᠷᠲᠠᠢ ᠪᠢᠴᠢᠭ ᠮᠠᠲ᠋ᠧᠷᠢᠶᠠᠯ ᠮᠥᠨ᠃ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠠᠶ᠋ᠢᠲᠤᠷ ᠰᠤᠷᠤᠯᠴᠠᠵᠤ ᠰᠠᠶ᠋ᠢᠲᠤᠷ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠪᠦᠬᠦ ᠨᠠᠮ ᠪᠦᠬᠦ ᠤᠯᠤᠰ᠎ᠤᠨ ᠨᠢᠭᠡᠨ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠮᠥᠨ᠃
      ᠳᠣᠣᠷ᠎ᠠ ᠪᠢ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶ᠎ᠠ ᠵᠢ ᠲᠥᠯᠥᠭᠡᠯᠡᠵᠦ᠂ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠢ ᠬᠡᠳᠦᠨ ᠰᠠᠨᠠᠯ ᠵᠶ᠋ᠠᠨ ᠶᠠᠷᠢᠶ᠎ᠠ᠃

图片01.png

      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ 2024 ᠣᠨ᠎ᠤ 7 ᠰᠠᠷ᠎ᠠ ᠵᠢᠨ 15᠎ᠤ ᠡᠳᠦᠷ᠎ᠠᠴᠠ 18᠎ᠤ ᠡᠳᠦᠷ ᠪᠣᠯᠲᠠᠯ᠎ᠠ ᠪᠡᠭᠡᠵᠢᠩ᠎ᠳᠤ ᠬᠤᠷᠠᠯᠳᠤᠪᠠ᠃ ᠲᠥᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠵᠢᠦᠢ ᠫᠧᠩ ᠰᠡᠭᠦᠳᠡᠷᠯᠡᠪᠡ
      ᠨᠢᠭᠡ᠂ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠬᠤ ᠬᠡᠷᠡᠭᠲᠡᠢ
      ᠨᠢᠭᠡᠳᠦᠭᠡᠷ᠎ᠲᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢᠨ ᠭᠣᠣᠯ ᠰᠡᠳᠦᠪ᠎ᠢ ᠭᠦᠨᠵᠡᠭᠡᠢ ᠣᠢ᠌ᠯᠠᠭ᠋ᠠᠨ ᠡᠵᠡᠮᠰᠢᠬᠦ ᠬᠡᠷᠡᠭᠲᠡᠶ᠃ ᠨᠠᠮ᠎ᠤᠨ ᠭᠣᠣᠯ ᠡᠭᠦᠷᠭᠡ᠎ᠲᠠᠢ ᠤᠶᠠᠯᠳᠤᠭᠤᠯᠤᠨ ᠥᠭᠡᠷᠡᠴᠢᠯᠡᠯᠲᠡ ᠵᠢ ᠲᠥᠰᠥᠪᠯᠡᠨ ᠠᠬᠢᠭᠤᠯᠬᠤ ᠪᠣᠯ ᠥᠭᠡᠷᠡᠴᠢᠯᠡᠯᠲᠡ ᠵᠢᠨ ᠠᠮᠵᠢᠯᠲᠠ ᠣᠯᠬᠤ ᠵᠢᠨ ᠴᠢᠬᠤᠯᠠ ᠲᠤᠷᠰᠢᠯᠭ᠎ᠠ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠪᠢᠳᠡ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠎ᠪᠠᠷ ᠬᠥᠳᠡᠯᠭᠡᠬᠦ ᠬᠦᠴᠦᠨ ᠪᠣᠯᠭ᠋ᠠᠵᠤ᠂ ᠤᠷᠢᠳ ᠡᠮᠦᠨ᠎ᠡ ᠪᠠᠢ᠌ᠭ᠎ᠠ ᠦᠭᠡᠢ ᠡᠷᠡᠰ ᠵᠣᠷᠢᠭ ᠪᠠ ᠡᠷᠴᠢᠮ ᠵᠶ᠋ᠡᠷ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠢᠯᠠᠯᠲᠠ ᠵᠢ ᠣᠯᠵᠤ᠂ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠡᠶᠡᠯᠡᠭᠦᠯᠵᠦ᠂ ᠢᠯᠵᠢᠷᠡᠯ᠎ᠢ ᠡᠰᠡᠷᠭᠦᠴᠡᠬᠦ ᠲᠡᠮᠡᠴᠡᠯ᠎ᠤᠨ ᠳᠡᠢ᠌ᠯᠦᠩᠭᠢ ᠢᠯᠠᠯᠲᠠ ᠵᠢ ᠣᠯᠣᠭᠰᠠᠨ ᠪᠥᠭᠡᠳ ᠪᠦᠬᠦ ᠲᠠᠯ᠎ᠠ᠎ᠪᠠᠷ ᠪᠡᠬᠢᠵᠢᠵᠦ᠂ ᠠᠷᠠᠳ ᠤᠯᠠᠨ᠎ᠤ ᠴᠢᠩ ᠰᠡᠳᠬᠢᠯ᠎ᠤᠨ ᠬᠦᠷᠢᠶᠡᠯᠡᠯ᠎ᠢ ᠣᠯᠪᠠ᠃ ᠰᠢᠨ᠎ᠡ ᠠᠶᠠᠨ ᠵᠠᠮ᠎ᠳᠤ᠂ ᠪᠢᠳᠡ ᠶᠠᠭᠤᠨ᠎ᠳᠤ ᠲᠦᠰᠢᠭᠯᠡᠨ ᠰᠡᠳᠬᠢᠯ ᠵᠶ᠋ᠡᠨ ᠨᠢᠭᠲᠠᠷᠠᠭᠤᠯᠵᠤ ᠬᠦᠴᠦᠨ ᠵᠶ᠋ᠡᠨ ᠬᠠᠮᠲᠤᠳᠬᠠᠬᠤ ᠪᠤᠢ? ᠭᠡᠪᠡᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠲᠦᠰᠢᠭᠯᠡᠬᠦ ᠬᠡᠷᠡᠭᠲᠡᠶ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠬᠤ ᠲᠤᠬᠠᠢ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠬᠢᠵᠡᠢ᠃ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠎ᠳᠤ ᠡᠷᠬᠡᠪᠰᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ ᠡᠨᠡ ᠬᠦ᠌ ᠭᠣᠣᠯ ᠰᠡᠳᠦᠪ᠎ᠲᠠᠢ ᠨᠢᠭᠲᠠ ᠤᠶᠠᠯᠳᠤᠭᠤᠯᠤᠨ ᠥᠷᠨᠢᠭᠦᠯᠬᠦ ᠬᠡᠷᠡᠭᠲᠡᠶ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠪᠠᠢ᠌ᠭᠤᠯᠤᠯ᠎ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠬᠦ᠂ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠶᠡᠷᠦᠩᠬᠡᠢ ᠬᠠᠷᠠᠯᠲᠠ᠎ᠪᠠᠨ ᠲᠣᠭᠲᠠᠭ᠋ᠠᠵᠤ᠂ ᠰᠢᠰᠲ᠋ᠧᠮ᠎ᠤᠨ ᠴᠤᠭᠯᠠᠷᠠᠯ᠎ᠢ ᠨᠡᠩ ᠢᠯᠡᠭᠦᠦ ᠴᠢᠬᠤᠯᠠᠴᠢᠯᠠᠵᠤ᠂ ᠭᠣᠣᠯᠳᠠᠯᠭ᠎ᠠ ᠵᠢ ᠲᠤᠪᠤᠢ᠍ᠢ᠍ᠯᠭ᠋ᠠᠬᠤ ᠵᠢ ᠨᠡᠩ ᠴᠢᠬᠤᠯᠠᠴᠢᠯᠠᠵᠤ᠂ ᠥᠭᠡᠷᠡᠴᠢᠯᠡᠯᠲᠡ ᠵᠢᠨ ᠪᠣᠳᠠᠲᠤ ᠦᠷ᠎ᠡ ᠪᠦᠲᠦᠮᠵᠢ ᠵᠢ ᠨᠡᠩ ᠴᠢᠬᠤᠯᠠᠴᠢᠯᠠᠵᠤ᠂ ᠨᠠᠷᠢᠯᠢᠭ ᠣᠨᠣᠴᠠᠲᠠᠢ᠎ᠪᠠᠷ ᠬᠦᠴᠦᠯᠡᠵᠦ᠂ ᠬᠠᠮᠵᠢᠯᠴᠠᠨ ᠬᠦᠴᠦᠯᠡᠵᠦ᠂ ᠦᠷᠭᠦᠯᠵᠢᠯᠡᠨ ᠬᠦᠴᠦᠯᠡᠵᠦ᠂ ᠡᠯ᠎ᠡ ᠵᠦᠢ᠍ᠯ᠎ᠤᠨ ᠪᠠᠢ᠌ᠭᠤᠯᠤᠯ ᠲᠣᠭᠲᠠᠴᠠ ᠵᠢᠨ ᠬᠠᠷᠰᠢ ᠰᠠᠭ᠋ᠠᠳ᠎ᠢ ᠡᠷᠡᠰ ᠠᠷᠢᠯᠭ᠋ᠠᠵᠤ᠂ ᠨᠡᠢ᠌ᠭᠡᠮ᠎ᠤᠨ ᠦᠢ᠍ᠯᠡᠳᠪᠦᠷᠢᠯᠡᠯ᠎ᠤᠨ ᠬᠦᠴᠦᠨ᠎ᠢ ᠤᠯᠠᠮ ᠨᠢᠭᠡ ᠠᠯᠬᠤᠮ ᠴᠢᠯᠦᠭᠡᠯᠡᠨ ᠬᠥᠭᠵᠢᠭᠦᠯᠵᠦ᠂ ᠨᠡᠢ᠌ᠭᠡᠮ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠨ ᠨᠡᠮᠡᠭᠳᠡᠭᠦᠯᠵᠦ᠂ ᠤᠷᠤᠭᠰᠢᠯᠠᠯᠲᠠ ᠵᠢᠨ ᠵᠠᠮ ᠳᠡᠭᠡᠷᠡᠬᠢ ᠬᠦᠨᠳᠦ ᠶᠡᠬᠡ ᠠᠶᠤᠯ ᠲᠦᠭᠰᠢᠭᠦᠷᠢ ᠥᠷᠢᠰᠥᠯᠳᠦᠭᠡᠨ᠎ᠢ ᠪᠦᠲᠦᠮᠵᠢᠲᠡᠢ᠎ᠪᠠᠷ ᠰᠡᠷᠭᠡᠢ᠌ᠯᠡᠨ ᠠᠷᠢᠯᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠬᠦᠴᠦᠷᠬᠡᠭ ᠶᠡᠬᠡ ᠬᠥᠳᠡᠯᠭᠡᠭᠴᠢ ᠬᠦᠴᠦᠨ ᠪᠠ ᠳᠦᠷᠢᠮ᠎ᠤᠨ ᠪᠠᠲᠤᠯᠠᠭ᠎ᠠ ᠬᠠᠩᠭ᠋ᠠᠬᠤ ᠬᠡᠷᠡᠭᠲᠡᠢ᠃
      ᠬᠣᠶᠠᠳᠤᠭ᠋ᠠᠷ᠎ᠲᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢᠨ ᠴᠢᠬᠤᠯᠠ ᠶᠡᠬᠡ ᠵᠠᠷᠴᠢᠮ᠎ᠢ ᠭᠦᠨᠵᠡᠭᠡᠢ ᠣᠢ᠌ᠯᠠᠭ᠋ᠠᠨ ᠡᠵᠡᠮᠰᠢᠬᠦ ᠬᠡᠷᠡᠭᠲᠡᠶ᠃ 《ᠲᠣᠭᠲᠠᠭ᠋ᠠᠯ》᠎ᠳᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠎ᠳᠤ ᠵᠢᠷᠤᠮᠯᠠᠬᠤ ᠴᠢᠬᠤᠯᠠᠲᠠᠢ 《ᠵᠢᠷᠭᠤᠭ᠎ᠠ ᠵᠢ ᠪᠠᠷᠢᠮᠲᠠᠯᠠᠬᠤ》 ᠵᠠᠷᠴᠢᠮ᠎ᠢ ᠳᠤᠷᠠᠳᠤᠨ ᠭᠠᠷᠭ᠋ᠠᠪᠠ᠃ ᠡᠨᠡ ᠪᠣᠯ ᠥᠭᠡᠷᠡᠴᠢᠯᠡᠯᠲᠡ ᠨᠡᠭᠡᠭᠡᠯᠲᠡ ᠬᠢᠭᠰᠡᠨ᠎ᠠᠴᠠ ᠨᠠᠭ᠋ᠠᠰᠢᠬᠢ ᠢᠯᠠᠩᠭᠤᠶ᠎ᠠ ᠰᠢᠨ᠎ᠡ ᠴᠠᠭ ᠦᠶ᠎ᠡ ᠵᠢᠨ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠵᠢᠨ ᠲᠤᠬᠠᠢ ᠰᠢᠨᠵᠢᠯᠡᠬᠦ ᠤᠬᠠᠭ᠋ᠠᠨᠴᠢ ᠳ᠋ᠦᠩᠨᠡᠯᠲᠡ ᠮᠥᠨ᠂ ᠮᠠᠨ᠎ᠤ ᠨᠠᠮ᠎ᠤᠨ ᠥᠭᠡᠷᠡᠴᠢᠯᠡᠯᠲᠡ ᠵᠢᠨ ᠵᠢᠮ᠎ᠡ ᠶᠣᠰᠣᠴᠢ ᠴᠢᠨᠠᠷ᠎ᠤᠨ ᠲᠤᠬᠠᠢ ᠲᠠᠨᠢᠯᠲᠠ᠎ᠪᠠᠨ ᠲᠠᠰᠤᠷᠠᠯᠲᠠ ᠦᠭᠡᠢ ᠭᠦᠨᠵᠡᠭᠡᠢ᠌ᠷᠡᠭᠦᠯᠦᠭᠰᠡᠨ᠎ᠤ ᠴᠢᠬᠤᠯᠠ ᠶᠡᠬᠡ ᠦᠷ᠎ᠡ ᠪᠦᠲᠦᠭᠡᠯ ᠮᠥᠨ᠂ ᠡᠨᠡ᠎ᠨᠢ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ ᠵᠢᠨ ᠰᠢᠨᠵᠢᠯᠡᠬᠦ ᠤᠬᠠᠭ᠋ᠠᠨᠴᠢ ᠴᠢᠨᠠᠷ᠂ ᠵᠥᠩᠨᠡᠯᠲᠡ ᠵᠢᠨ ᠴᠢᠨᠠᠷ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠎ᠢ ᠴᠢᠩᠭ᠋ᠠᠳᠬᠠᠵᠤ᠂ ᠥᠭᠡᠷᠡᠴᠢᠯᠡᠯᠲᠡ ᠵᠢᠨ ᠯᠠᠪᠳᠠᠭᠤᠨ ᠵᠶ᠋ᠠᠷ ᠠᠯᠤᠰ᠎ᠢ ᠵᠣᠷᠢᠬᠤ ᠶᠠᠪᠤᠳᠠᠯ᠎ᠢ ᠠᠬᠢᠭᠤᠯᠬᠤ᠎ᠳᠤ ᠴᠢᠬᠤᠯᠠ ᠶᠡᠬᠡ ᠵᠢᠯᠤᠭᠣᠳᠬᠤ ᠠᠴᠢ ᠬᠣᠯᠪᠣᠭᠳᠠᠯ᠎ᠲᠠᠢ ᠶᠤᠮ᠃ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ ᠪᠣᠯ ᠮᠠᠨ᠎ᠤ ᠬᠠᠮᠤᠭ᠎ᠤᠨ ᠶᠡᠬᠡ ᠤᠯᠤᠰ ᠲᠥᠷᠥ ᠵᠢᠨ ᠳᠠᠪᠠᠭᠤᠯᠢᠭ ᠮᠥᠨ᠂ ᠮᠠᠨ᠎ᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ ᠵᠢ ᠠᠮᠵᠢᠯᠲᠠ᠎ᠲᠠᠢ᠎ᠪᠠᠷ ᠲᠦᠯᠬᠢᠨ ᠠᠬᠢᠭᠤᠯᠬᠤ ᠵᠢᠨ ᠦᠨᠳᠦᠰᠦᠨ ᠪᠠᠲᠤᠯᠠᠭ᠎ᠠ ᠮᠥᠨ᠂ ᠨᠠᠮ᠎ᠤᠨ ᠤᠳᠤᠷᠢᠳᠤᠯᠭ᠎ᠠ ᠵᠢ ᠥᠭᠡᠷᠡᠴᠢᠯᠡᠯᠲᠡ ᠵᠢᠨ ᠡᠯ᠎ᠡ ᠲᠠᠯ᠎ᠠ ᠵᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠥᠭᠡᠷᠡᠴᠢᠯᠡᠯᠲᠡ ᠵᠢᠨ ᠢᠮᠠᠭᠲᠠ ᠵᠥᠪ ᠤᠯᠤᠰ ᠲᠥᠷᠥ ᠵᠢᠨ ᠴᠢᠭᠯᠡᠯ ᠵᠶ᠋ᠡᠷ ᠤᠷᠤᠭᠰᠢᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠵᠢ ᠪᠠᠷᠢᠮᠲᠠᠯᠠᠬᠤ᠎ᠳᠤ᠂ ᠠᠷᠠᠳ ᠲᠦᠮᠡᠨ᠎ᠤ ᠭᠣᠣᠯ ᠴᠣᠭᠴᠠ ᠵᠢᠨ ᠪᠠᠶ᠋ᠢᠷᠢ ᠰᠠᠭᠤᠷᠢ ᠪᠣᠯᠣᠨ ᠡᠭᠦᠳᠦᠨ ᠪᠦᠲᠦᠭᠡᠬᠦ ᠵᠣᠷᠢᠭ ᠰᠠᠨᠠᠭ᠎ᠠ ᠵᠢ ᠬᠦᠨᠳᠦᠳᠬᠡᠵᠦ᠂ ᠠᠷᠠᠳ ᠲᠦᠮᠡᠨ ᠬᠦᠰᠡᠯ ᠱᠠᠭ᠋ᠠᠷᠳᠠᠯᠭ᠎ᠠ᠎ᠲᠠᠢ᠂ ᠥᠭᠡᠷᠡᠴᠢᠯᠡᠯᠲᠡ᠎ᠳᠤ ᠬᠠᠷᠢᠭᠤ ᠲᠤᠰᠬᠠᠯ᠎ᠲᠠᠢ ᠪᠠᠢ᠌ᠵᠤ᠂ ᠠᠷᠠᠳ ᠲᠦᠮᠡᠨ᠎ᠤ ᠣᠶᠤᠨ ᠤᠬᠠᠭ᠋ᠠᠨ᠎ᠢ ᠲᠥᠪᠯᠡᠷᠡᠭᠦᠯᠦᠨ᠂ ᠠᠷᠠᠳ᠎ᠤᠨ ᠰᠡᠳᠬᠢᠯ᠎ᠢ ᠨᠢᠭᠲᠠᠷᠠᠭᠤᠯᠬᠤ᠎ᠳᠠᠭᠠᠨ ᠴᠢᠳᠠᠮᠠᠭ᠋ᠠᠢ ᠪᠠᠢ᠌ᠵᠤ᠂ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠪᠦᠬᠦ ᠠᠷᠠᠳ ᠲᠦᠮᠡᠨ᠎ᠳᠤ ᠨᠡᠩ ᠢᠯᠡᠭᠦᠦ ᠨᠡᠩ ᠭᠣᠣᠯᠴᠢ᠎ᠪᠠᠷ ᠬᠦᠷᠲᠡᠭᠡᠬᠦ ᠬᠡᠷᠡᠭᠲᠡᠢ᠃ ᠲᠥᠪ ᠭᠣᠣᠯᠴᠢ᠎ᠪᠠᠷ ᠰᠢᠨ᠎ᠡ ᠵᠢ ᠡᠭᠦᠳᠬᠦ ᠵᠢ ᠪᠠᠷᠢᠮᠲᠠᠯᠠᠬᠤ᠎ᠳᠤ᠂ ᠵᠠᠮ᠎ᠢ ᠦᠯᠦ ᠬᠤᠪᠢᠷᠠᠭᠤᠯᠬᠤ᠂ ᠵᠣᠷᠢᠭ ᠵᠶ᠋ᠠᠨ ᠦᠯᠦ ᠬᠤᠪᠢᠷᠠᠭᠤᠯᠬᠤ ᠬᠦᠴᠦᠷᠬᠡᠭ ᠶᠡᠬᠡ ᠲᠣᠭᠲᠠᠯ ᠬᠦᠴᠦᠨ᠎ᠲᠠᠢ ᠪᠠᠢ᠌ᠵᠤ᠂ ᠳᠥᠷᠪᠡᠨ ᠦᠨᠳᠦᠰᠦᠨ ᠵᠠᠷᠴᠢᠮ᠎ᠢ ᠪᠠᠷᠢᠮᠲᠠᠯᠠᠨ᠂ 《ᠳᠥᠷᠪᠡᠨ ᠢᠲᠡᠭᠡᠯ》᠎ᠢ ᠭᠤᠶ᠋ᠢᠪᠢᠰᠢ ᠦᠭᠡᠢ ᠪᠠᠲᠤᠳᠬᠠᠬᠤ ᠬᠡᠷᠡᠭᠲᠡᠢ ᠮᠥᠷᠲᠡᠭᠡᠨ ᠪᠠᠰᠠ ᠵᠣᠷᠢᠭᠲᠠᠢ᠎ᠪᠠᠷ ᠰᠢᠨ᠎ᠡ ᠵᠢ ᠡᠭᠦᠳᠬᠦ᠂ ᠵᠣᠷᠢᠭᠲᠠᠢ᠎ᠪᠠᠷ ᠪᠣᠭᠣᠮᠲᠠ ᠰᠢᠪᠲᠤᠯᠬᠤ ᠣᠮᠣᠭ ᠵᠣᠷᠢᠭ᠎ᠲᠠᠢ ᠪᠠᠢ᠌ᠵᠤ᠂ ᠥᠭᠡᠷᠡᠴᠢᠯᠡᠯᠲᠡ ᠵᠢᠨ ᠲᠠᠰᠤᠷᠠᠯᠳᠠ ᠦᠭᠡᠢ ᠰᠢᠨ᠎ᠡ ᠰᠢᠪᠲᠤᠯᠤᠯᠲᠠ᠎ᠲᠠᠢ ᠪᠣᠯᠬᠤ ᠵᠢ ᠠᠬᠢᠭᠤᠯᠬᠤ ᠬᠡᠷᠡᠭᠲᠡᠢ᠃ ᠳᠦᠷᠢᠮ᠎ᠤᠨ ᠪᠠᠢ᠌ᠭᠤᠯᠤᠯᠲᠠ᠎ᠪᠠᠷ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠬᠤ᠎ᠳᠤ᠂ ᠦᠵᠦ ᠲᠥᠯᠥᠪᠯᠡᠭᠡ ᠵᠢ ᠴᠢᠩᠭ᠋ᠠᠳᠬᠠᠵᠤ᠂ ᠪᠦᠬᠦ ᠲᠠᠯ᠎ᠠ᠎ᠪᠠᠷ ᠲᠥᠯᠥᠪᠵᠢᠭᠦᠯᠵᠦ᠂ ᠡᠪᠳᠡᠬᠦ ᠪᠠ ᠪᠠᠢ᠌ᠭᠤᠯᠬᠤ ᠵᠢ ᠵᠡᠷᠭᠡᠪᠡᠷ ᠠᠳᠬᠤᠵᠤ᠂ ᠤᠷᠢᠳᠠᠪᠠᠷ ᠪᠠᠢ᠌ᠭᠤᠯᠵᠤ ᠳᠠᠷᠠᠭ᠎ᠠ᠎ᠨᠢ ᠡᠪᠳᠡᠵᠦ᠂ ᠦᠨᠳᠦᠰᠦᠨ ᠳᠦᠷᠢᠮ᠎ᠢ ᠪᠠᠲᠤ ᠪᠠᠢ᠌ᠭᠤᠯᠵᠤ᠂ ᠦᠨᠳᠦᠰᠦᠨ ᠳᠦᠷᠢᠮ᠎ᠢ ᠲᠡᠭᠦᠯᠳᠡᠷᠵᠢᠭᠦᠯᠵᠦ᠂ ᠴᠢᠬᠤᠯᠠ ᠳᠦᠷᠢᠮ᠎ᠤᠨ ᠰᠢᠨ᠎ᠡ ᠵᠢ ᠡᠭᠦᠳᠬᠦ ᠬᠡᠷᠡᠭᠲᠡᠢ᠃ ᠪᠦᠬᠦ ᠲᠠᠯ᠎ᠠ᠎ᠪᠠᠷ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠵᠢ ᠪᠠᠷᠢᠮᠲᠠᠯᠠᠬᠤ᠎ᠳᠤ᠂ ᠬᠠᠤᠯᠢ᠎ᠪᠠᠷ ᠵᠠᠰᠠᠬᠤ ᠰᠡᠳᠬᠢᠬᠦᠢ ᠪᠠ ᠬᠠᠤᠯᠢ᠎ᠪᠠᠷ ᠵᠠᠰᠠᠬᠤ ᠠᠷᠭ᠎ᠠ ᠮᠠᠶᠢᠭ᠎ᠢ ᠴᠢᠳᠠᠮᠠᠭ᠋ᠠᠢ᠎ᠪᠠᠷ ᠬᠡᠷᠡᠭᠯᠡᠨ ᠥᠭᠡᠷᠡᠴᠢᠯᠡᠯᠲᠡ ᠵᠢᠨ ᠪᠡᠷᠬᠡ ᠰᠡᠳᠦᠪ᠎ᠢ ᠰᠢᠢ᠍ᠳᠪᠦᠷᠢᠯᠡᠵᠦ᠂ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠪᠡᠬᠢᠵᠢᠭᠦᠯᠵᠦ᠂ ᠥᠭᠡᠷᠡᠴᠢᠯᠡᠯᠲᠡ ᠪᠠ ᠬᠠᠤᠯᠢ᠎ᠪᠠᠷ ᠵᠠᠰᠠᠬᠤ ᠵᠢ ᠬᠠᠷᠢᠯᠴᠠᠨ ᠨᠢᠭᠡᠳᠦᠭᠦᠯᠵᠦ᠂ ᠴᠢᠬᠤᠯᠠ ᠶᠡᠬᠡ ᠥᠭᠡᠷᠡᠴᠢᠯᠡᠯᠲᠡ᠎ᠨᠢ ᠬᠠᠤᠯᠢ ᠵᠢᠨ ᠦᠨᠳᠦᠰᠦᠯᠡᠯ᠎ᠲᠠᠢ ᠪᠠᠶ᠋ᠢᠬᠤ ᠵᠢ ᠪᠡᠶᠡᠯᠡᠭᠦᠯᠵᠦ᠂ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠴᠠᠭ ᠲᠤᠬᠠᠢ᠎ᠳᠤᠨᠢ ᠬᠠᠤᠯᠢ ᠴᠠᠭ᠋ᠠᠵᠠ ᠵᠢᠨ ᠳᠦᠷᠢᠮ ᠪᠣᠯᠭ᠋ᠠᠨ ᠳᠡᠭᠡᠭᠰᠢᠯᠡᠭᠦᠯᠬᠦ ᠬᠡᠷᠡᠭᠲᠡᠢ᠃ ᠰᠢᠰᠲ᠋ᠧᠮᠲᠦ ᠦᠵᠡᠯᠲᠡ ᠵᠢ ᠪᠠᠷᠢᠮᠲᠠᠯᠠᠬᠤ᠎ᠳᠤ᠂ ᠨᠢᠭᠡᠳᠦᠯᠲᠡᠢ ᠲᠥᠯᠥᠪᠵᠢᠭᠦᠯᠦᠨ ᠨᠠᠢ᠌ᠳᠠ᠎ᠳᠤᠨᠢ ᠬᠠᠷᠠᠭ᠋ᠠᠯᠵᠠᠵᠤ᠂ ᠬᠤᠪᠢᠰᠤᠩᠭᠤᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠢ ᠪᠠ ᠨᠡᠢ᠌ᠭᠡᠮ᠂ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠂ ᠦᠷ᠎ᠡ ᠠᠰᠢᠭ ᠪᠠ ᠲᠥᠪ ᠭᠣᠣᠯᠴᠢ᠂ ᠠᠮᠢᠵᠢᠷᠠᠯ᠎ᠤᠨ ᠬᠦᠴᠦᠨ ᠪᠠ ᠡᠮᠬᠢ ᠳᠢᠭᠯᠢᠮ᠂ ᠬᠥᠭᠵᠢᠯᠲᠡ ᠪᠠ ᠠᠮᠤᠷ ᠲᠦᠪᠰᠢᠨ ᠵᠡᠷᠭᠡ ᠵᠢᠨ ᠴᠢᠬᠤᠯᠠ ᠶᠡᠬᠡ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠵᠦ᠂ ᠥᠭᠡᠷᠡᠴᠢᠯᠡᠯᠲᠡ ᠵᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠎ᠢ ᠴᠢᠩᠭ᠋ᠠᠳᠬᠠᠬᠤ ᠬᠡᠷᠡᠭᠲᠡᠢ᠃ ᠡᠲᠡᠭᠡᠷ ᠵᠠᠷᠴᠢᠮ᠎ᠢ ᠡᠷᠬᠡᠪᠰᠢ ᠥᠭᠡᠷᠡᠴᠢᠯᠡᠯᠲᠡ ᠵᠢᠨ ᠦᠢ᠍ᠯᠡᠳᠦᠯᠭᠡ ᠵᠢᠨ ᠳᠤᠮᠳᠠ ᠥᠴᠥᠬᠡᠨ ᠴᠦ᠍ ᠭᠤᠶ᠋ᠢᠪᠢᠰᠢ ᠦᠭᠡᠢ᠎ᠪᠠᠷ ᠪᠠᠷᠢᠮᠲᠠᠯᠠᠬᠤ ᠵᠢᠨ ᠬᠠᠮᠲᠤ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠶ᠃
      ᠭᠤᠷᠪᠠᠳᠤᠭ᠋ᠠᠷ᠎ᠲᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠴᠢᠬᠤᠯᠠ ᠶᠡᠬᠡ ᠠᠷᠭ᠎ᠠ ᠬᠡᠮᠵᠢᠶ᠎ᠡ ᠵᠢ ᠭᠦᠨᠵᠡᠭᠡᠢ ᠣᠢ᠌ᠯᠠᠭ᠋ᠠᠨ ᠡᠵᠡᠮᠰᠢᠬᠦ ᠬᠡᠷᠡᠭᠲᠡᠶ᠃ 《ᠲᠣᠭᠲᠠᠭ᠋ᠠᠯ》᠎ᠳᠤ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠪᠠ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ ᠵᠢ ᠳᠣᠪᠣᠶ᠋ᠢᠯᠭ᠋ᠠᠵᠤ᠂ ᠥᠨᠳᠥᠷ ᠲᠦᠪᠰᠢᠨ ᠪᠦᠬᠦᠢ ᠨᠡᠢ᠌ᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠢ᠌ᠭᠤᠯᠤᠮᠵᠢ ᠵᠢ ᠪᠠᠢ᠌ᠭᠤᠯᠬᠤ᠂ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠪᠠᠢ᠌ᠭᠤᠯᠤᠮᠵᠢ ᠲᠣᠭᠲᠠᠴᠠ ᠵᠢ ᠪᠦᠷᠢᠨᠰᠢᠭᠦᠯᠬᠦ᠂ ᠪᠦᠬᠦ ᠲᠠᠯ᠎ᠠ᠎ᠪᠠᠷ ᠰᠢᠨ᠎ᠡ ᠵᠢ ᠡᠭᠦᠳᠬᠦ ᠵᠢ ᠳᠡᠮᠵᠢᠬᠦ ᠪᠠᠢ᠌ᠭᠤᠯᠤᠮᠵᠢ ᠲᠣᠭᠲᠠᠴᠠ ᠵᠢ ᠪᠠᠢ᠌ᠭᠤᠯᠬᠤ᠂ ᠬᠣᠷᠸ᠎ᠠ ᠠᠵᠤ ᠠᠬᠤᠢ ᠵᠢᠨ ᠵᠠᠰᠠᠯᠲᠠ ᠵᠢᠨ ᠰᠢᠰᠲ᠋ᠧᠮ᠎ᠢ ᠪᠦᠷᠢᠨᠰᠢᠭᠦᠯᠬᠦ᠂ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠪᠠᠢ᠌ᠭᠤᠯᠤᠮᠵᠢ ᠲᠣᠭᠲᠠᠴᠠ ᠵᠢ ᠪᠦᠷᠢᠨᠰᠢᠭᠦᠯᠬᠦ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢᠨ ᠪᠠᠢ᠌ᠭᠤᠯᠤᠮᠵᠢ ᠲᠣᠭᠲᠠᠴᠠ ᠵᠢ ᠪᠦᠷᠢᠨᠰᠢᠭᠦᠯᠬᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠳᠦᠷᠢᠮ᠎ᠤᠨ ᠰᠢᠰᠲ᠋ᠧᠮ᠎ᠢ ᠪᠦᠷᠢᠨᠰᠢᠭᠦᠯᠬᠦ ᠵᠡᠷᠭᠡ 7 ᠬᠡᠰᠡᠭ᠎ᠢ ᠲᠣᠬᠢᠷᠠᠭᠤᠯᠵᠤ᠂ 《ᠬᠣᠶᠠᠷ ᠥᠴᠥᠬᠡᠨ ᠴᠦ᠍ ᠭᠤᠶ᠋ᠢᠪᠢᠰᠢ ᠦᠭᠡᠢ》 ᠵᠢ ᠪᠠᠷᠢᠮᠲᠠᠯᠠᠨ ᠨᠠᠢ᠌ᠳᠠᠪᠤᠷᠢᠵᠢᠭᠤᠯᠬᠤ᠂ ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠪᠠᠢ᠌ᠭᠤᠯᠬᠤ᠂ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠰᠠᠭᠤᠷᠢ ᠳᠦᠷᠢᠮ᠎ᠢ ᠲᠡᠭᠦᠯᠳᠡᠷᠵᠢᠭᠦᠯᠬᠦ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷᠯᠢᠭ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠪᠠᠢ᠌ᠭᠤᠯᠤᠮᠵᠢ ᠲᠣᠭᠲᠠᠴᠠ ᠵᠢ ᠲᠡᠭᠦᠯᠳᠡᠷᠵᠢᠭᠦᠯᠬᠦ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ ᠳᠦᠷᠢᠮ᠎ᠢ ᠲᠡᠭᠦᠯᠳᠡᠷᠵᠢᠭᠦᠯᠬᠦ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠪᠠᠢ᠌ᠭᠤᠯᠤᠮᠵᠢ ᠲᠣᠭᠲᠠᠴᠠ ᠵᠢᠨ ᠨᠢᠭᠡ ᠴᠣᠭᠴᠠᠵᠢᠭᠰᠠᠨ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠯᠡᠨ ᠠᠬᠢᠭᠤᠯᠬᠤ᠂ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠲᠥᠯᠦᠪᠵᠢᠭᠦᠯᠭᠡ ᠵᠢᠨ ᠰᠢᠰᠲ᠋ᠧᠮ ᠪᠠ ᠲᠥᠷᠥ ᠵᠢᠨ ᠪᠣᠳᠣᠯᠭ᠎ᠠ ᠵᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠬᠦ᠂ ᠡᠳ᠋᠎ᠤᠨ ᠵᠠᠰᠠᠭ ᠭᠠᠢ᠌ᠯᠢ ᠪᠠ ᠮᠥᠩᠭᠥᠨ ᠭᠦᠢ᠍ᠯᠭᠡᠭᠡᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠣᠷᠣᠨ ᠪᠦᠰᠡ ᠵᠢ ᠵᠣᠬᠢᠴᠠᠩᠭᠤᠢ᠎ᠪᠠᠷ ᠬᠥᠭᠵᠢᠭᠦᠯᠬᠦ ᠪᠠᠢ᠌ᠯᠳᠤᠬᠤ ᠪᠣᠳᠣᠯᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠦᠨ ᠬᠡᠷᠡᠭᠵᠢᠭᠦᠯᠬᠦ᠂ ᠰᠢᠨ᠎ᠡ ᠮᠠᠶᠢᠭ᠎ᠤᠨ ᠬᠤᠳᠠ ᠪᠠᠯᠭ᠋ᠠᠰᠤᠵᠢᠯᠲᠠ ᠵᠢᠨ ᠪᠠᠢ᠌ᠭᠤᠯᠤᠯ ᠲᠣᠭᠲᠠᠴᠠ ᠵᠢ ᠲᠡᠭᠦᠯᠳᠡᠷᠵᠢᠭᠦᠯᠬᠦ᠂ ᠲᠠᠷᠢᠶᠠᠯᠠᠩ᠎ᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ ᠬᠦᠷᠲᠡᠭᠡᠵᠦ ᠲᠠᠷᠢᠶᠠᠴᠢᠳ᠎ᠢ ᠪᠠᠶᠠᠵᠢᠭᠤᠯᠬᠤ ᠵᠢ ᠳᠡᠮᠵᠢᠬᠦ ᠳᠦᠷᠢᠮ᠎ᠢ ᠲᠡᠭᠦᠯᠳᠡᠷᠵᠢᠭᠦᠯᠬᠦ᠂ ᠣᠷᠣᠯᠭ᠎ᠠ ᠵᠢᠨ ᠬᠤᠪᠢᠶᠠᠷᠢᠯᠠᠯᠲᠠ ᠵᠢᠨ ᠳᠦᠷᠢᠮ᠎ᠢ ᠲᠡᠭᠦᠯᠳᠡᠷᠵᠢᠭᠦᠯᠬᠦ᠂ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠬᠦ᠂ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠪᠦᠷᠢᠨᠰᠢᠭᠦᠯᠬᠦ ᠵᠡᠷᠭᠡ ᠴᠢᠬᠤᠯᠠ ᠶᠡᠬᠡ ᠠᠰᠠᠭᠤᠳᠠᠯ᠎ᠢ ᠪᠠᠷᠢᠮᠲᠠᠯᠠᠬᠤ ᠪᠠ ᠲᠤᠭᠤᠰᠢᠯᠠᠭᠤᠯᠬᠤ ᠲᠠᠯ᠎ᠠ᠎ᠪᠠᠷ ᠠᠯᠢ ᠤᠯᠠᠨ ᠴᠢᠬᠤᠯᠠ ᠶᠡᠬᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ ᠡᠭᠦᠨ᠎ᠤ ᠵᠡᠷᠭᠡᠴᠡᠭᠡᠪᠡᠷ᠂ 《ᠲᠣᠭᠲᠠᠭ᠋ᠠᠯ》᠎ᠳᠤ ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠤᠨ ᠳᠦᠷᠢᠮ᠎ᠤᠨ ᠰᠢᠰᠲ᠋ᠧᠮ᠎ᠢ ᠪᠦᠷᠢᠨᠰᠢᠭᠦᠯᠬᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠬᠠᠤᠯᠢ᠎ᠪᠠᠷ ᠵᠠᠰᠠᠬᠤ ᠰᠢᠰᠲ᠋ᠧᠮ᠎ᠢ ᠲᠡᠭᠦᠯᠳᠡᠷᠵᠢᠭᠦᠯᠬᠦ᠂ ᠰᠣᠶᠣᠯ᠎ᠤᠨ ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠤᠯᠤᠰ᠎ᠤᠨ ᠠᠮᠤᠷ ᠲᠦᠪᠰᠢᠨ᠎ᠤ ᠰᠢᠰᠲ᠋ᠧᠮ ᠪᠠ ᠴᠢᠳᠠᠪᠤᠷᠢ ᠵᠢᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠨᠭ᠌ᠬᠢ ᠵᠢᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠬᠦ ᠵᠡᠷᠭᠡ ᠪᠠᠢ᠌ᠯᠳᠤᠬᠤ ᠪᠣᠳᠣᠯᠭ᠎ᠠ ᠵᠢᠨ ᠡᠭᠦᠷᠭᠡ ᠵᠢᠨ ᠲᠣᠭᠣᠷᠢᠨ᠎ᠳᠤ᠂ ᠪᠠᠢ᠌ᠭᠤᠯᠤᠯ ᠲᠣᠭᠲᠠᠴᠠ ᠵᠢᠨ ᠲᠠᠯ᠎ᠠ᠎ᠪᠠᠷ᠎ᠬᠢ ᠲᠣᠪᠣᠢ᠌ᠮ᠎ᠠ ᠵᠥᠷᠢᠴᠡᠯ ᠪᠠ ᠠᠰᠠᠭᠤᠳᠠᠯ᠎ᠳᠤ ᠴᠢᠭᠯᠡᠭᠦᠯᠦᠨ᠂ ᠠᠯᠢ ᠤᠯᠠᠨ ᠴᠢᠬᠤᠯᠠ ᠶᠡᠬᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ ᠡᠲᠡᠭᠡᠷ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ᠎ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ ᠲᠠᠯ᠎ᠠ ᠪᠦᠬᠦᠨ᠎ᠢ ᠬᠠᠮᠤᠷᠴᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠪᠦᠬᠦ ᠲᠠᠯ᠎ᠠ ᠵᠢᠨ ᠵᠢᠷᠤᠭ᠎ᠢ ᠵᠢᠷᠤᠭᠯᠠᠵᠠᠢ᠃
      《ᠲᠣᠭᠲᠠᠭ᠋ᠠᠯ》᠎ᠳᠤ ᠳᠤᠷᠠᠳᠤᠭᠰᠠᠨ ᠠᠯᠢ ᠤᠯᠠᠨ ᠴᠢᠬᠤᠯᠠ ᠶᠡᠬᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ᠎ᠨᠢ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠪᠠ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ ᠬᠡᠷᠡᠭᠴᠡᠭᠡ᠎ᠳᠤ ᠵᠣᠬᠢᠴᠠᠭᠤᠯᠤᠨ᠂ ᠠᠷᠠᠳ ᠤᠯᠠᠨ᠎ᠤ ᠬᠦᠰᠡᠯ ᠡᠷᠡᠮᠡᠯᠵᠡᠯ ᠪᠠ ᠨᠡᠢ᠌ᠭᠡᠮ᠎ᠤᠨ ᠵᠢᠱ᠌ᠢᠯᠲᠡ᠎ᠳᠤ ᠵᠣᠬᠢᠴᠠᠭᠤᠯᠤᠨ᠂ ᠠᠰᠠᠭᠤᠳᠠᠯ᠎ᠢ ᠪᠣᠳᠣᠯᠬᠢᠯᠠᠵᠤ᠂ ᠳᠦᠷᠢᠮ᠎ᠢ ᠬᠦᠴᠦᠯᠡᠨ ᠲᠡᠭᠦᠯᠳᠡᠷᠵᠢᠭᠦᠯᠵᠦ᠂ ᠪᠠᠢ᠌ᠭᠤᠯᠤᠯ ᠲᠣᠭᠲᠠᠴᠠ ᠵᠢᠨ ᠬᠠᠷᠰᠢ ᠰᠠᠭ᠋ᠠᠳ᠎ᠢ ᠠᠷᠢᠯᠭ᠋ᠠᠵᠤ᠂ ᠣᠳᠣᠬᠢ ᠪᠠᠶ᠋ᠢᠳᠠᠯ᠎ᠳᠠᠭᠠᠨ ᠰᠠᠭᠤᠷᠢᠯᠠᠬᠤ ᠮᠥᠷᠲᠡᠭᠡᠨ ᠪᠠᠰᠠ ᠠᠯᠤᠰ ᠢᠷᠡᠭᠡᠳᠦᠢ ᠵᠢ ᠪᠣᠳᠣᠯᠬᠢᠯᠠᠪᠠ᠃ ᠪᠦᠬᠦ ᠨᠠᠮ᠎ᠤᠨ ᠨᠥᠬᠥᠳ ᠪᠠᠢ᠌ᠯᠳᠤᠬᠤ ᠪᠣᠳᠣᠯᠭ᠎ᠠ ᠵᠢᠨ ᠪᠠ ᠪᠦᠬᠦ ᠲᠠᠯ᠎ᠠ ᠵᠢᠨ ᠥᠨᠳᠥᠷᠴᠡ᠎ᠠᠴᠠ ᠡᠲᠡᠭᠡᠷ ᠴᠢᠬᠤᠯᠠ ᠶᠡᠬᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠲᠠᠨᠢᠨ ᠡᠵᠡᠮᠰᠢᠵᠦ᠂ ᠥᠭᠡᠷᠡᠴᠢᠯᠡᠯᠲᠡ ᠵᠢᠨ ᠵᠣᠷᠢᠯᠲᠠ ᠵᠢ ᠰᠠᠶ᠋ᠢᠲᠤᠷ ᠣᠢ᠌ᠯᠠᠭ᠋ᠠᠵᠤ᠂ ᠥᠭᠡᠷᠡᠴᠢᠯᠡᠯᠲᠡ ᠵᠢᠨ ᠴᠢᠭᠯᠡᠯ᠎ᠢ ᠣᠨᠣᠪᠴᠢᠲᠠᠢ ᠡᠵᠡᠮᠳᠡᠵᠦ᠂ ᠡᠷᠡᠰ ᠭᠤᠶ᠋ᠢᠪᠢᠰᠢ ᠦᠭᠡᠢ᠎ᠪᠠᠷ ᠠᠬᠢᠭᠤᠯᠬᠤ ᠬᠡᠷᠡᠭᠲᠡᠢ᠃

图片02.png

      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ 2024 ᠣᠨ᠎ᠤ 7 ᠰᠠᠷ᠎ᠠ ᠵᠢᠨ 15᠎ᠤ ᠡᠳᠦᠷ᠎ᠠᠴᠠ 18᠎ᠤ ᠡᠳᠦᠷ ᠪᠣᠯᠲᠠᠯ᠎ᠠ ᠪᠡᠭᠡᠵᠢᠩ᠎ᠳᠤ ᠬᠤᠷᠠᠯᠳᠤᠪᠠ᠃ ᠵᠢᠷᠤᠭ ᠪᠣᠯ ᠰᠢ ᠵᠢᠨ ᠫᠢᠩ᠂ ᠯᠢ ᠴᠢᠶᠠᠩ᠂ ᠵᠣᠣ ᠯᠧ ᠵᠢᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠨᠠᠷ ᠬᠤᠷᠠᠯ᠎ᠤᠨ ᠲᠠᠯᠠᠪᠠᠶ᠎ᠳᠤ ᠣᠷᠣᠵᠤ ᠪᠠᠢ᠌ᠭ᠎ᠠ᠎ᠨᠢ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠶᠤᠸᠠᠢ ᠶᠤᠸᠠᠢ ᠸᠧᠢ ᠰᠡᠭᠦᠳᠡᠷᠯᠡᠪᠡ
      ᠳᠥᠷᠪᠡᠳᠦᠭᠡᠷ᠎ᠲᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢᠨ ᠦᠨᠳᠦᠰᠦᠨ ᠪᠠᠲᠤᠯᠠᠭ᠎ᠠ ᠵᠢ ᠭᠦᠨᠵᠡᠭᠡᠢ ᠣᠢ᠌ᠯᠠᠭ᠋ᠠᠨ ᠡᠵᠡᠮᠰᠢᠬᠦ ᠬᠡᠷᠡᠭᠲᠡᠶ᠃ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠎ᠳᠤ ᠡᠷᠬᠡᠪᠰᠢ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢᠨ ᠳᠣᠣᠷ᠎ᠠ ᠶᠠᠪᠤᠭᠳᠠᠭᠤᠯᠵᠤ᠂ ᠥᠭᠡᠷᠡᠴᠢᠯᠡᠯᠲᠡ ᠵᠢᠨ ᠢᠮᠠᠭᠲᠠ ᠵᠥᠪ ᠤᠯᠤᠰ ᠲᠥᠷᠥ ᠵᠢᠨ ᠴᠢᠭᠯᠡᠯ ᠵᠶ᠋ᠡᠷ ᠤᠷᠤᠭᠰᠢᠯᠠᠬᠤ ᠵᠢ ᠪᠠᠲᠤᠯᠠᠬᠤ ᠬᠡᠷᠡᠭᠲᠡᠢ᠃ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠎ᠳᠤ ᠬᠣᠯᠪᠣᠭᠳᠠᠬᠤ ᠬᠦᠷᠢᠶ᠎ᠡ ᠬᠡᠪᠴᠢᠶ᠎ᠡ᠎ᠨᠢ ᠥᠷᠭᠡᠨ᠂ ᠠᠰᠢᠭ ᠲᠤᠰᠠ ᠵᠢ ᠭᠦᠨ ᠭᠦᠨᠳᠡᠵᠦ᠂ ᠪᠣᠭᠣᠮᠲᠠ ᠰᠢᠪᠲᠤᠯᠬᠤ ᠬᠦᠴᠢᠷᠳᠡᠯ ᠶᠡᠬᠡ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠪᠠᠶ᠋ᠢᠳᠠᠯ᠎ᠢ ᠵᠥᠪ ᠣᠨᠣᠪᠴᠢᠲᠠᠢ ᠮᠠᠭ᠋ᠠᠳᠯᠠᠵᠤ᠂ ᠥᠭᠡᠷᠡᠴᠢᠯᠡᠯᠲᠡ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠬᠦᠴᠦᠨ ᠴᠢᠳᠠᠯ᠎ᠢ ᠥᠷᠭᠡᠨ ᠵᠶ᠋ᠡᠷ ᠨᠢᠭᠲᠠᠷᠠᠭᠤᠯᠵᠤ᠂ ᠥᠭᠡᠷᠡᠴᠢᠯᠡᠯᠲᠡ ᠵᠢᠨ ᠨᠠᠢ᠌ᠳᠠᠪᠤᠷᠢᠵᠢᠭᠤᠯᠤᠯᠲᠠ ᠵᠢ ᠠᠬᠢᠭᠤᠯᠬᠤ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷᠴᠤᠳ᠎ᠤᠨ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠂ ᠦᠵᠡᠯ ᠰᠠᠨᠠᠭ᠎ᠠ ᠣᠢ᠌ᠯᠠᠭ᠋ᠠᠭᠳᠠᠬᠤᠨ᠂ ᠬᠡᠪ ᠴᠢᠨᠠᠷ ᠴᠢᠳᠠᠪᠤᠷᠢ᠂ ᠣᠪᠣᠷ ᠰᠤᠷᠲᠠᠯ᠎ᠤᠨ ᠳᠦᠷᠢ ᠲᠥᠷᠬᠦ᠎ᠳᠤ ᠨᠡᠩ ᠥᠨᠳᠥᠷ ᠰᠢᠨ᠎ᠡ ᠱᠠᠭ᠋ᠠᠷᠳᠠᠯᠭ᠎ᠠ ᠳᠤᠷᠠᠳᠤᠭᠰᠠᠨ ᠪᠣᠯᠬᠣᠷ ᠡᠷᠬᠡᠪᠰᠢ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ᠎ᠪᠠᠷ ᠨᠡᠢ᠌ᠭᠡᠮ᠎ᠤᠨ ᠬᠤᠪᠢᠰᠬᠠᠯ᠎ᠢ ᠬᠥᠲᠥᠯᠥᠨ ᠳᠠᠭ᠋ᠠᠭᠤᠯᠬᠤ ᠳᠡᠭᠡᠳᠦ ᠬᠡᠮᠵᠢᠶᠡᠨ᠎ᠤ ᠤᠬᠠᠮᠰᠠᠷ᠎ᠢ ᠪᠠᠷᠢᠮᠲᠠᠯᠠᠵᠤ᠂ ᠥᠭᠡᠷᠡᠴᠢᠯᠡᠯᠲᠡ ᠵᠢᠨ ᠵᠣᠷᠢᠭ ᠰᠠᠨᠠᠭ᠎ᠠ ᠪᠠ ᠴᠢᠩᠭ᠎ᠠ ᠪᠠᠷᠢᠮᠵᠢᠶ᠎ᠠ᠎ᠪᠠᠷ ᠨᠠᠮ᠎ᠢ ᠬᠠᠮᠢᠶᠠᠷᠤᠨ ᠨᠠᠮ᠎ᠢ ᠵᠠᠰᠠᠬᠤ ᠵᠢ ᠪᠠᠷᠢᠮᠲᠠᠯᠠᠵᠤ᠂ ᠨᠠᠮ᠎ᠤᠨ ᠤᠳᠤᠷᠢᠳᠬᠤ ᠬᠢᠷᠢ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃ 《ᠲᠣᠭᠲᠠᠭ᠋ᠠᠯ》᠎ᠳᠤ ᠪᠦᠬᠦ ᠨᠠᠮ᠎ᠤᠨ ᠥᠭᠡᠷᠡᠴᠢᠯᠡᠯᠲᠡ ᠵᠢ ᠠᠳᠬᠤᠬᠤ᠂ ᠬᠥᠭᠵᠢᠯᠲᠡ ᠵᠢ ᠠᠬᠢᠭᠤᠯᠬᠤ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠎ᠢ ᠳᠠᠢ᠌ᠴᠢᠯᠠᠬᠤ᠎ᠪᠠᠷ ᠬᠦᠴᠦᠯᠡᠬᠦ ᠴᠡᠭ ᠪᠣᠯᠭ᠋ᠠᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠪᠠᠢ᠌ᠷᠢᠯᠠᠭᠤᠯᠤᠯᠲᠠ ᠬᠢᠪᠡ᠃ ᠡᠭᠦᠨ᠎ᠳᠤ ᠭᠣᠣᠯᠳᠠᠭᠤ᠄ ᠬᠥᠮᠥᠨ ᠰᠣᠩᠭᠣᠵᠤ ᠬᠥᠮᠥᠨ ᠬᠡᠷᠡᠭᠯᠡᠬᠦ ᠵᠥᠪ ᠤᠳᠤᠷᠢᠳᠤᠮᠵᠢ ᠵᠢ ᠢᠯᠡ ᠲᠣᠳᠣ ᠪᠤᠢ ᠪᠣᠯᠭ᠋ᠠᠵᠤ᠂ ᠤᠯᠤᠰ ᠲᠥᠷᠥ ᠵᠢᠨ ᠲᠠᠯ᠎ᠠ᠎ᠪᠠᠷ ᠪᠠᠲᠤ ᠴᠢᠩᠭ᠎ᠠ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ᠎ᠪᠠᠷ ᠥᠭᠡᠷᠡᠴᠢᠯᠡᠯᠲᠡ ᠬᠢᠬᠦ᠂ ᠪᠣᠳᠠᠲᠤ ᠪᠦᠲᠦᠮᠵᠢ᠎ᠪᠠᠷ ᠲᠣᠪᠣᠢ᠌ᠮ᠎ᠠ᠂ ᠲᠥᠪ ᠭᠣᠣᠯᠴᠢ ᠠᠷᠢᠭᠤᠨ ᠴᠢᠬᠡᠴᠢ ᠺᠠᠳ᠋ᠷ᠎ᠢ ᠶᠡᠬᠡᠪᠡᠷ ᠰᠢᠯᠢᠨ ᠰᠣᠩᠭᠣᠬᠤ ᠬᠡᠷᠡᠭᠲᠡᠢ; ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠠᠵᠢᠯ᠎ᠤᠨ ᠪᠦᠲᠦᠮᠵᠢ ᠵᠢᠨ ᠲᠤᠬᠠᠢ ᠵᠥᠪ ᠦᠵᠡᠯᠲᠡ ᠵᠢ ᠪᠤᠢ ᠪᠣᠯᠭ᠋ᠠᠨ ᠦᠢ᠍ᠯᠡᠳᠦᠯᠭᠡᠵᠢᠭᠦᠯᠵᠦ᠂ 《ᠭᠤᠷᠪᠠ ᠵᠢ ᠢᠯᠭ᠋ᠠᠬᠤ》 ᠵᠢ ᠨᠠᠢ᠌ᠳᠠᠪᠤᠷᠢᠵᠢᠭᠤᠯᠵᠤ᠂ ᠺᠠᠳ᠋ᠷᠴᠤᠳ᠎ᠤᠨ ᠵᠠᠮ ᠨᠡᠭᠡᠭᠡᠨ ᠤᠷᠤᠭᠰᠢᠯᠠᠬᠤ᠂ ᠠᠵᠢᠯ ᠬᠢᠵᠦ ᠦᠢ᠍ᠯᠡᠰ ᠪᠣᠰᠬᠠᠬᠤ ᠵᠢ ᠤᠷᠮᠠᠰᠢᠭᠤᠯᠤᠨ ᠵᠣᠷᠢᠭᠵᠢᠭᠤᠯᠵᠤ᠂ ᠺᠠᠳ᠋ᠷᠴᠤᠳ᠎ᠤᠨ ᠳᠤᠷ᠎ᠠ᠎ᠪᠠᠷ ᠵᠶ᠋ᠠᠨ ᠦᠢ᠍ᠯᠡᠳᠬᠦ᠂ ᠠᠵᠢᠯ ᠬᠢᠬᠦ ᠦᠭᠡᠢ᠂ ᠬᠢᠬᠦ ᠵᠣᠷᠢᠭ ᠦᠭᠡᠢ᠂ ᠬᠢᠬᠦ ᠳᠤᠷ᠎ᠠ ᠦᠭᠡᠢ ᠪᠠᠶ᠋ᠢᠬᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠶ; ᠦᠨᠳᠦᠰᠦᠨ ᠱᠠᠲᠤᠨ᠎ᠤ ᠨᠠᠮ᠎ᠤᠨ ᠪᠠᠢ᠌ᠭᠤᠯᠤᠯᠲᠠ᠎ᠳᠤ ᠲᠤᠯᠭ᠋ᠠᠷᠠᠵᠤ ᠪᠠᠢ᠌ᠭ᠎ᠠ ᠰᠢᠨ᠎ᠡ ᠠᠰᠠᠭᠤᠳᠠᠯ᠎ᠢ ᠬᠢᠨᠠᠮᠠᠭ᠋ᠠᠢ ᠰᠤᠳᠤᠯᠤᠨ ᠰᠢᠢ᠍ᠳᠪᠦᠷᠢᠯᠡᠵᠦ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠯᠤᠰ ᠲᠥᠷᠥ ᠵᠢᠨ ᠴᠢᠳᠠᠮᠵᠢ ᠪᠠ ᠵᠣᠬᠢᠶᠠᠨ ᠪᠠᠢ᠌ᠭᠤᠯᠤᠯᠲᠠ ᠵᠢᠨ ᠴᠢᠳᠠᠮᠵᠢ ᠵᠢ ᠲᠠᠰᠤᠷᠠᠯᠳᠠ ᠦᠭᠡᠢ ᠴᠢᠩᠭ᠋ᠠᠳᠬᠠᠬᠤ ᠬᠡᠷᠡᠭᠲᠡᠶ; ᠢᠯᠵᠢᠷᠠᠬᠤ᠎ᠠᠴᠠ ᠵᠢᠷᠦᠬᠡᠰᠢᠶᠡᠬᠦ᠂ ᠢᠯᠵᠢᠷᠡᠵᠦ ᠪᠣᠯᠬᠤ ᠦᠭᠡᠢ᠂ ᠢᠯᠵᠢᠷᠠᠬᠤ ᠵᠢ ᠪᠤᠳᠤᠬᠤ ᠦᠭᠡᠢ ᠪᠠᠶ᠋ᠢᠬᠤ ᠵᠢ ᠨᠢᠭᠡ ᠴᠣᠭᠴᠠᠵᠢᠭᠤᠯᠤᠨ ᠠᠬᠢᠭᠤᠯᠬᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠡᠷᠬᠡ ᠵᠢᠨ ᠲᠣᠬᠢᠷᠠᠭᠤᠯᠤᠯᠲᠠ ᠪᠠ ᠠᠵᠢᠯᠯᠠᠭ᠋ᠠᠨ᠎ᠢ ᠬᠢᠵᠠᠭ᠋ᠠᠷᠯᠠᠬᠤ ᠲᠣᠭᠲᠠᠴᠠ ᠵᠢ ᠲᠡᠭᠦᠯᠳᠡᠷᠵᠢᠭᠦᠯᠵᠦ᠂ ᠢᠯᠵᠢᠷᠡᠯ᠎ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠥᠴᠡᠯ᠎ᠢ ᠬᠦᠴᠦᠯᠡᠨ ᠠᠷᠢᠯᠭ᠋ᠠᠬᠤ ᠬᠡᠷᠡᠭᠲᠡᠢ᠃ ᠡᠲᠡᠭᠡᠷ ᠥᠭᠡᠷᠡᠴᠢᠯᠡᠯᠲᠡ ᠵᠢ ᠲᠦᠯᠬᠢᠨ ᠠᠬᠢᠭᠤᠯᠬᠤ ᠵᠢᠨ ᠵᠣᠷᠢᠯᠭ᠎ᠠ ᠪᠣᠯ ᠳᠠᠷᠤᠢ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠎ᠳᠤ ᠠᠰᠢᠭᠲᠠᠢ ᠤᠯᠤᠰ ᠲᠥᠷᠥ ᠵᠢᠨ ᠣᠷᠴᠢᠨ ᠨᠥᠬᠥᠴᠡᠯ᠎ᠢ ᠪᠤᠢ ᠪᠣᠯᠭ᠋ᠠᠵᠤ᠂ ᠡᠯ᠎ᠡ ᠬᠦᠷᠢᠶᠡᠨ᠎ᠤ ᠥᠭᠡᠷᠡᠴᠢᠯᠡᠯᠲᠡ ᠵᠢ ᠲᠦᠯᠬᠢᠨ ᠠᠬᠢᠭᠤᠯᠬᠤ᠎ᠳᠤ ᠴᠢᠬᠤᠯᠠ ᠪᠠᠲᠤᠯᠠᠭ᠎ᠠ ᠬᠠᠩᠭ᠋ᠠᠬᠤ ᠵᠢᠨ ᠲᠥᠯᠥᠭᠡ ᠶᠤᠮ᠂ ᠡᠭᠦᠨ᠎ᠢ ᠭᠦᠨᠵᠡᠭᠡᠢ ᠣᠢ᠌ᠯᠠᠭ᠋ᠠᠵᠤ ᠡᠵᠡᠮᠰᠢᠬᠦ ᠬᠡᠷᠡᠭᠲᠡᠶ᠃
      ᠬᠣᠶᠠᠷ᠂ 《ᠲᠣᠭᠲᠠᠭ᠋ᠠᠯ》᠎ᠤᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠦᠨᠡᠨ ᠬᠦ᠌ ᠰᠠᠶ᠋ᠢᠲᠤᠷ ᠠᠳᠬᠤᠬᠤ ᠬᠡᠷᠡᠭᠲᠡᠶ
      ᠨᠢᠭᠡᠳᠦᠭᠡᠷ᠎ᠲᠤ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠢ᠃ ᠨᠠᠷᠢᠨ ᠨᠢᠮᠪᠠᠢ ᠵᠣᠬᠢᠶᠠᠨ ᠪᠠᠢ᠌ᠭᠤᠯᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠥᠭᠡᠷᠡᠴᠢᠯᠡᠯᠲᠡ ᠵᠢᠨ ᠡᠭᠦᠷᠭᠡ ᠵᠢᠨ ᠪᠢᠴᠢᠭ᠂ ᠴᠠᠭ᠎ᠤᠨ ᠬᠦᠰᠦᠨᠦᠭᠲᠦ᠂ ᠲᠡᠷᠢᠭᠦᠨ ᠳᠠᠷᠠᠭ᠋ᠠᠯᠠᠯ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠡᠯ᠎ᠡ ᠵᠦᠢ᠍ᠯ᠎ᠤᠨ ᠥᠭᠡᠷᠡᠴᠢᠯᠡᠯᠲᠡ ᠵᠢ ᠬᠡᠷᠡᠭᠵᠢᠭᠦᠯᠬᠦ ᠭᠣᠣᠯ ᠴᠣᠭᠴᠠ ᠪᠠ ᠬᠠᠷᠢᠭᠤᠴᠠᠯᠭ᠎ᠠ ᠵᠢ ᠲᠣᠳᠣᠷᠬᠠᠢ᠌ᠯᠠᠬᠤ ᠬᠡᠷᠡᠭᠲᠡᠶ᠃ ᠨᠠᠮ᠎ᠤᠨ ᠲᠥᠪ ᠬᠣᠷᠢᠶ᠎ᠠ᠎ᠠᠴᠠ ᠥᠭᠡᠷᠡᠴᠢᠯᠡᠯᠲᠡ ᠵᠢ ᠤᠳᠤᠷᠢᠳᠬᠤ ᠶᠡᠷᠦᠩᠬᠡᠢ ᠵᠢᠷᠤᠭ ᠲᠥᠯᠥᠪᠯᠡᠭᠡ ᠵᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠪᠦᠬᠦᠯᠢ ᠴᠣᠭᠴᠠ᠎ᠪᠠᠷ᠎ᠨᠢ ᠲᠦᠯᠬᠢᠨ ᠠᠬᠢᠭᠤᠯᠬᠤ ᠬᠡᠷᠡᠭᠲᠡᠢ᠃ ᠲᠥᠪ᠎ᠤᠨ ᠪᠠ ᠲᠥᠷᠥ ᠵᠢᠨ ᠪᠠᠢ᠌ᠭᠤᠯᠭ᠎ᠠ᠂ ᠠᠷᠠᠳ᠎ᠤᠨ ᠴᠡᠷᠢᠭ ᠠᠩᠭᠢ ᠵᠡᠷᠭᠡ ᠵᠢᠨ᠎ᠬᠢᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠰᠠᠶ᠋ᠢᠲᠤᠷ ᠡᠭᠦᠷᠭᠡᠯᠡᠵᠦ᠂ ᠴᠢᠬᠤᠯᠠ ᠶᠡᠬᠡ ᠪᠠᠢ᠌ᠷᠢᠯᠠᠭᠤᠯᠤᠯᠲᠠ᠂ ᠴᠢᠬᠤᠯᠠ ᠡᠭᠦᠷᠭᠡ᠂ ᠭᠣᠣᠯᠳᠠᠯᠭ᠎ᠠ᠎ᠲᠠᠢ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠨ ᠪᠣᠳᠠᠲᠠᠢ ᠠᠵᠢᠯ ᠬᠢᠵᠦ᠂ ᠲᠤᠰ ᠰᠠᠯᠠᠭ᠎ᠠ ᠮᠥᠴᠢᠷ ᠲᠤᠰ ᠨᠢᠭᠡᠴᠢ ᠲᠤᠰ ᠰᠢᠰᠲ᠋ᠧᠮ᠎ᠤᠨ ᠥᠭᠡᠷᠡᠴᠢᠯᠡᠯᠲᠡ ᠵᠢᠨ ᠡᠭᠦᠷᠭᠡ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠭᠦᠨᠵᠡᠭᠡᠢ ᠰᠤᠳᠤᠯᠤᠨ ᠠᠬᠢᠭᠤᠯᠬᠤ ᠬᠡᠷᠡᠭᠲᠡᠢ᠃ ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠲᠤᠰ ᠭᠠᠵᠠᠷ ᠣᠷᠣᠨ᠎ᠳᠤ ᠬᠣᠯᠪᠣᠭᠳᠠᠬᠤ ᠴᠢᠬᠤᠯᠠ ᠶᠡᠬᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠠᠵᠢᠯ᠎ᠢ ᠰᠠᠶ᠋ᠢᠲᠤᠷ ᠠᠳᠬᠤᠬᠤ ᠬᠡᠷᠡᠭᠲᠡᠶ᠃ ᠡᠯ᠎ᠡ ᠱᠠᠲᠤᠨ᠎ᠤ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ ᠨᠥᠬᠥᠳ ᠥᠭᠡᠷᠡᠴᠢᠯᠡᠯᠲᠡ ᠵᠢ ᠠᠳᠬᠤᠵᠤ᠂ ᠮᠠᠩᠯᠠᠢ᠌ᠯᠠᠬᠤ ᠮᠥᠷᠲᠡᠭᠡᠨ ᠪᠠᠰᠠ ᠲᠡᠢ᠌ᠨ᠎ᠳᠤ ᠮᠣᠷᠳᠠᠵᠤ᠂ ᠴᠢᠬᠤᠯᠠ ᠥᠭᠡᠷᠡᠴᠢᠯᠡᠯᠲᠡ ᠵᠢ ᠪᠡᠶ᠎ᠡ᠎ᠪᠠᠷ ᠵᠶ᠋ᠡᠨ ᠪᠠᠢ᠌ᠷᠢᠯᠠᠭᠤᠯᠵᠤ᠂ ᠴᠢᠬᠤᠯᠠ ᠶᠡᠬᠡ ᠲᠥᠰᠥᠯ᠎ᠢ ᠪᠡᠶ᠎ᠡ᠎ᠪᠠᠷ ᠵᠶ᠋ᠡᠨ ᠠᠳᠬᠤᠵᠤ᠂ ᠵᠠᠩᠭᠢᠯᠠᠭ᠎ᠠ ᠵᠢᠨ ᠭᠣᠭᠴᠣᠭ᠎ᠠ ᠵᠢ ᠪᠡᠶ᠎ᠡ᠎ᠪᠠᠷ ᠵᠶ᠋ᠡᠨ ᠵᠣᠬᠢᠴᠠᠭᠤᠯᠵᠤ᠂ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠢ ᠪᠡᠶ᠎ᠡ᠎ᠪᠠᠷ ᠵᠶ᠋ᠡᠨ ᠬᠢᠨᠠᠨ ᠪᠠᠢ᠌ᠴᠠᠭ᠋ᠠᠬᠤ ᠬᠡᠷᠡᠭᠲᠡᠢ᠃
      ᠬᠣᠶᠠᠳᠤᠭ᠋ᠠᠷ᠎ᠲᠤ᠂ ᠪᠦᠬᠦᠯᠢ ᠴᠣᠭᠴᠠ᠎ᠪᠠᠷ᠎ᠨᠢ ᠠᠬᠢᠭᠤᠯᠬᠤ ᠵᠢ ᠪᠠᠷᠢᠮᠲᠠᠯᠠᠨ᠎ᠠ᠃ 《ᠲᠣᠭᠲᠠᠭ᠋ᠠᠯ》᠎ᠳᠤ ᠪᠠᠢ᠌ᠷᠢᠯᠠᠭᠤᠯᠤᠭᠰᠠᠨ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ᠎ᠨᠢ ᠬᠣᠯᠪᠣᠭᠳᠠᠬᠤ ᠬᠡᠮᠵᠢᠶ᠎ᠡ᠎ᠪᠠᠷ ᠥᠨᠳᠥᠷ᠂ ᠬᠠᠮᠵᠢᠯᠴᠠᠬᠤ ᠴᠢᠨᠠᠷ ᠵᠶ᠋ᠠᠷ ᠴᠢᠩᠭ᠎ᠠ ᠪᠠᠢ᠌ᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠶᠠᠪᠤᠴᠠ᠎ᠳᠤ ᠭᠠᠭᠴᠠᠭ᠋ᠠᠷ ᠵᠶ᠋ᠠᠨ ᠲᠡᠮᠡᠴᠡᠵᠦ᠂ ᠭᠠᠭᠴᠠᠭ᠋ᠠᠷ ᠵᠶ᠋ᠠᠨ ᠭᠠᠪᠰᠢᠭ᠋ᠠᠢ᠌ᠯᠠᠨ ᠤᠷᠤᠭᠰᠢᠯᠠᠵᠤ ᠪᠣᠯᠬᠤ ᠦᠭᠡᠢ ᠮᠥᠷᠲᠡᠭᠡᠨ ᠪᠠᠰᠠ ᠡᠮᠬᠢ ᠵᠠᠮᠪᠠᠷᠠᠭ᠎ᠠ ᠦᠭᠡᠢ ᠪᠠᠢ᠌ᠯᠳᠤᠭ᠋ᠠᠨ᠎ᠢ ᠬᠢᠬᠦ ᠦᠭᠡᠢ ᠪᠠᠢ᠌ᠵᠤ᠂ ᠴᠢᠬᠤᠯᠠ ᠳᠡᠳ᠋᠎ᠢ ᠢᠯᠭ᠋ᠠᠬᠤ ᠦᠭᠡᠢ ᠪᠠᠢ᠌ᠵᠤ ᠪᠣᠯᠬᠤ ᠦᠭᠡᠢ᠃ ᠤᠷᠢᠳ ᠵᠶ᠋ᠠᠷ ᠪᠠᠢ᠌ᠭᠤᠯᠵᠤ ᠳᠠᠷᠠᠭ᠎ᠠ᠎ᠨᠢ ᠡᠪᠳᠡᠬᠦ᠂ ᠪᠠᠢ᠌ᠭᠤᠯᠬᠤ ᠦᠭᠡᠢ ᠪᠣᠯ ᠡᠪᠳᠡᠬᠦ ᠦᠭᠡᠢ ᠪᠠᠶ᠋ᠢᠬᠤ ᠵᠢ ᠪᠠᠷᠢᠮᠲᠠᠯᠠᠵᠤ᠂ ᠥᠭᠡᠷᠡᠴᠢᠯᠡᠯᠲᠡ ᠵᠢᠨ ᠪᠠᠢ᠌ᠯᠳᠤᠬᠤ ᠪᠣᠳᠣᠯᠭ᠎ᠠ ᠵᠢᠨ ᠭᠣᠣᠯᠳᠠᠯᠭ᠎ᠠ ᠵᠢ ᠣᠨᠣᠪᠴᠢᠲᠠᠢ ᠡᠵᠡᠮᠳᠡᠵᠦ᠂ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢᠨ ᠡᠮᠦᠨ᠎ᠡ ᠬᠣᠢ᠌ᠨᠠᠬᠢ ᠲᠡᠰ ᠳᠠᠷᠠᠭ᠋ᠠᠯᠠᠯ᠂ ᠠᠶ᠋ᠢᠵᠠᠮ ᠴᠣᠬᠢᠯᠭ᠎ᠠ ᠵᠢᠨ ᠴᠠᠭ ᠲᠣᠬᠢᠶᠠᠯ᠎ᠢ ᠵᠣᠬᠢᠰᠲᠠᠢ ᠲᠣᠬᠢᠷᠠᠭᠤᠯᠵᠤ᠂ ᠬᠦᠨᠳᠦ ᠬᠥᠩᠭᠡᠨ ᠠᠯᠭᠤᠷ ᠪᠠᠴᠢᠮ᠎ᠢ ᠦᠨᠳᠦᠰᠦᠯᠡᠨ ᠠᠯᠬᠤᠮ ᠳᠠᠷᠠᠭ᠎ᠠ᠎ᠲᠠᠢ᠎ᠪᠠᠷ ᠤᠷᠤᠭᠰᠢᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠤᠷᠢᠳᠴᠢᠯᠠᠬᠤ ᠦᠭᠡᠢ᠂ ᠤᠳᠠᠭ᠋ᠠᠰᠢᠷᠠᠭᠤᠯᠬᠤ ᠦᠭᠡᠢ ᠪᠠᠶ᠋ᠢᠬᠤ ᠬᠡᠷᠡᠭᠲᠡᠢ᠃ ᠣᠳᠣᠬᠠᠨ᠎ᠳᠤ ᠬᠠᠮᠤᠭ᠎ᠤᠨ ᠲᠥᠪᠯᠡᠷᠡᠩᠭᠦᠢ᠂ ᠬᠠᠮᠤᠭ᠎ᠤᠨ ᠲᠤᠯᠭ᠋ᠠᠮ᠎ᠠ ᠲᠤᠰᠬᠠᠯ᠎ᠲᠠᠢ᠂ ᠰᠢᠪᠲᠤᠯᠤᠯᠲᠠ ᠬᠢᠬᠦ ᠴᠢᠬᠤᠯᠠᠲᠠᠢ ᠠᠰᠠᠭᠤᠳᠠᠯ᠎ᠢ ᠱᠠᠯᠠᠪᠳᠠᠨ ᠥᠭᠡᠷᠡᠴᠢᠯᠡᠬᠦ ᠬᠡᠷᠡᠭᠲᠡᠶ; ᠤᠳᠠᠭ᠋ᠠᠨ ᠳᠠᠭ᠋ᠠᠭ᠋ᠠᠮᠠᠭ᠋ᠠᠢ ᠲᠡᠢ᠌ᠨ ᠬᠢᠬᠦ ᠴᠢᠬᠤᠯᠠ᠎ᠲᠠᠢ ᠵᠢ᠎ᠨᠢ ᠠᠭ᠋ᠠᠵᠢᠮ ᠠᠭ᠋ᠠᠵᠢᠮ ᠵᠶ᠋ᠠᠷ ᠪᠡᠶᠡᠯᠡᠭᠦᠯᠬᠦ ᠬᠡᠷᠡᠭᠲᠡᠶ᠃ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢᠨ ᠵᠣᠬᠢᠴᠠᠭᠤᠯᠭ᠎ᠠ ᠬᠠᠮᠵᠢᠯᠴᠠᠭ᠎ᠠ ᠵᠢ ᠴᠢᠩᠭ᠋ᠠᠳᠬᠠᠵᠤ᠂ ᠥᠭᠡᠷᠡᠴᠢᠯᠡᠯᠲᠡ ᠵᠢᠨ ᠬᠠᠨᠳᠤᠰᠢ ᠵᠢᠨ ᠨᠢᠭᠡᠳᠦᠯᠲᠦ ᠴᠢᠨᠠᠷ᠎ᠢ ᠴᠢᠩᠭ᠋ᠠᠳᠬᠠᠵᠤ᠂ ᠥᠪᠡᠷᠮᠡᠲᠡᠭᠡᠢ ᠦᠵᠡᠯ᠎ᠢ ᠡᠷᠡᠰ ᠰᠡᠷᠭᠡᠢ᠌ᠯᠡᠨ ᠲᠡᠪᠴᠢᠵᠦ᠂ ᠰᠠᠯᠠᠭ᠎ᠠ ᠮᠥᠴᠢᠷ᠎ᠤᠨ ᠠᠰᠢᠭ ᠲᠤᠰᠠ᠂ ᠣᠷᠣᠨ ᠨᠤᠲᠤᠭ᠎ᠤᠨ ᠠᠰᠢᠭ ᠲᠤᠰᠠ᠎ᠠᠴᠠ ᠪᠣᠯᠵᠤ ᠥᠭᠡᠷᠡᠴᠢᠯᠡᠯᠲᠡ ᠵᠢᠨ ᠶᠡᠬᠡ ᠲᠠᠯ᠎ᠠ ᠵᠢ ᠨᠥᠯᠥᠭᠡᠯᠡᠵᠦ ᠪᠣᠯᠬᠤ ᠦᠭᠡᠢ᠃ ᠠᠵᠢᠯ᠎ᠤᠨ ᠦᠷᠭᠦᠯᠵᠢᠯᠡᠬᠦ ᠴᠢᠨᠠᠷ᠎ᠢ ᠪᠠᠲᠤᠯᠠᠵᠤ᠂ ᠥᠩᠭᠡᠷᠡᠭᠰᠡᠨ᠎ᠳᠤ ᠨᠢᠭᠡᠨᠲᠡ ᠲᠣᠭᠲᠠᠭ᠋ᠠᠭᠰᠠᠨ ᠥᠭᠡᠷᠡᠴᠢᠯᠡᠯᠲᠡ ᠵᠢᠨ ᠨᠠᠢ᠌ᠳᠠᠪᠤᠷᠢᠵᠢᠭᠤᠯᠤᠯᠲᠠ ᠵᠢ ᠦᠷᠭᠦᠯᠵᠢᠯᠡᠨ ᠰᠠᠶ᠋ᠢᠲᠤᠷ ᠠᠳᠬᠤᠵᠤ᠂ ᠰᠢᠨ᠎ᠡ᠎ᠪᠠᠷ ᠪᠠᠢ᠌ᠷᠢᠯᠠᠭᠤᠯᠤᠭᠰᠠᠨ ᠥᠭᠡᠷᠡᠴᠢᠯᠡᠯᠲᠡ᠎ᠳᠤ ᠱᠠᠯᠠᠪᠳᠠᠨ ᠨᠠᠢ᠌ᠳᠠᠪᠤᠷᠢᠵᠢᠭᠤᠯᠬᠤ ᠲᠥᠰᠥᠯ᠎ᠢ ᠰᠤᠳᠤᠯᠤᠨ ᠲᠣᠭᠲᠠᠭ᠋ᠠᠵᠤ᠂ ᠯᠠᠪᠳᠠᠭᠤᠨ ᠵᠶ᠋ᠠᠷ ᠠᠬᠢᠭᠤᠯᠬᠤ ᠬᠡᠷᠡᠭᠲᠡᠶ᠃

图片03.png

      2024 ᠣᠨ᠎ᠤ 9 ᠰᠠᠷ᠎ᠠ ᠵᠢᠨ 10᠎ᠤ ᠡᠳᠦᠷ᠎ᠠᠴᠠ 13᠎ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠭᠠᠨᠰᠤ ᠮᠤᠵᠢ᠎ᠳᠤ ᠪᠠᠢ᠌ᠴᠠᠭ᠋ᠠᠨ ᠰᠤᠳᠤᠯᠤᠯᠲᠠ ᠬᠢᠪᠡ᠃ ᠵᠢᠷᠤᠭ ᠪᠣᠯ 11᠎ᠤ ᠦᠳᠡ ᠵᠢᠨ ᠡᠮᠦᠨ᠎ᠡ᠂ ᠰᠢ ᠵᠢᠨ ᠫᠢᠩ ᠲᠢᠶᠠᠨ ᠱᠦᠢ ᠬᠤᠳᠠ ᠵᠢᠨ ᠮᠠᠢ ᠵᠢᠢ ᠲᠣᠭᠣᠷᠢᠭ᠎ᠤᠨ ᠨᠠᠨ ᠱᠠᠨ ᠬᠤᠸᠠ ᠨᠢᠦ ᠠᠯᠮᠤᠷᠠᠳ᠎ᠤᠨ ᠰᠠᠭᠤᠷᠢᠨ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ᠂ ᠵᠢᠮᠢᠰ᠎ᠤᠨ ᠤᠢ᠎ᠳᠤ ᠣᠷᠣᠵᠤ ᠲᠠᠷᠢᠮᠠᠯ᠂ ᠮᠡᠷᠭᠡᠵᠢᠯ ᠪᠣᠯᠣᠨ ᠬᠠᠮᠢᠶᠠᠷᠤᠯᠲᠠ ᠵᠢᠨ ᠬᠠᠮᠢᠶ᠎ᠠ ᠪᠦᠬᠦᠢ ᠪᠠᠶ᠋ᠢᠳᠠᠯ᠎ᠢ ᠣᠢ᠌ᠯᠠᠭ᠋ᠠᠵᠤ ᠪᠠᠢ᠌ᠭ᠎ᠠ᠎ᠨᠢ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠰᠢᠶᠧ ᠬᠤᠸᠠᠨ ᡂᠢ ᠰᠡᠭᠦᠳᠡᠷᠯᠡᠪᠡ
      ᠭᠤᠷᠪᠠᠳᠤᠭ᠋ᠠᠷ᠎ᠲᠤ᠂ ᠬᠠᠢ᠌ᠨ ᠰᠦᠪᠡᠭᠴᠢᠯᠡᠵᠦ ᠰᠢᠨ᠎ᠡ ᠵᠢ ᠡᠭᠦᠳᠬᠦ ᠵᠢ ᠵᠣᠷᠢᠭᠵᠢᠭᠤᠯᠤᠨ᠎ᠠ᠃ 《ᠲᠣᠭᠲᠠᠭ᠋ᠠᠯ》᠎ᠳᠤ ᠭᠠᠷᠭ᠋ᠠᠭᠰᠠᠨ ᠥᠭᠡᠷᠡᠴᠢᠯᠡᠯᠲᠡ ᠵᠢᠨ ᠪᠠᠢ᠌ᠷᠢᠯᠠᠭᠤᠯᠤᠯᠲᠠ᠎ᠨᠢ ᠭᠣᠣᠯᠳᠠᠭᠤ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ᠂ ᠪᠠᠷᠠᠭ᠋ᠠᠯᠬᠢᠯᠠᠯ᠎ᠤᠨ ᠴᠢᠨᠠᠷᠲᠠᠢ᠂ ᠴᠢᠭᠯᠡᠯ᠎ᠤᠨ ᠴᠢᠨᠠᠷᠲᠠᠢ ᠪᠠᠢ᠌ᠵᠤ᠂ ᠨᠠᠷᠢᠨ ᠨᠢᠭᠲᠠ ᠪᠥᠭᠡᠳ ᠶᠠᠪᠤᠭᠳᠠᠭᠤᠰᠢᠲᠠᠢ ᠥᠭᠡᠷᠡᠴᠢᠯᠡᠯᠲᠡ ᠵᠢᠨ ᠲᠥᠰᠥᠯ᠎ᠢ ᠲᠣᠭᠲᠠᠭ᠋ᠠᠬᠤ ᠴᠢᠬᠤᠯᠠᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠪᠦᠬᠦ ᠤᠯᠤᠰ ᠵᠶ᠋ᠠᠷ ᠵᠶ᠋ᠠᠨ ᠨᠢᠭᠡ ᠬᠥᠯᠭᠡ ᠰᠢᠲᠠᠷ᠎ᠠ ᠮᠡᠲᠦ ᠪᠠᠶ᠋ᠢᠬᠤ ᠦᠵᠡᠯ ᠰᠠᠨᠠᠭ᠎ᠠ ᠵᠢ ᠪᠤᠢ ᠪᠣᠯᠭ᠋ᠠᠵᠤ᠂ ᠤᠬᠠᠮᠰᠠᠷ᠎ᠠᠴᠠ᠎ᠪᠠᠨ ᠶᠡᠬᠡ ᠲᠠᠯ᠎ᠠ᠎ᠳᠤ ᠠᠵᠢᠯᠯᠠᠵᠤ᠂ ᠪᠦᠬᠦ ᠬᠦᠴᠦᠨ ᠵᠶ᠋ᠡᠷ ᠵᠶ᠋ᠡᠨ ᠴᠢᠷᠮᠠᠢ᠌ᠵᠤ ᠪᠠᠶ᠋ᠢᠭ᠋ᠠᠳ ᠨᠠᠮ᠎ᠤᠨ ᠲᠥᠪ ᠬᠣᠷᠢᠶᠠᠨ᠎ᠤ ᠲᠣᠭᠲᠠᠭ᠋ᠠᠭᠰᠠᠨ ᠵᠠᠷᠴᠢᠮ᠂ ᠲᠣᠳᠣᠷᠬᠠᠢ ᠠᠷᠭ᠎ᠠ ᠬᠡᠮᠵᠢᠶ᠎ᠡ᠂ ᠳᠤᠷᠠᠳᠤᠭᠰᠠᠨ ᠱᠠᠭ᠋ᠠᠷᠳᠠᠯᠭ᠎ᠠ ᠵᠢ ᠲᠡᠷᠡ ᠶᠣᠰᠣᠭ᠋ᠠᠷ᠎ᠨᠢ ᠰᠠᠶ᠋ᠢᠲᠤᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠲᠡᠢ᠃ ᠡᠭᠦᠨ᠎ᠤ ᠵᠡᠷᠭᠡᠴᠡᠭᠡᠪᠡᠷ ᠪᠣᠳᠠᠲᠤ ᠪᠠᠶ᠋ᠢᠳᠠᠯ᠎ᠲᠠᠢ᠎ᠪᠠᠨ ᠨᠢᠭᠲᠠ ᠤᠶᠠᠯᠳᠤᠭᠤᠯᠤᠨ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠲᠤᠰ ᠪᠡᠶ᠎ᠡ᠎ᠳᠤ ᠲᠤᠯᠭ᠋ᠠᠷᠠᠵᠤ ᠪᠠᠢ᠌ᠭ᠎ᠠ ᠭᠣᠣᠯ ᠵᠥᠷᠢᠴᠡᠯ ᠪᠠ ᠵᠥᠷᠢᠴᠡᠯ᠎ᠤᠨ ᠭᠣᠣᠯ ᠲᠠᠯ᠎ᠠ ᠵᠢ ᠣᠨᠣᠪᠴᠢᠲᠠᠢ ᠡᠷᠢᠨ ᠣᠯᠵᠤ᠂ ᠪᠣᠳᠠᠲᠤ ᠪᠠᠶ᠋ᠢᠳᠠᠯ᠎ᠲᠠᠢ ᠨᠡᠢ᠌ᠴᠡᠭᠰᠡᠨ ᠪᠣᠳᠠᠲᠠᠢ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠲᠡᠷᠡ ᠬᠡᠪ ᠵᠶ᠋ᠡᠷ᠎ᠨᠢ ᠬᠠᠭᠤᠯᠵᠤ ᠤᠤᠯ ᠬᠡᠪ ᠵᠶ᠋ᠡᠷ᠎ᠨᠢ ᠨᠡᠭᠦᠯᠭᠡᠵᠦ᠂ ᠳᠡᠭᠡᠷ᠎ᠡ ᠳᠣᠣᠷ᠎ᠠ ᠱᠠᠲᠤ᠎ᠪᠠᠷ ᠵᠶ᠋ᠠᠨ ᠠᠳᠠᠯᠢᠬᠠᠨ ᠬᠡᠪᠰᠢᠮᠡᠯ ᠪᠠᠢ᠌ᠬᠤ᠎ᠠᠴᠠ ᠰᠡᠷᠭᠡᠢ᠌ᠯᠡᠬᠦ ᠬᠡᠷᠡᠭᠲᠡᠶ᠃ ᠡᠷᠬᠡᠪᠰᠢ ᠰᠢᠪᠲᠤᠯᠤᠯᠲᠠ ᠭᠠᠷᠭ᠋ᠠᠬᠤ ᠬᠡᠷᠡᠭᠲᠡᠶ ᠭᠡᠵᠦ ᠨᠢᠭᠡᠨᠲᠡ ᠲᠣᠭᠲᠠᠭ᠋ᠠᠭᠰᠠᠨ ᠪᠣᠯᠪᠠᠴᠤ ᠲᠦᠷ ᠴᠠᠭ ᠦᠢ᠍ᠯᠡᠳᠦᠯᠭᠡ ᠵᠢᠨ ᠲᠤᠷᠰᠢᠯᠭ᠎ᠠ ᠦᠭᠡᠢ ᠥᠭᠡᠷᠡᠴᠢᠯᠡᠯᠲᠡ᠎ᠳᠤ ᠤᠷᠢᠳ ᠵᠶ᠋ᠠᠷ ᠲᠤᠷᠰᠢᠯᠲᠠ ᠬᠢᠵᠦ ᠬᠠᠢ᠌ᠨ ᠰᠦᠪᠡᠭᠴᠢᠯᠡᠬᠦ ᠠᠷᠭ᠎ᠠ ᠵᠢ ᠠᠪᠴᠤ᠂ ᠲᠤᠷᠰᠢᠯᠭ᠎ᠠ ᠣᠯᠵᠤ᠂ ᠣᠨᠣᠴᠢᠲᠠᠢ ᠣᠢ᠌ᠯᠠᠭ᠋ᠠᠨ ᠡᠵᠡᠮᠰᠢᠭᠰᠡᠨ᠎ᠤ ᠳᠠᠷᠠᠭ᠎ᠠ ᠰᠠᠶᠢ ᠳᠡᠯᠭᠡᠷᠡᠭᠦᠯᠬᠦ ᠬᠡᠷᠡᠭᠲᠡᠶ᠃ ᠰᠢᠨ᠎ᠡ ᠬᠦᠷᠢᠶ᠎ᠡ ᠰᠢᠨ᠎ᠡ ᠦᠢ᠍ᠯᠡᠳᠦᠯᠭᠡ᠎ᠳᠤ ᠲᠤᠯᠭ᠋ᠠᠷᠠᠭᠰᠠᠨ ᠰᠢᠨ᠎ᠡ ᠠᠰᠠᠭᠤᠳᠠᠯ᠎ᠳᠤ ᠦᠨᠳᠦᠰᠦᠨ ᠱᠠᠲᠤ ᠪᠠ ᠤᠯᠠᠨ ᠲᠦᠮᠡᠨ᠎ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠵᠢ ᠭᠦᠢ᠍ᠴᠡᠳ ᠬᠦᠨᠳᠦᠳᠬᠡᠵᠦ᠂ ᠵᠠᠮ ᠨᠡᠭᠡᠭᠡᠨ ᠰᠢᠨ᠎ᠡ ᠵᠢ ᠡᠭᠦᠳᠬᠦ ᠵᠢ ᠵᠣᠷᠢᠭᠵᠢᠭᠤᠯᠵᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠰᠢᠨ᠎ᠡ ᠰᠣᠷᠭᠣᠭ ᠲᠤᠷᠰᠢᠯᠭ᠎ᠠ ᠵᠢ ᠲᠠᠰᠤᠷᠠᠯᠳᠠ ᠦᠭᠡᠢ ᠡᠭᠦᠳᠦᠨ ᠬᠤᠷᠠᠮᠳᠤᠭᠤᠯᠬᠤ ᠬᠡᠷᠡᠭᠲᠡᠶ᠃
      ᠳᠥᠷᠪᠡᠳᠦᠭᠡᠷ᠎ᠲᠤ᠂ ᠪᠣᠳᠠᠲᠤ ᠦᠷ᠎ᠡ ᠪᠦᠲᠦᠮᠵᠢ ᠣᠯᠬᠤ᠎ᠪᠠᠷ ᠴᠢᠷᠮᠠᠢ᠌ᠬᠤ ᠬᠡᠷᠡᠭᠲᠡᠶ᠃ ᠬᠠᠷᠢᠭᠤᠴᠠᠯᠭ᠎ᠠ ᠲᠣᠳᠣᠷᠬᠠᠢ᠂ ᠬᠡᠯᠬᠢᠶ᠎ᠡ ᠪᠦᠷᠢᠨ ᠪᠦᠲᠦᠨ᠂ ᠨᠢᠭᠲᠠ ᠬᠣᠯᠪᠣᠯᠳᠤᠭᠰᠠᠨ ᠥᠭᠡᠷᠡᠴᠢᠯᠡᠯᠲᠡ ᠵᠢ ᠠᠬᠢᠭᠤᠯᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠥᠭᠡᠷᠡᠴᠢᠯᠡᠯᠲᠡ ᠵᠢᠨ ᠲᠥᠰᠥᠯ᠎ᠢ ᠵᠢᠷᠤᠵᠤ ᠲᠥᠯᠥᠪᠯᠡᠬᠦ᠎ᠠᠴᠠ ᠥᠭᠡᠷᠡᠴᠢᠯᠡᠯᠲᠡ ᠵᠢ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠬᠦᠷᠲᠡᠯ᠎ᠡ ᠴᠥᠮ ᠨᠠᠢ᠌ᠳᠠᠪᠤᠷᠢᠵᠢᠭᠤᠯᠤᠯᠲᠠ ᠵᠢ ᠠᠳᠬᠤᠬᠤ᠎ᠳᠤ ᠠᠰᠢᠭᠲᠠᠢ᠂ ᠠᠰᠠᠭᠤᠳᠠᠯ᠎ᠢ ᠰᠢᠢ᠍ᠳᠪᠦᠷᠢᠯᠡᠬᠦ᠎ᠳᠤ ᠠᠰᠢᠭᠲᠠᠢ ᠪᠠᠢ᠌ᠯᠭ᠋ᠠᠵᠤ᠂ ᠪᠢᠴᠢᠭ ᠮᠠᠲ᠋ᠧᠷᠢᠶᠠᠯ ᠲᠣᠭᠲᠠᠭ᠋ᠠᠬᠤ ᠵᠢ ᠴᠢᠬᠤᠯᠠᠴᠢᠯᠠᠭ᠋ᠠᠳ ᠪᠢᠴᠢᠭ ᠮᠠᠲ᠋ᠧᠷᠢᠶᠠᠯ ᠨᠠᠢ᠌ᠳᠠᠪᠤᠷᠢᠵᠢᠭᠤᠯᠬᠤ ᠵᠢ ᠬᠥᠩᠭᠡᠪᠴᠢᠯᠡᠬᠦ ᠵᠡᠷᠭᠡ ᠨᠠᠵᠠᠭ᠋ᠠᠢ ᠬᠡᠯᠪᠡᠷᠢᠯ᠎ᠢ ᠰᠡᠷᠭᠡᠢ᠌ᠯᠡᠬᠦ ᠬᠡᠷᠡᠭᠲᠡᠢ᠃ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷᠴᠤᠳ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠶ᠋ᠢᠭ᠋ᠠᠳ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠵᠢ᠎ᠨᠢ ᠴᠢᠩᠭ᠋ᠠᠷᠠᠭᠤᠯᠵᠤ᠂ ᠥᠭᠡᠷᠡᠴᠢᠯᠡᠯᠲᠡ᠎ᠳᠤ ᠬᠥᠨᠳᠡᠯᠡᠨ᠎ᠠᠴᠠ ᠬᠠᠷᠠᠭᠴᠢ ᠬᠥᠮᠥᠨ ᠪᠠᠶ᠋ᠢᠬᠤ ᠦᠭᠡᠢ ᠭᠡᠬᠦ ᠦᠵᠡᠯᠲᠡ ᠵᠢ ᠪᠠᠲᠤ ᠪᠡᠬᠢ ᠪᠤᠢ ᠪᠣᠯᠭ᠋ᠠᠵᠤ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷᠴᠤᠳ᠎ᠤᠨ ᠠᠵᠢᠯ᠎ᠤᠨ ᠲᠤᠰᠢᠶᠠᠯ ᠬᠠᠷᠢᠭᠤᠴᠠᠯᠭ᠎ᠠ᠎ᠲᠠᠢ᠎ᠪᠠᠨ ᠨᠢᠭᠲᠠ ᠤᠶᠠᠯᠳᠤᠭᠤᠯᠵᠤ᠂ ᠥᠭᠡᠷᠡᠴᠢᠯᠡᠯᠲᠡ ᠵᠢᠨ ᠡᠭᠦᠷᠭᠡ ᠵᠢ ᠨᠠᠷᠢᠨ ᠨᠢᠮᠪᠠᠢ ᠨᠠᠢ᠌ᠳᠠᠪᠤᠷᠢᠵᠢᠭᠤᠯᠤᠨ ᠵᠢᠵᠢᠭ ᠶᠠᠪᠤᠳᠠᠯ᠎ᠠᠴᠠ ᠡᠬᠢᠯᠡᠨ ᠨᠠᠢ᠌ᠳᠠᠪᠤᠷᠢᠵᠢᠭᠤᠯᠬᠤ ᠵᠢ ᠲᠦᠯᠬᠢᠨ ᠠᠬᠢᠭᠤᠯᠬᠤ ᠬᠡᠷᠡᠭᠲᠡᠶ᠃ ᠥᠭᠡᠷᠡᠴᠢᠯᠡᠯᠲᠡ ᠵᠢ ᠱᠠᠯᠠᠪᠳᠠᠭᠤᠯᠤᠨ ᠪᠠᠢ᠌ᠴᠠᠭ᠋ᠠᠬᠤ ᠵᠢ ᠴᠢᠩᠭ᠋ᠠᠳᠬᠠᠵᠤ᠂ ᠦᠷ᠎ᠡ ᠪᠦᠲᠦᠮᠵᠢ ᠵᠢ ᠮᠥᠷᠳᠡᠨ ᠠᠰᠠᠭᠤᠬᠤ ᠵᠢ ᠴᠢᠩᠭ᠋ᠠᠳᠬᠠᠵᠤ᠂ ᠣᠷᠣᠰᠢᠵᠤ ᠪᠠᠢ᠌ᠭ᠎ᠠ ᠠᠰᠠᠭᠤᠳᠠᠯ ᠪᠣᠯᠣᠨ ᠰᠢᠯᠲᠠᠭ᠋ᠠᠨ᠎ᠢ ᠭᠦᠨᠵᠡᠭᠡᠢ ᠡᠷᠢᠵᠦ᠂ ᠴᠡᠭᠴᠡᠯᠡᠨ ᠰᠠᠢ᠌ᠵᠢᠷᠠᠭᠤᠯᠬᠤ ᠵᠢ ᠴᠠᠭ ᠲᠤᠬᠠᠢ᠎ᠳᠤᠨᠢ ᠠᠬᠢᠭᠤᠯᠬᠤ ᠬᠡᠷᠡᠭᠲᠡᠢ᠃ ᠴᠢᠬᠤᠯᠠ ᠶᠡᠬᠡ ᠥᠭᠡᠷᠡᠴᠢᠯᠡᠯᠲᠡ ᠵᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠢ ᠬᠢᠨᠠᠨ ᠪᠠᠢ᠌ᠴᠠᠭ᠋ᠠᠬᠤ ᠪᠠ ᠲᠣᠭᠣᠷᠢᠨ ᠪᠠᠢ᠌ᠴᠠᠭ᠋ᠠᠬᠤ ᠠᠭᠤᠯᠭ᠎ᠠ᠎ᠳᠤ ᠣᠷᠣᠭᠤᠯᠵᠤ᠂ ᠪᠣᠳᠠᠲᠤ ᠠᠮᠵᠢᠯᠲᠠ ᠪᠦᠲᠦᠮᠵᠢ ᠪᠠ ᠠᠷᠠᠳ ᠤᠯᠠᠨ᠎ᠤ ᠬᠠᠨᠤᠮᠵᠢ ᠵᠢᠨ ᠬᠡᠮᠵᠢᠶ᠎ᠡ᠎ᠪᠠᠷ ᠥᠭᠡᠷᠡᠴᠢᠯᠡᠯᠲᠡ ᠵᠢ ᠰᠢᠯᠭ᠋ᠠᠨ ᠪᠠᠢ᠌ᠴᠠᠭ᠋ᠠᠵᠤ᠂ ᠠᠷᠠᠳ ᠤᠯᠠᠨ᠎ᠤ ᠥᠭᠡᠷᠡᠴᠢᠯᠡᠯᠲᠡ ᠵᠢᠨ ᠳᠤᠮᠳᠠᠬᠢ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠦᠨᠡᠨ ᠬᠦ᠌ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠶ᠃
      ᠭᠤᠷᠪᠠ᠂ ᠳᠣᠣᠷ᠎ᠠ ᠬᠠᠭ᠋ᠠᠰ ᠵᠢᠯ᠎ᠤᠨ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠬᠦ ᠬᠡᠷᠡᠭᠲᠡᠶ
      ᠣᠳᠣ ᠨᠢᠭᠡ ᠵᠢᠯ᠎ᠤᠨ ᠬᠠᠭ᠋ᠠᠰ᠎ᠨᠢ ᠥᠩᠭᠡᠷᠡᠴᠢᠬᠡᠯ᠎ᠡ᠂ ᠳᠣᠣᠷ᠎ᠠ ᠬᠠᠭ᠋ᠠᠰ ᠵᠢᠯ᠎ᠤᠨ ᠠᠵᠢᠯ᠎ᠢ ᠰᠠᠶ᠋ᠢᠲᠤᠷ ᠬᠢᠬᠦ᠎ᠨᠢ ᠪᠦᠬᠦ ᠵᠢᠯ᠎ᠤᠨ ᠬᠠᠷᠠᠯᠲᠠ ᠡᠭᠦᠷᠭᠡ ᠵᠢ ᠪᠡᠶᠡᠯᠡᠭᠦᠯᠬᠦ᠎ᠳᠤ ᠲᠤᠢ᠌ᠯ᠎ᠤᠨ ᠴᠢᠬᠤᠯᠠ ᠶᠤᠮ᠃ ᠪᠢ ᠬᠡᠳᠦᠨ ᠵᠦᠢ᠍ᠯ᠎ᠢ ᠭᠣᠣᠯᠴᠢᠯᠠᠨ ᠴᠢᠬᠤᠯᠠᠴᠢᠯᠠᠶ᠎ᠠ᠃
      ᠨᠢᠭᠡᠳᠦᠭᠡᠷ᠎ᠲᠤ᠂ ᠪᠦᠬᠦ ᠵᠢᠯ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠠᠷᠠᠯᠲᠠ ᠵᠢ ᠡᠷᠡᠰ ᠭᠤᠶ᠋ᠢᠪᠢᠰᠢ ᠦᠭᠡᠢ᠎ᠪᠠᠷ ᠪᠡᠶᠡᠯᠡᠭᠦᠯᠬᠦ ᠬᠡᠷᠡᠭᠲᠡᠢ᠃ ᠲᠦᠷᠦᠭᠦᠸ᠋ ᠬᠠᠭ᠋ᠠᠰ ᠵᠢᠯ᠎ᠳᠤ᠂ ᠠᠵᠤ ᠠᠬᠤᠢ ᠵᠢᠨ ᠰᠡᠷᠭᠦᠨ ᠰᠠᠢ᠌ᠵᠢᠷᠠᠬᠤ ᠪᠠᠶ᠋ᠢᠳᠠᠯ ᠪᠡᠬᠢᠵᠢᠵᠦ᠂ ᠢᠳᠡᠪᠬᠢᠲᠡᠢ ᠬᠦᠴᠦᠨ ᠵᠦᠢ᠍ᠯ ᠨᠡᠮᠡᠭᠳᠡᠨ᠂ ᠡᠯ᠎ᠡ ᠲᠠᠯ᠎ᠠ ᠵᠢᠨ᠎ᠬᠢᠨ᠎ᠤ ᠢᠲᠡᠭᠡᠯ ᠵᠣᠷᠢᠭ ᠴᠢᠩᠭ᠋ᠠᠷᠠᠪᠠ᠃ ᠡᠭᠦᠨ᠎ᠤ ᠵᠡᠷᠭᠡᠴᠡᠭᠡᠪᠡᠷ᠂ ᠠᠵᠤ ᠠᠬᠤᠢ ᠵᠢᠨ ᠠᠵᠢᠯᠯᠠᠭ᠋ᠠᠨ᠎ᠳᠤ ᠡᠳᠦᠷ ᠢᠷᠡᠬᠦᠶ᠎ᠡ ᠪᠤᠳᠤᠯᠢᠶᠠᠨᠲᠠᠢ ᠪᠣᠯᠵᠤ ᠪᠠᠢ᠌ᠭ᠎ᠠ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠣᠷᠴᠢᠨ ᠨᠥᠬᠥᠴᠡᠯ᠎ᠳᠤ ᠲᠤᠯᠭ᠋ᠠᠷᠠᠵᠤ᠂ ᠬᠦᠴᠢᠷᠳᠡᠯ ᠥᠷᠢᠰᠥᠯᠳᠦᠭᠡᠨ ᠪᠠ ᠲᠣᠭᠲᠠᠭ᠋ᠠᠯᠲᠤ ᠪᠤᠰᠤ ᠴᠢᠨᠠᠷ ᠮᠥᠨ ᠯᠡ ᠴᠥᠭᠡᠨ ᠪᠤᠰᠤ ᠪᠠᠢ᠌ᠨ᠎ᠠ᠂ ᠡᠢ᠌ᠮᠦ᠎ᠠᠴᠠ ᠠᠵᠤ ᠠᠬᠤᠢ ᠵᠢᠨ ᠠᠵᠢᠯ᠎ᠤᠨ ᠲᠤᠬᠠᠢ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠶᠣᠰᠣᠭ᠋ᠠᠷ᠂ ᠬᠠᠨᠳᠤᠯᠭ᠋ᠠᠲᠤ ᠴᠢᠨᠠᠷ ᠵᠶ᠋ᠠᠷ ᠴᠢᠩᠭ᠎ᠠ ᠠᠷᠭ᠎ᠠ ᠬᠡᠮᠵᠢᠶ᠎ᠡ ᠠᠪᠴᠤ ᠠᠷᠭ᠋ᠠᠴᠠᠬᠤ ᠬᠡᠷᠡᠭᠲᠡᠶ᠃ ᠬᠣᠷᠸ᠎ᠠ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠢ᠌ᠳᠠᠪᠤᠷᠢᠵᠢᠭᠤᠯᠵᠤ᠂ ᠤᠷᠳᠤ ᠬᠤᠭᠤᠴᠠᠭ᠋ᠠᠨ᠎ᠤ ᠣᠨᠴᠠᠭ᠋ᠠᠢ ᠤᠯᠤᠰ᠎ᠤᠨ ᠵᠢᠭᠡᠯᠡᠯᠭᠡ ᠵᠢ ᠲᠠᠷᠬᠠᠭ᠋ᠠᠬᠤ ᠵᠢᠨ ᠬᠠᠮᠲᠤ ᠰᠠᠶ᠋ᠢᠲᠤᠷ ᠬᠡᠷᠡᠭᠯᠡᠵᠦ᠂ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠪᠠ ᠭᠣᠣᠯᠳᠠᠯᠭ᠎ᠠ᠎ᠲᠠᠢ ᠬᠦᠷᠢᠶᠡᠨ᠎ᠳᠠᠬᠢ ᠠᠮᠤᠷ ᠲᠦᠪᠰᠢᠨ᠎ᠤ ᠴᠢᠳᠠᠪᠤᠷᠢ ᠵᠢᠨ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠢ ᠬᠦᠴᠦᠯᠡᠨ ᠰᠠᠶ᠋ᠢᠲᠤᠷ ᠬᠢᠬᠦ ᠬᠡᠷᠡᠭᠲᠡᠶ᠃ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠵᠢ ᠢᠳᠡᠪᠬᠢᠲᠡᠢ᠎ᠪᠠᠷ ᠥᠷᠭᠡᠳᠬᠡᠵᠦ᠂ ᠤᠷᠳᠤ ᠬᠤᠭᠤᠴᠠᠭ᠋ᠠᠨ᠎ᠤ ᠣᠨᠴᠠᠭ᠋ᠠᠢ ᠤᠯᠤᠰ᠎ᠤᠨ ᠵᠢᠭᠡᠯᠡᠯᠭᠡ ᠵᠢᠨ ᠪᠡᠯᠡ ᠮᠥᠩᠭᠥ ᠵᠢ ᠰᠤᠳᠤᠯᠤᠨ ᠲᠣᠬᠢᠷᠠᠭᠤᠯᠵᠤ᠂ ᠶᠡᠬᠡ ᠬᠡᠪᠴᠢᠶᠡᠨ᠎ᠤ ᠲᠣᠨᠣᠭ ᠲᠥᠬᠦᠭᠡᠷᠦᠮᠵᠢ ᠵᠢ ᠰᠢᠨᠡᠳᠬᠡᠬᠦ ᠪᠠ ᠶᠡᠬᠡ ᠬᠡᠮᠵᠢᠶᠡᠨ᠎ᠤ ᠪᠥᠬᠡᠯᠢᠭ ᠡᠳ᠋ᠯᠡᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠳᠠᠮᠵᠢᠵᠤ᠂ ᠨᠡᠩ ᠤᠯᠠᠨ ᠬᠡᠷᠡᠭᠯᠡᠭᠡᠨ᠎ᠤ ᠪᠠᠶ᠋ᠢᠳᠠᠯ᠎ᠢ ᠪᠤᠢ ᠪᠣᠯᠭ᠋ᠠᠵᠤ᠂ ᠬᠡᠷᠡᠭᠯᠡᠭᠡ ᠪᠠ ᠪᠡᠯᠡ ᠣᠷᠣᠭᠤᠯᠤᠯᠲᠠ ᠵᠢᠨ ᠳᠠᠯᠳᠠ ᠬᠦᠴᠦᠨ᠎ᠢ ᠦᠷᠭᠦᠯᠵᠢᠯᠡᠨ ᠪᠠᠳᠠᠷᠠᠭᠤᠯᠬᠤ ᠬᠡᠷᠡᠭᠲᠡᠶ᠃ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷᠯᠢᠭ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠂ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠢᠷᠡᠭᠡᠳᠦᠢ ᠵᠢᠨ ᠠᠵᠤ ᠦᠢ᠍ᠯᠡᠰ᠎ᠢ ᠤᠷᠢᠳᠴᠢᠯᠠᠨ ᠪᠠᠢ᠌ᠷᠢᠰᠢᠭᠤᠯᠵᠤ᠂ ᠲᠡᠷᠢᠭᠦᠨ᠎ᠤ ᠮᠡᠷᠭᠡᠵᠢᠯ ᠵᠶ᠋ᠡᠷ ᠤᠯᠠᠮᠵᠢᠯᠠᠯᠲᠤ ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠬᠦ ᠴᠢᠳᠠᠪᠤᠷᠢ ᠣᠯᠭᠣᠬᠤ ᠬᠡᠷᠡᠭᠲᠡᠶ᠃ ᠭᠠᠳᠠᠭ᠋ᠠᠳᠤ ᠠᠷᠠᠯᠵᠢᠶᠠᠨ᠎ᠤ ᠰᠢᠨ᠎ᠡ ᠬᠥᠳᠡᠯᠭᠡᠬᠦ ᠡᠨᠧᠷᠭᠢ ᠵᠢ ᠲᠦᠷᠭᠡᠨ ᠪᠣᠢ᠌ᠵᠢᠭᠤᠯᠵᠤ᠂ ᠵᠠᠪᠰᠠᠷ᠎ᠤᠨ ᠪᠦᠲᠦᠭᠡᠭᠳᠡᠬᠦᠨ᠎ᠤ ᠠᠷᠠᠯᠵᠢᠶ᠎ᠠ᠂ ᠦᠢ᠍ᠯᠡᠴᠢᠯᠡᠭᠡᠨ᠎ᠤ ᠠᠷᠠᠯᠵᠢᠶ᠎ᠠ᠂ ᠲᠣᠭ᠋ᠠᠴᠢᠯᠠᠭᠰᠠᠨ ᠠᠷᠠᠯᠵᠢᠶ᠎ᠠ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠭᠠᠳᠠᠭ᠋ᠠᠳᠤ ᠭᠠᠷᠭ᠋ᠠᠯᠲᠠ ᠵᠢ ᠢᠳᠡᠪᠬᠢᠲᠡᠢ ᠥᠷᠭᠡᠳᠬᠡᠬᠦ ᠬᠡᠷᠡᠭᠲᠡᠢ᠃ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠵᠤ᠂ ᠨᠠᠭᠦᠷᠡᠰᠦᠲᠦ᠋ᠷᠦᠭᠴᠢ ᠵᠢ ᠣᠷᠬᠢᠯ᠎ᠳᠤ ᠬᠦᠷᠭᠡᠬᠦ ᠲᠤᠰᠬᠠᠢ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠬᠦ ᠬᠡᠷᠡᠭᠲᠡᠢ᠃ ᠠᠷᠠᠳ᠎ᠤᠨ ᠠᠮᠢᠳᠤᠷᠠᠯ᠎ᠢ ᠦᠨᠡᠨ ᠬᠦ᠌ ᠪᠠᠲᠤᠯᠠᠨ ᠰᠠᠢ᠌ᠵᠢᠷᠠᠭᠤᠯᠵᠤ᠂ ᠠᠵᠢᠯ ᠣᠯᠭᠣᠯᠲᠠ ᠵᠢᠨ ᠶᠡᠷᠦᠩᠬᠡᠢ ᠬᠡᠮᠵᠢᠶ᠎ᠡ ᠪᠣᠯᠣᠨ ᠪᠦᠲᠦᠴᠡ ᠵᠢᠨ ᠴᠢᠨᠠᠷᠲᠠᠢ ᠵᠥᠷᠢᠴᠡᠯ ᠵᠡᠷᠭᠡᠪᠡᠷ ᠣᠷᠣᠰᠢᠵᠤ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠵᠦ᠂ ᠳᠤᠮᠳᠠ ᠳᠣᠣᠷ᠎ᠠ ᠣᠷᠣᠯᠭ᠎ᠠ᠎ᠲᠠᠢ ᠬᠥᠮᠥᠰ᠎ᠤᠨ ᠣᠷᠣᠯᠭ᠎ᠠ ᠵᠢᠨ ᠨᠡᠮᠡᠭᠳᠡᠯ᠎ᠢ ᠠᠬᠢᠭᠤᠯᠵᠤ᠂ ᠨᠡᠢ᠌ᠭᠡᠮ᠎ᠤᠨ ᠪᠠᠲᠤᠯᠠᠭ᠎ᠠ ᠵᠢᠨ ᠲᠣᠣᠷ᠎ᠢ ᠪᠡᠬᠢᠵᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠬᠡᠷᠡᠭᠲᠡᠢ᠃
      ᠬᠣᠶᠠᠳᠤᠭ᠋ᠠᠷ᠎ᠲᠤ᠂ ᠬᠥᠭᠵᠢᠯᠲᠡ ᠪᠣᠯᠣᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠭᠣᠣᠯᠳᠠᠯᠭ᠎ᠠ᠎ᠲᠠᠢ ᠬᠦᠷᠢᠶᠡᠨ᠎ᠤ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠰᠠᠶ᠋ᠢᠲᠤᠷ ᠨᠠᠢ᠌ᠳᠠᠪᠤᠷᠢᠵᠢᠭᠤᠯᠵᠤ᠂ ᠭᠡᠷ ᠪᠠᠢ᠌ᠰᠢᠩ ᠭᠠᠵᠠᠷ ᠰᠢᠷᠣᠢ ᠵᠢᠨ ᠬᠥᠷᠥᠩᠭᠡ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡ᠂ ᠳᠤᠮᠳᠠ ᠵᠢᠵᠢᠭ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠡᠷᠭᠡ ᠵᠢᠨ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠪᠠ ᠠᠷᠢᠯᠭ᠋ᠠᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠠᠳᠬᠤᠵᠤ᠂ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠪᠠᠶ᠋ᠢᠭ᠋ᠠᠯᠢ ᠵᠢᠨ ᠭᠠᠮᠰᠢᠭ ᠣᠨᠴᠠᠭ᠋ᠠᠢ᠌ᠯᠠᠨ ᠦᠶᠡᠷ ᠤᠰᠤᠳᠤᠯ᠎ᠤᠨ ᠭᠠᠮᠰᠢᠭ᠎ᠢ ᠬᠢᠨᠠᠨ ᠬᠡᠮᠵᠢᠬᠦ᠂ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂ ᠨᠡᠢ᠌ᠭᠡᠮ᠎ᠤᠨ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠲᠣᠣᠷ᠎ᠢ ᠨᠢᠭᠲᠠ ᠰᠦᠯᠵᠢᠵᠦ᠂ ᠨᠡᠢ᠌ᠭᠡᠮ᠎ᠤᠨ ᠲᠣᠭᠲᠠᠭᠤᠨ ᠪᠠᠶ᠋ᠢᠳᠠᠯ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ᠃ ᠭᠠᠳᠠᠭ᠋ᠠᠳᠤ ᠲᠠᠯ᠎ᠠ ᠵᠢᠨ ᠠᠶᠤᠯ ᠲᠦᠭᠰᠢᠭᠦᠷᠢ ᠥᠷᠢᠰᠥᠯᠳᠦᠭᠡᠨ᠎ᠢ ᠪᠦᠲᠦᠮᠵᠢᠲᠡᠢ ᠠᠷᠭ᠋ᠠᠴᠠᠵᠤ᠂ ᠠᠰᠢᠭᠲᠠᠢ ᠭᠠᠳᠠᠭ᠋ᠠᠳᠤ ᠣᠷᠴᠢᠨ᠎ᠢ ᠰᠠᠨᠠᠭ᠋ᠠᠴᠢᠯᠠᠭ᠎ᠠ᠎ᠠᠴᠠ᠎ᠪᠠᠨ ᠪᠤᠢ ᠪᠣᠯᠭ᠋ᠠᠬᠤ ᠬᠡᠷᠡᠭᠲᠡᠢ᠃

图片04.png

      2024 ᠣᠨ᠎ᠤ 9 ᠰᠠᠷ᠎ᠠ ᠵᠢᠨ 10᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠭᠠᠨᠰᠤ᠎ᠳᠤ ᠬᠦᠷᠴᠦ ᠰᠢᠨᠵᠢᠯᠡᠨ ᠪᠠᠢ᠌ᠴᠠᠭ᠋ᠠᠬᠤ ᠵᠠᠮ᠎ᠳᠠᠭᠠᠨ ᠱᠠᠨᠰᠢ ᠮᠤᠵᠢ ᠵᠢᠨ ᠪᠦᠦ ᠵᠢᠢ ᠬᠣᠲᠠ᠎ᠳᠤ ᠬᠦᠷᠴᠦ ᠪᠦᠦ ᠵᠢᠢ ᠬᠦᠷᠡᠯ ᠵᠡᠪᠰᠡᠭ᠎ᠤᠨ ᠮᠦᠽᠧᠢ ᠵᠢ ᠲᠣᠭᠣᠷᠢᠨ ᠦᠵᠡᠪᠡ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠸᠠᠩ ᠶᠧ ᠰᠡᠭᠦᠳᠡᠷᠯᠡᠪᠡ
      ᠭᠤᠷᠪᠠᠳᠤᠭ᠋ᠠᠷ᠎ᠲᠤ᠂ 《ᠲᠠᠪᠤᠨ ᠵᠢᠯ᠎ᠤᠨ ᠲᠥᠯᠦᠪᠵᠢᠭᠦᠯᠭᠡ》 ᠵᠢ ᠳ᠋ᠦᠩᠨᠡᠨ ᠦᠨᠡᠯᠡᠬᠦ ᠪᠠ ᠲᠥᠰᠥᠪᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠠᠩᠭᠢᠯᠠᠭ᠎ᠠ ᠵᠢᠨ ᠨᠢᠭᠡ ᠵᠢᠯ ᠮᠥᠨ᠂ ᠢᠷᠡᠬᠦ ᠵᠢᠯ ᠪᠣᠯ ᠰᠡᠭᠦᠯ ᠬᠤᠷᠢᠶᠠᠬᠤ ᠵᠢᠯ ᠮᠥᠨ᠂ ᠪᠠᠰᠠ ᠴᠤ᠌ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢ ᠲᠥᠯᠥᠪᠯᠡᠬᠦ ᠵᠢᠯ ᠮᠥᠨ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠦᠭᠰᠡᠨ ᠪᠠᠶ᠋ᠢᠳᠠᠯ᠎ᠨᠢ ᠬᠢᠷᠢ ᠵᠡᠷᠭᠡ ᠪᠠᠶ᠋ᠢᠬᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ᠎ᠳᠤ ᠶᠠᠮᠠᠷ ᠬᠠᠷᠠᠯᠲᠠ ᠡᠭᠦᠷᠭᠡ ᠵᠢ ᠲᠣᠭᠲᠠᠭ᠋ᠠᠬᠤ ᠲᠤᠬᠠᠢ 《ᠠᠷᠪᠠᠨ ᠳᠥᠷᠪᠡᠳᠦᠭᠡᠷ ᠲᠠᠪᠤᠨ ᠵᠢᠯ》 ᠵᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠢ ᠤᠷᠢᠳᠴᠢᠯᠠᠨ ᠰᠤᠳᠤᠯᠵᠤ᠂ ᠳ᠋ᠦᠩᠨᠡᠨ ᠦᠨᠡᠯᠡᠵᠦ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠡᠮᠦᠨᠡᠬᠢ ᠬᠤᠭᠤᠴᠠᠭ᠋ᠠᠨ᠎ᠤ ᠲᠥᠯᠥᠪᠵᠢᠭᠦᠯᠬᠦ ᠠᠵᠢᠯ᠎ᠢ ᠦᠨᠡᠨ ᠬᠦ᠌ ᠰᠠᠶ᠋ᠢᠲᠤᠷ ᠬᠢᠬᠦ ᠬᠡᠷᠡᠭᠲᠡᠶ᠃
      ᠳᠥᠷᠪᠡᠳᠦᠭᠡᠷ᠎ᠲᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ ᠠᠬᠢᠭᠤᠯᠬᠤ ᠬᠡᠷᠡᠭᠲᠡᠢ᠃ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠲᠠᠢ ᠤᠶᠠᠯᠳᠤᠭᠤᠯᠤᠨ᠂ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠵᠡᠪᠰᠡᠭᠯᠡᠬᠦ ᠵᠢ ᠰᠠᠶ᠋ᠢᠲᠤᠷ ᠠᠳᠬᠤᠵᠤ᠂ ᠪᠦᠬᠦ ᠨᠠᠮ᠎ᠤᠨ ᠮᠠᠷᠺᠰ᠎ᠤᠨ ᠦᠵᠡᠯ᠎ᠤᠨ ᠬᠢᠷᠢ ᠬᠡᠮᠵᠢᠶ᠎ᠡ ᠪᠠ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ᠃ ᠨᠠᠮ᠎ᠢ ᠬᠠᠮᠢᠶᠠᠷᠴᠤ ᠨᠠᠮ᠎ᠢ ᠵᠠᠰᠠᠬᠤ ᠡᠯ᠎ᠡ ᠵᠦᠢ᠍ᠯ᠎ᠤᠨ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲ᠋ᠧᠮ᠎ᠢ ᠪᠦᠷᠢᠨᠰᠢᠭᠦᠯᠵᠦ᠂ ᠰᠢᠨ᠎ᠡ ᠴᠠᠭ ᠦᠶ᠎ᠡ ᠵᠢᠨ ᠨᠠᠮ᠎ᠤᠨ ᠪᠠᠢ᠌ᠭᠤᠯᠤᠯᠲᠠ ᠵᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠢ ᠠᠬᠢᠭᠤᠯᠬᠤ ᠬᠡᠷᠡᠭᠲᠡᠢ᠃ ᠰᠤᠷᠲᠠᠯ ᠵᠶ᠋ᠠᠨ ᠦᠨᠡᠨ ᠬᠦ᠌ ᠰᠠᠢ᠌ᠵᠢᠷᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠬᠡᠮ ᠠᠷᠬᠠᠭ᠎ᠢ ᠲᠡᠪᠴᠢᠵᠦ᠂ ᠦᠨᠳᠦᠰᠦᠨ ᠱᠠᠲᠤᠨ᠎ᠤ ᠳᠠᠷᠤᠭ᠋ᠠᠰᠤ ᠵᠢ ᠦᠷᠭᠦᠯᠵᠢᠯᠡᠨ ᠬᠥᠩᠭᠡᠷᠡᠭᠦᠯᠵᠦ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠪᠣᠯᠣᠨ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠠᠬᠢᠭᠤᠯᠵᠤ᠂ ᠲᠣᠭᠣᠷᠢᠨ ᠪᠠᠢ᠌ᠴᠠᠭ᠋ᠠᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠬᠦ ᠬᠡᠷᠡᠭᠲᠡᠢ᠃ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ᠌ᠷᠡᠭᠦᠯᠵᠦ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠠ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷᠴᠤᠳ᠎ᠤᠨ ᠨᠠᠮ᠎ᠤᠨ ᠰᠠᠬᠢᠯᠭ᠎ᠠ ᠪᠠᠲᠤ ᠵᠢ ᠡᠳᠦᠷ ᠲᠤᠲᠤᠮ᠎ᠤᠨ ᠦᠭᠡ ᠶᠠᠷᠢᠶ᠎ᠠ ᠦᠢ᠍ᠯᠡ ᠠᠵᠢᠯᠯᠠᠭ᠎ᠠ ᠵᠢᠨ ᠵᠤᠷᠰᠢᠯ ᠪᠠᠷᠢᠮᠵᠢᠶ᠎ᠠ ᠪᠣᠯᠭ᠋ᠠᠨ ᠬᠤᠪᠢᠷᠠᠭᠤᠯᠬᠤ ᠵᠢ ᠲᠦᠯᠬᠢᠨ ᠠᠬᠢᠭᠤᠯᠵᠤ᠂ ᠨᠠᠮ᠎ᠤᠨ ᠪᠦᠯᠬᠦᠮᠳᠡᠯ ᠨᠢᠭᠡᠳᠦᠯ᠎ᠢ ᠬᠠᠮᠠᠭ᠋ᠠᠯᠠᠵᠤ᠂ ᠨᠠᠮ᠎ᠤᠨ ᠪᠦᠲᠦᠭᠡᠯᠴᠢ ᠬᠦᠴᠦᠨ᠂ ᠨᠢᠭᠲᠠᠷᠠᠯ᠎ᠤᠨ ᠬᠦᠴᠦᠨ᠂ ᠲᠠᠢ᠌ᠴᠢᠨ ᠬᠦᠴᠦᠨ᠎ᠢ ᠲᠠᠰᠤᠷᠠᠯᠳᠠ ᠦᠭᠡᠢ ᠴᠢᠩᠭ᠋ᠠᠳᠬᠠᠬᠤ ᠬᠡᠷᠡᠭᠲᠡᠶ᠃

 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号