ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠠᠴᠠ ᠪᠠᠲᠤᠯᠠᠭᠰᠠᠨ 《ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》᠎ᠨᠢ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠭᠣᠣᠯᠳᠠᠯᠭ᠎ᠠ᠎ᠲᠠᠢ ᠡᠭᠦᠷᠭᠡ ᠪᠣᠯᠣᠨ ᠦᠢ᠍ᠯᠡᠳᠦᠯᠭᠡ ᠵᠢᠨ ᠠᠷᠭ᠎ᠠ ᠵᠠᠮ᠎ᠢ ᠲᠣᠳᠣᠷᠬᠠᠢ᠌ᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠴᠢᠬᠤᠯᠠ ᠶᠡᠬᠡ ᠪᠠᠢ᠌ᠷᠢᠯᠠᠭᠤᠯᠤᠯᠲᠠ ᠬᠢᠵᠡᠢ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠶᠡᠷᠦᠩᠬᠡᠢ ᠱᠦᠵᠢ ᠰᠢ ᠵᠢᠨ ᠫᠢᠩ ᠤᠷᠢᠳ ᠬᠣᠵᠢᠳ 3 ᠤᠳᠠᠭ᠎ᠠ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠵᠤ᠂ 5 ᠵᠢᠯ ᠳᠠᠷᠠᠭ᠋ᠠᠯᠠᠨ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠵᠤ᠂ ᠥᠪᠥᠷ ᠮᠣᠩᠭᠣᠯ᠎ᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠵᠢ ᠡᠷᠬᠡᠪᠰᠢ ᠪᠠᠲᠤ ᠴᠡᠭᠡᠵᠢᠯᠡᠬᠦ 《ᠲᠥᠷᠥ ᠬᠦᠷᠦᠨ᠎ᠤ ᠶᠡᠬᠡ ᠶᠠᠪᠤᠳᠠᠯ》 ᠪᠣᠯᠭ᠋ᠠᠬᠤ ᠬᠡᠷᠡᠭᠲᠡᠢ ᠭᠡᠵᠦ ᠱᠠᠭ᠋ᠠᠷᠳᠠᠪᠠ᠃
ᠪᠦᠬᠦ ᠣᠷᠣᠨ ᠵᠶ᠋ᠠᠷ ᠵᠶ᠋ᠠᠨ ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠵᠢ 《ᠲᠠᠪᠤᠨ ᠶᠡᠬᠡ ᠡᠭᠦᠷᠭᠡ》 ᠵᠢᠨ ᠨᠢᠭᠡ ᠪᠣᠯᠭ᠋ᠠᠵᠤ᠂ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠢ ᠬᠠᠮᠠᠭ᠋ᠠᠯᠠᠬᠤ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠭᠰᠡᠭᠡᠷ ᠢᠷᠡᠪᠡ᠃ ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠡᠷᠬᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠬᠦ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ ᠥᠭᠡᠷᠡᠴᠢᠯᠡᠯᠲᠡ ᠵᠢᠨ ᠰᠢᠰᠲ᠋ᠧᠮ᠎ᠤᠨ ᠴᠤᠭᠯᠠᠷᠠᠯ᠂ ᠬᠠᠮᠵᠢᠯᠴᠠᠭ᠎ᠠ ᠵᠢᠨ ᠥᠨᠳᠥᠷ ᠦᠷ᠎ᠡ ᠪᠦᠲᠦᠮᠵᠢ ᠵᠢ ᠠᠬᠢᠭᠤᠯᠬᠤ᠂ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠰᠢᠨ᠎ᠤ ᠬᠠᠮᠠᠭ᠋ᠠᠯᠠᠯᠲᠠ᠎ᠪᠠᠷ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠤᠤ ᠱ᠌ᠢ᠎ᠳᠤ ᠵᠢ ᠰᠤᠷᠪᠤᠯᠵᠢᠯᠠᠪᠠ᠃
ᠥᠪᠥᠷ ᠮᠣᠩᠭᠣᠯ᠎ᠤᠨ ᠡᠳᠦᠷ᠎ᠤᠨ ᠰᠣᠨᠢᠨ᠄ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠬᠦ ᠲᠠᠯ᠎ᠠ᠎ᠪᠠᠷ ᠶᠠᠮᠠᠷ ᠶᠠᠮᠠᠷ ᠴᠢᠷᠮᠠᠢ᠌ᠯᠭ᠎ᠠ ᠭᠠᠷᠭ᠋ᠠᠭᠰᠠᠨ ᠪᠤᠢ?
ᠵᠣᠣ ᠱ᠌ᠢ ᠳ᠋ᠧ᠄ ᠪᠢᠳᠡ ᠢᠮᠠᠭᠲᠠ ᠪᠣᠭᠣᠮᠲᠠ ᠰᠢᠪᠲᠤᠯᠬᠤ ᠪᠠᠢ᠌ᠳᠠᠯ ᠵᠶ᠋ᠠᠨ ᠪᠠᠷᠢᠮᠲᠠᠯᠠᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠦᠨ᠎ᠡ᠃ ᠪᠢᠳᠡ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠳᠠ᠎ᠳᠤ ᠲᠤᠰ ᠲᠤᠰ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠥᠪᠯᠡᠯ ᠪᠠᠢ᠌ᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢ ᠱᠠᠲᠤ ᠱᠠᠲᠤ᠎ᠪᠠᠷ ᠨᠠᠢ᠌ᠳᠠᠪᠤᠷᠢᠵᠢᠭᠤᠯᠪᠠ᠃ ᠡᠩ ᠲᠡᠷᠢᠭᠦᠨ᠎ᠳᠤ᠂ 《ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠲᠦᠯᠬᠢᠨ ᠠᠬᠢᠭᠤᠯᠬᠤ ᠬᠡᠷᠡᠭᠵᠢᠭᠦᠯᠬᠦ ᠰᠠᠨᠠᠯ》 《ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠌ᠭᠤᠯᠬᠤ ᠬᠡᠷᠡᠭᠵᠢᠭᠦᠯᠬᠦ ᠲᠥᠰᠥᠯ》 ᠵᠡᠷᠭᠡ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠴᠠᠭ ᠲᠤᠬᠠᠢᠳᠤᠨᠢ ᠨᠡᠢ᠌ᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠢ᠌ᠭᠤᠯᠬᠤ ᠵᠢ ᠠᠬᠢᠭᠤᠯᠬᠤ ᠳᠦᠷᠢᠮ᠂ ᠠᠭ᠋ᠠᠷ ᠮᠠᠨᠳᠠᠯ᠂ ᠤᠰᠤ᠂ ᠬᠥᠷᠥᠰᠥ ᠰᠢᠷᠣᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ᠂ ᠦᠬᠠᠢ ᠬᠤᠳᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ ᠵᠡᠷᠭᠡ ᠣᠷᠣᠨ ᠨᠤᠲᠤᠭ᠎ᠤᠨ ᠴᠢᠨᠠᠷᠲᠠᠢ ᠬᠠᠤᠯᠢ ᠳᠦᠷᠢᠮ᠎ᠢ ᠨᠡᠢ᠌ᠲᠡᠯᠡᠵᠦ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ 《ᠳᠥᠷᠪᠡᠨ ᠨᠢᠷᠤᠭᠤ ᠨᠠᠢ᠍ᠮᠠᠨ ᠲᠤᠯᠭ᠋ᠠᠭᠤᠷᠢ》 ᠵᠢᠨ ᠳᠦᠷᠢᠮ᠎ᠤᠨ ᠰᠢᠰᠲ᠋ᠧᠮ᠎ᠢ ᠪᠠᠢ᠌ᠭᠤᠯᠪᠠ᠃ ᠳᠠᠷᠠᠭ᠋ᠠᠯᠠᠪᠠᠯ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠪᠣᠳᠠᠲᠠᠢ᠌ᠵᠢᠭᠤᠯᠵᠤ᠂ ᠪᠢᠳᠡ ᠬᠠᠷᠢᠭᠤᠴᠠᠯᠭ᠎ᠠ ᠵᠢᠨ ᠳᠦᠷᠢᠮ ᠭᠡᠬᠦ ᠡᠨᠡ ᠬᠦ᠌ ᠵᠠᠩᠭᠢᠯᠠᠭ᠎ᠠ ᠵᠢ ᠴᠢᠩᠭ᠎ᠠ ᠠᠳᠬᠤᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠬᠠᠷᠠᠯᠲᠠ ᠵᠢ ᠦᠨᠡᠯᠡᠵᠦ ᠬᠢᠨᠠᠨ ᠰᠢᠯᠭ᠋ᠠᠬᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠦᠷ᠎ᠡ ᠪᠦᠲᠦᠮᠵᠢ ᠵᠢ ᠬᠢᠨᠠᠨ ᠰᠢᠯᠭ᠋ᠠᠬᠤ᠂ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠬᠠᠷᠢᠭᠤᠴᠠᠯᠭ᠎ᠠ ᠵᠢ ᠨᠠᠰᠤᠨ ᠲᠤᠷᠰᠢᠲᠠ ᠨᠡᠬᠡᠮᠵᠢᠯᠡᠬᠦ᠂ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠵᠡᠷᠭᠡ ᠳᠦᠷᠢᠮ᠎ᠢ ᠪᠠᠢ᠌ᠭᠤᠯᠤᠨ ᠬᠡᠷᠡᠭᠵᠢᠭᠦᠯᠵᠦ᠂ ᠨᠠᠮ᠎ᠤᠨ ᠬᠣᠷᠢᠶ᠎ᠠ ᠵᠢᠨ ᠤᠳᠤᠷᠢᠳᠤᠯᠭ᠎ᠠ᠂ ᠵᠠᠰᠠᠭ᠎ᠤᠨ ᠣᠷᠳᠣᠨ᠎ᠤ ᠤᠳᠤᠷᠢᠳᠤᠯᠭ᠎ᠠ᠂ ᠠᠵᠤ ᠠᠬᠤᠢ᠌ᠯᠠᠯ᠎ᠤᠨ ᠭᠣᠣᠯ ᠴᠣᠭᠴᠠ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠣᠯᠣᠨ ᠤᠯᠠᠨ ᠨᠠᠢ᠌ᠳᠠ ᠵᠢᠨ ᠬᠠᠮᠲᠤ᠎ᠪᠠᠷ ᠣᠷᠣᠯᠴᠠᠭᠰᠠᠨ ᠬᠠᠷᠢᠭᠤᠴᠠᠯᠭ᠎ᠠ ᠵᠢᠨ ᠰᠢᠰᠲ᠋ᠧᠮ᠎ᠢ ᠨᠡᠩ ᠨᠢᠭᠲᠠ ᠴᠢᠩᠭ᠎ᠠ ᠪᠦᠷᠢᠨᠰᠢᠬᠦᠯᠪᠡ᠃ ᠡᠭᠦᠨ᠎ᠠᠴᠠ ᠭᠠᠳᠠᠨ᠎ᠠ᠂ ᠪᠢᠳᠡ ᠪᠠᠰᠠ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢᠨ ᠥᠪᠥᠷ ᠮᠣᠩᠭᠣᠯ᠎ᠤᠨ ᠶᠠᠷᠢᠶᠠᠨ᠎ᠤ ᠲᠠᠪᠴᠠᠩ᠎ᠢ ᠠᠮᠵᠢᠯᠲᠠ᠎ᠲᠠᠢ ᠳᠠᠭ᠋ᠠᠭ᠋ᠠᠴᠢᠯᠠᠨ ᠡᠷᠬᠢᠯᠡᠵᠦ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢᠨ ᠥᠪᠥᠷ ᠮᠣᠩᠭᠣᠯ᠎ᠳᠠᠬᠢ ᠠᠮᠢᠳᠤᠯᠢᠭ ᠦᠢ᠍ᠯᠡᠳᠦᠯᠭᠡ ᠵᠢ ᠭᠦᠢ᠍ᠴᠡᠳ ᠳᠡᠯᠭᠡᠨ ᠦᠵᠡᠭᠦᠯᠵᠦ᠂ 《ᠤᠮᠠᠷᠠᠲᠤ ᠵᠢᠨ ᠰᠣᠶᠣᠯ》᠎ᠤᠨ ᠳᠦᠷᠦᠯ ᠲᠡᠮᠳᠡᠭ᠎ᠢ ᠡᠭᠦᠳᠬᠦ᠎ᠳᠤ ᠬᠦᠴᠦᠨ ᠨᠡᠮᠡᠷᠢᠯᠡᠪᠡ᠃
ᠥᠪᠥᠷ ᠮᠣᠩᠭᠣᠯ᠎ᠤᠨ ᠡᠳᠦᠷ᠎ᠤᠨ ᠰᠣᠨᠢᠨ᠄ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠬᠦ ᠪᠣᠯ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠵᠢᠨ ᠲᠡᠷᠢᠭᠦᠨ ᠴᠢᠬᠤᠯᠠ ᠡᠭᠦᠷᠭᠡ ᠪᠣᠯᠣᠨ᠎ᠠ᠃ ᠥᠪᠥᠷ ᠮᠣᠩᠭᠣᠯ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠬᠦ ᠲᠠᠯ᠎ᠠ᠎ᠪᠠᠷ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠤᠢ?
ᠵᠣᠣ ᠱ᠌ᠢ ᠳ᠋ᠧ᠄ ᠪᠢᠳᠡ ᠠᠷᠠᠳ ᠲᠦᠮᠡᠨ᠎ᠢ ᠳᠡᠭᠡᠳᠦᠯᠡᠬᠦ ᠦᠨᠳᠦᠰᠦᠨ ᠵᠣᠭᠰᠣᠯᠲᠠ ᠵᠢ ᠢᠮᠠᠭᠲᠠ ᠪᠠᠷᠢᠮᠲᠠᠯᠠᠵᠤ᠂ ᠠᠷᠠᠳ ᠤᠯᠠᠨ᠎ᠤ ᠲᠤᠰᠬᠠᠯ ᠴᠢᠩᠭ᠎ᠠ ᠪᠠᠢ᠌ᠭ᠎ᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠦᠷᠭᠦᠯᠵᠢᠯᠡᠨ ᠭᠦᠨᠵᠡᠭᠡᠢ ᠰᠠᠶ᠋ᠢᠲᠤᠷ ᠬᠢᠵᠦ᠂ ᠥᠪᠥᠷ ᠮᠣᠩᠭᠣᠯ᠎ᠤᠨ ᠡᠨᠡ ᠬᠦ᠌ ᠨᠣᠮᠢᠨ ᠨᠣᠭᠣᠭ᠋ᠠᠨ᠂ ᠡᠨᠡ ᠬᠦ᠌ ᠨᠣᠮᠢᠨ ᠴᠡᠩᠬᠡᠷ᠂ ᠡᠨᠡ ᠬᠦ᠌ ᠠᠷᠢᠭᠤᠨ ᠴᠡᠪᠡᠷ᠎ᠢ ᠦᠨᠡᠨ ᠬᠦ᠌ ᠰᠠᠶ᠋ᠢᠲᠤᠷ ᠰᠠᠬᠢᠨ ᠬᠠᠮᠠᠭ᠋ᠠᠯᠠᠨ᠎ᠠ᠃ ᠪᠥᠬᠥ ᠣᠷᠣᠨ᠎ᠤ ᠰᠢᠯᠢᠳᠡᠭ ᠰᠠᠶ᠋ᠢᠨ ᠡᠳᠦᠷ᠎ᠤᠨ ᠲᠣᠭ᠎ᠠ ᠵᠢᠨ ᠬᠠᠷᠢᠴᠠᠯ 2015 ᠣᠨ᠎ᠳᠤ 86.2% ᠪᠠᠢ᠌ᠭᠰᠠᠨ᠎ᠠᠴᠠ᠎ᠪᠠᠨ ᠳᠡᠭᠡᠭᠰᠢᠯᠡᠭᠡᠳ 90.2% ᠪᠣᠯᠵᠤ᠂ PM2.5 ᠵᠢᠨ ᠥᠳᠬᠡᠴᠡ 36 ᠮᠢᠺᠷᠥᠭᠷᠠᠮ/ ᠪᠣᠰᠣᠭ᠎ᠠ ᠳᠥᠷᠪᠡᠯᠵᠢᠨ ᠮᠧᠲᠷ ᠪᠠᠢ᠌ᠭᠰᠠᠨ᠎ᠠᠴᠠ᠎ᠪᠠᠨ ᠪᠠᠭᠤᠷᠠᠭ᠋ᠠᠳ 23 ᠮᠢᠺᠷᠥᠭᠷᠠᠮ/ ᠪᠣᠰᠣᠭ᠎ᠠ ᠳᠥᠷᠪᠡᠯᠵᠢᠨ ᠮᠧᠲᠷ ᠪᠣᠯᠵᠤ᠂ ᠠᠭ᠋ᠠᠷ᠎ᠤᠨ ᠶᠠᠰᠤ ᠴᠢᠨᠠᠷ᠎ᠤᠨ ᠪᠠᠷᠢᠮᠵᠢᠶ᠎ᠠ᠎ᠳᠤ ᠬᠦᠷᠦᠭᠰᠡᠨ ᠬᠣᠲᠠ 2015 ᠣᠨ᠎ᠳᠤ 5 ᠪᠠᠢ᠌ᠭᠰᠠᠨ᠎ᠠᠴᠠ᠎ᠪᠠᠨ ᠨᠡᠮᠡᠭᠳᠡᠭᠡᠳ 11 ᠪᠣᠯᠪᠠ᠃ ᠭᠠᠵᠠᠷ ᠳᠡᠭᠡᠷᠡᠬᠢ ᠤᠰᠤᠨ᠎ᠤ ᠤᠯᠤᠰ᠎ᠤᠨ ᠰᠢᠯᠭ᠋ᠠᠯᠲᠠ ᠵᠢᠨ ᠣᠭᠲᠣᠯᠣᠭ᠋ᠠᠰᠤ ᠵᠢᠨ ᠰᠢᠯᠢᠳᠡᠭ ᠤᠰᠤᠨ ᠴᠣᠭᠴᠠ ᠵᠢᠨ ᠬᠠᠷᠢᠴᠠᠯ 2014 ᠣᠨ᠎ᠳᠤ 57.7% ᠪᠠᠢ᠌ᠭᠰᠠᠨ᠎ᠠᠴᠠ᠎ᠪᠠᠨ ᠳᠡᠭᠡᠭᠰᠢᠯᠡᠭᠡᠳ 79.1% ᠪᠣᠯᠵᠤ᠂ ᠮᠠᠭᠤ V ᠲᠥᠷᠥᠯ᠎ᠤᠨ ᠤᠰᠤᠨ ᠴᠣᠭᠴᠠ ᠵᠢᠨ ᠬᠠᠷᠢᠴᠠᠯ 9.6% ᠪᠠᠢ᠌ᠭᠰᠠᠨ᠎ᠠᠴᠠ᠎ᠪᠠᠨ ᠪᠠᠭᠤᠷᠠᠭ᠋ᠠᠳ 1.7% ᠪᠣᠯᠵᠤ᠂ ᠬᠠᠲᠤᠨ ᠭᠣᠣᠯ᠎ᠤᠨ ᠥᠪᠥᠷ ᠮᠣᠩᠭᠣᠯ᠎ᠳᠠᠬᠢ ᠬᠡᠰᠡᠭ᠎ᠤᠨ ᠭᠣᠣᠯ ᠤᠷᠤᠰᠬᠠᠯ᠎ᠤᠨ ᠤᠰᠤᠨ᠎ᠤ ᠴᠢᠨᠠᠷ ᠦᠷᠭᠦᠯᠵᠢᠯᠡᠨ II ᠲᠥᠷᠥᠯ᠎ᠳᠤ ᠲᠣᠭᠲᠠᠪᠤᠷᠢᠵᠢᠵᠤ᠂ ᠰᠠᠯᠪᠤᠷᠢ ᠤᠷᠤᠰᠬᠠᠯ᠎ᠤᠨ ᠤᠯᠤᠰ᠎ᠤᠨ ᠰᠢᠯᠭ᠋ᠠᠯᠲᠠ ᠵᠢᠨ ᠣᠭᠲᠣᠯᠣᠭ᠋ᠠᠰᠤ ᠵᠢᠨ ᠤᠰᠤᠨ᠎ᠤ ᠴᠢᠨᠠᠷ ᠪᠥᠬᠥ ᠲᠠᠯ᠎ᠠ᠎ᠪᠠᠷ ᠰᠠᠢ᠌ᠵᠢᠷᠠᠭᠰᠠᠨ ᠪᠠᠢ᠌ᠨ᠎ᠠ᠃ ᠤᠰᠤᠨ᠎ᠤ ᠴᠢᠨᠠᠷ᠎ᠢ ᠰᠠᠢ᠌ᠵᠢᠷᠠᠭᠤᠯᠬᠤ᠂ ᠤᠰᠤᠨ᠎ᠤ ᠬᠡᠮᠵᠢᠶ᠎ᠡ ᠵᠢ ᠨᠡᠮᠡᠭᠳᠡᠭᠦᠯᠬᠦ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠵᠢᠨ ᠲᠣᠭᠣᠷᠢᠨ᠎ᠳᠤ᠂ ᠨᠠᠭᠤᠷ ᠴᠥᠭᠥᠷᠥᠮ ᠵᠡᠷᠭᠡ ᠠᠮᠢ ᠠᠬᠤᠢ ᠵᠢ ᠬᠠᠮᠠᠭ᠋ᠠᠯᠠᠬᠤ ᠪᠠ ᠰᠡᠷᠭᠦᠭᠡᠨ ᠵᠠᠰᠠᠬᠤ ᠢᠨᠵᠧᠨᠧᠷᠢᠩ᠎ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ 《ᠭᠤᠷᠪᠠᠨ ᠨᠠᠭᠤᠷ》᠎ᠤᠨ ᠤᠰᠤᠨ ᠣᠷᠣᠨ᠎ᠤ ᠲᠠᠯᠠᠪᠠᠢ ᠵᠢ ᠵᠣᠬᠢᠰᠲᠠᠢ ᠬᠡᠪᠴᠢᠶᠡᠨ᠎ᠳᠤ ᠪᠠᠢ᠌ᠯᠭ᠋ᠠᠵᠤ᠂ ᠬᠥᠯᠥᠨ ᠨᠠᠭᠤᠷ᠂ ᠲᠠᠭ᠎ᠠ ᠵᠢᠨ ᠨᠠᠭᠤᠷ᠎ᠨᠢ ᠤᠯᠤᠰ᠎ᠤᠨ ᠤᠰᠤᠨ᠎ᠤ ᠠᠮᠢ ᠠᠬᠤᠢ ᠵᠢ ᠬᠢᠨᠠᠨ ᠬᠡᠮᠵᠢᠵᠦ ᠦᠨᠡᠯᠡᠬᠦ ᠲᠤᠷᠰᠢᠯᠲᠠ ᠵᠢᠨ ᠨᠠᠭᠤᠷ ᠪᠣᠯᠵᠤ᠂ ᠤᠯᠠᠭ᠋ᠠᠨᠰᠤᠬᠠᠢ ᠨᠠᠭᠤᠷ᠎ᠤᠨ ᠭᠣᠣᠯ᠎ᠤᠨ ᠣᠭᠲᠣᠯᠣᠭ᠋ᠠᠰᠤ ᠵᠢᠨ ᠤᠰᠤᠨ᠎ᠤ ᠴᠢᠨᠠᠷ ᠮᠠᠭᠤ V ᠳᠦᠷᠦᠯ ᠪᠠᠢ᠌ᠭᠰᠠᠨ᠎ᠠᠴᠠ᠎ᠪᠠᠨ IV ᠳᠦᠷᠦᠯ ᠪᠣᠯᠣᠨ ᠳᠡᠭᠡᠭᠰᠢᠯᠡᠵᠦ᠂ ᠴᠠᠭ᠋ᠠᠨᠨᠠᠭᠤᠷ ᠤᠯᠤᠰ᠎ᠤᠨ ᠨᠤᠭᠤ ᠭᠠᠵᠠᠷ᠎ᠤᠨ ᠴᠡᠴᠡᠷᠯᠢᠭ ᠵᠶ᠋ᠡᠷ ᠵᠥᠪᠰᠢᠶᠡᠷᠡᠭᠳᠡᠵᠦ᠂ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ ᠰᠠᠢ᠌ᠵᠢᠷᠠᠬᠤ ᠬᠠᠨᠳᠤᠰᠢ᠎ᠲᠠᠢ ᠪᠣᠯᠪᠠ᠃ ᠪᠥᠬᠥ ᠣᠷᠣᠨ᠎ᠤ ᠪᠣᠬᠢᠷᠲᠤᠭᠳᠠᠭᠰᠠᠨ ᠲᠠᠷᠢᠶᠠᠨ ᠭᠠᠵᠠᠷ᠎ᠤᠨ ᠠᠮᠤᠷ ᠲᠦᠪᠰᠢᠨ ᠠᠰᠢᠭᠯᠠᠯᠲᠠ ᠵᠢᠨ ᠨᠣᠷᠮ᠎ᠠ ᠵᠢ 98%᠎ᠠᠴᠠ ᠳᠡᠭᠡᠭᠰᠢ᠎ᠳᠤ ᠪᠠᠢ᠌ᠯᠭ᠋ᠠᠬᠤ ᠵᠢ ᠪᠠᠲᠤᠯᠠᠵᠤ᠂ ᠭᠣᠣᠯᠳᠠᠯᠭ᠎ᠠ᠎ᠲᠠᠢ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠠᠮᠤᠷ ᠲᠦᠪᠰᠢᠨ ᠠᠰᠢᠭᠯᠠᠯᠲᠠ᠎ᠨᠢ ᠪᠦᠲᠦᠮᠵᠢᠲᠡᠢ ᠪᠠᠲᠤᠯᠠᠭ᠎ᠠ᠎ᠲᠠᠢ ᠪᠣᠯᠵᠠᠢ᠃
ᠥᠪᠥᠷ ᠮᠣᠩᠭᠣᠯ᠎ᠤᠨ ᠡᠳᠦᠷ᠎ᠤᠨ ᠰᠣᠨᠢᠨ᠄ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠡᠷᠭᠢᠯᠲᠡᠲᠦ ᠬᠥᠭᠵᠢᠯᠲᠡ ᠵᠢᠨ ᠠᠵᠤ ᠠᠬᠤᠢ ᠵᠢᠨ ᠰᠢᠰᠲ᠋ᠧᠮ᠎ᠢ ᠪᠠᠢ᠌ᠭᠤᠯᠤᠨ ᠪᠦᠷᠢᠨᠰᠢᠭᠦᠯᠵᠦ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠥᠬᠥ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠪᠣᠯ ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠬᠦ ᠵᠢᠨ ᠵᠠᠩᠭᠢᠯᠠᠭ᠎ᠠ ᠵᠢᠨ ᠭᠣᠭᠴᠣᠭ᠎ᠠ ᠮᠥᠨ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠡᠷᠬᠢᠨ ᠥᠭᠡᠷᠡᠴᠢᠯᠡᠯᠲᠡ ᠵᠢᠨ ᠠᠵᠠ ᠲᠣᠬᠢᠶᠠᠯ᠎ᠢ ᠠᠮᠵᠢᠵᠤ᠂ ᠮᠠᠨ᠎ᠤ ᠣᠷᠣᠨ᠎ᠤ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠴᠢᠨᠠᠷ ᠰᠠᠢ᠌ᠲᠠᠢ ᠬᠥᠭᠵᠢᠯᠲᠡ ᠵᠢ ᠲᠦᠷᠭᠡᠨ ᠠᠬᠢᠭᠤᠯᠤᠭᠰᠠᠨ ᠪᠤᠢ?
ᠵᠣᠣ ᠱ᠌ᠢ ᠳ᠋ᠧ᠄ ᠪᠢᠳᠡ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ》 ᠭᠡᠬᠦ ᠣᠢ᠌ᠯᠠᠭ᠋ᠠᠭᠳᠠᠬᠤᠨ᠎ᠢ ᠪᠠᠲᠤ ᠪᠡᠬᠢ ᠪᠤᠢ ᠪᠣᠯᠭ᠋ᠠᠨ ᠦᠢ᠍ᠯᠡᠳᠦᠯᠭᠡᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ 《ᠪᠦᠰᠡᠯᠡᠯᠲᠡ ᠵᠢ ᠰᠢᠪᠲᠤᠯᠬᠤ》 ᠢᠨᠵᠧᠨᠧᠷᠢᠩ᠎ᠢ ᠬᠡᠷᠡᠭᠵᠢᠭᠦᠯᠬᠦ᠎ᠪᠠᠷ ᠳᠠᠮᠵᠢᠭᠤᠯᠤᠨ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢ᠍ᠯ᠎ᠤᠨ ᠬᠥᠮᠥᠷᠭᠡ ᠪᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠶᠤᠨ᠎ᠤ ᠬᠥᠮᠥᠷᠭᠡ ᠵᠢ ᠪᠠᠢ᠌ᠭᠤᠯᠵᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠣᠷᠴᠢᠯ ᠠᠵᠤ ᠠᠬᠤᠢ ᠵᠢᠨ ᠰᠢᠰᠲ᠋ᠧᠮ᠎ᠢ ᠬᠦᠴᠦᠯᠡᠨ ᠪᠠᠢ᠌ᠭᠤᠯᠵᠠᠢ᠃ ᠠᠮᠢ ᠠᠬᠤᠢ ᠣᠷᠴᠢᠨ ᠲᠣᠭᠣᠷᠢᠨ᠎ᠢ ᠡᠬᠢ ᠡᠭᠦᠰᠦᠯ᠎ᠠᠴᠠ᠎ᠨᠢ ᠰᠡᠷᠭᠡᠢ᠌ᠯᠡᠨ ᠡᠵᠡᠮᠳᠡᠬᠦ ᠵᠢ ᠴᠢᠩᠭ᠋ᠠᠳᠬᠠᠵᠤ᠂ 《ᠠᠮᠢ ᠠᠬᠤᠢ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠰᠠᠨᠠᠯ》᠎ᠢ ᠨᠡᠢ᠌ᠲᠡᠯᠡᠵᠦ᠂ ᠪᠦᠬᠦ ᠡᠯᠧᠮᠧᠨ᠋ᠲ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠰᠠᠭᠤᠷᠢ ᠵᠢᠷᠤᠭ᠂ ᠨᠢᠭᠡ ᠢᠵᠢ ᠭᠤᠷᠪᠠᠨ ᠳᠦᠷᠦᠯ᠎ᠤᠨ ᠣᠷᠣᠨ ᠬᠤᠪᠢᠶᠠᠨ ᠣᠷᠴᠢᠨ ᠲᠣᠭᠣᠷᠢᠨ᠎ᠢ ᠬᠠᠮᠢᠶᠠᠷᠤᠨ ᠡᠵᠡᠮᠳᠡᠬᠦ ᠨᠢᠭᠡᠴᠢ ᠪᠣᠯᠣᠨ ᠨᠢᠭᠡ ᠬᠤᠪᠢ ᠤᠯᠠᠨ ᠳᠡᠰ ᠳᠠᠪᠬᠤᠷᠭ᠎ᠠ᠂ ᠤᠯᠠᠨ ᠬᠡᠮᠵᠢᠯ᠎ᠤᠨ ᠵᠥᠪᠰᠢᠶᠡᠷᠡᠯ᠎ᠤᠨ ᠨᠠᠷᠢᠨ ᠲᠠᠩᠰᠠ ᠵᠢ ᠪᠦᠷᠢᠯᠳᠦᠭᠦᠯᠪᠡ᠃ ᠲᠥᠷᠥᠯ ᠵᠦᠢ᠍ᠯ᠎ᠢ ᠲᠦᠷᠭᠡᠳᠬᠡᠨ ᠨᠠᠢ᠌ᠳᠠᠪᠤᠷᠢᠵᠢᠭᠤᠯᠵᠤ ᠪᠦᠲᠦᠭᠡᠨ ᠪᠠᠢ᠌ᠭᠤᠯᠬᠤ ᠵᠢ ᠢᠳᠡᠪᠬᠢᠲᠡᠢ᠎ᠪᠠᠷ ᠠᠬᠢᠭᠤᠯᠵᠤ᠂ ᠣᠳᠣᠬᠠᠨ᠎ᠳᠤ ᠪᠥᠬᠥ ᠣᠷᠣᠨ᠎ᠤ ᠣᠷᠴᠢᠨ ᠲᠣᠭᠣᠷᠢᠨ᠎ᠳᠤ ᠦᠵᠡᠭᠦᠯᠬᠦ ᠣᠷᠴᠢᠨ ᠲᠣᠭᠣᠷᠢᠨ᠎ᠤ ᠬᠢᠨᠠᠨ ᠲᠣᠭᠲᠠᠭ᠋ᠠᠯᠲᠠ ᠵᠢ ᠬᠢᠨᠠᠨ ᠵᠥᠪᠰᠢᠶᠡᠷᠡᠭᠦᠯᠬᠦ ᠭᠤᠶᠤᠴᠢᠯᠠᠯ᠎ᠢ ᠳᠡᠭᠡᠭᠰᠢ ᠮᠡᠳᠡᠭᠦᠯᠦᠭᠰᠡᠨ 3101 ᠴᠢᠬᠤᠯᠠ ᠶᠡᠬᠡ ᠲᠥᠷᠥᠯ ᠵᠦᠢ᠍ᠯ᠎ᠠᠴᠠ ᠨᠢᠭᠡᠨᠲᠡ 3100 ᠵᠢ᠎ᠨᠢ ᠴᠣᠬᠣᠯᠠᠪᠤᠷᠢᠯᠠᠨ ᠬᠠᠷᠢᠭᠤᠯᠵᠤ᠂ ᠬᠢᠨᠠᠨ ᠵᠥᠪᠰᠢᠶᠡᠷᠡᠯ᠎ᠢ ᠪᠡᠶᠡᠯᠡᠭᠦᠯᠦᠭᠰᠡᠨ ᠨᠣᠷᠮ᠎ᠠ 99.9%᠎ᠳᠤ ᠬᠥᠷᠪᠡ᠃ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠳᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ 866 ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠵᠤ᠂ 1395 ᠵᠥᠪᠰᠢᠶᠡᠷᠡᠯ᠎ᠤᠨ ᠦᠨᠡᠮᠯᠡᠯ᠎ᠢ ᠳᠡᠩᠰᠡᠯᠡᠨ ᠬᠠᠮᠢᠶᠠᠷᠴᠤ᠂ ᠲᠣᠭᠲᠠᠮᠠᠯ ᠪᠣᠬᠢᠷᠲᠤᠯ᠎ᠤᠨ ᠡᠬᠢ ᠰᠤᠷᠪᠤᠯᠵᠢ ᠵᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠢ ᠨᠡᠢ᠌ᠳᠡᠮ ᠬᠡᠷᠡᠭᠵᠢᠭᠦᠯᠬᠦ ᠵᠢ ᠪᠡᠶᠡᠯᠡᠭᠦᠯᠪᠡ᠃ ᠪᠣᠬᠢᠷᠲᠤᠯ᠎ᠢ ᠪᠠᠭ᠋ᠠᠰᠬᠠᠵᠤ ᠨᠠᠭᠦᠷᠡᠰᠦᠲᠦ᠋ᠷᠦᠭᠴᠢ ᠵᠢ ᠪᠠᠭ᠋ᠠᠰᠬᠠᠬᠤ ᠵᠢ ᠬᠠᠮᠵᠢᠯᠴᠠᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠵᠢ ᠭᠦᠨᠵᠡᠭᠡᠢ᠌ᠷᠡᠭᠦᠯᠵᠦ᠂ ᠪᠦᠬᠦ ᠤᠯᠤᠰ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠲᠤ ᠢᠳᠡᠪᠬᠢᠲᠡᠢ᠎ᠪᠠᠷ ᠠᠭᠤᠰᠤᠯᠴᠠᠵᠤ᠂ ᠢᠯᠴᠢ ᠵᠢᠨ ᠴᠠᠬᠢᠯᠭ᠋ᠠᠨ᠎ᠤ ᠠᠵᠢᠯ ᠳᠦᠷᠦᠯ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠲᠤᠷᠰᠢᠯᠲᠠ ᠵᠢ ᠪᠦᠬᠦ ᠤᠯᠤᠰ᠎ᠲᠤ ᠤᠷᠢᠳᠠᠪᠠᠷ ᠥᠷᠨᠢᠭᠦᠯᠬᠦ ᠵᠢᠨ ᠬᠠᠮᠲᠤ ᠲᠡᠭᠦᠰ ᠠᠮᠵᠢᠯᠲᠠ᠎ᠲᠠᠢ᠎ᠪᠠᠷ ᠪᠡᠶᠡᠯᠡᠭᠦᠯᠵᠡᠢ᠃
ᠰᠢᠨ᠎ᠡ ᠠᠶᠠᠨ ᠵᠠᠮ᠎ᠳᠤ᠂ ᠪᠢᠳᠡ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠰᠢᠪᠲᠤᠯᠤᠯᠲᠠ ᠵᠢᠨ ᠴᠡᠭ᠂ ᠬᠦᠴᠦᠯᠡᠬᠦ ᠴᠡᠭ᠎ᠢ ᠭᠦᠨᠵᠡᠭᠡᠢ ᠰᠤᠳᠤᠯᠤᠨ ᠣᠨᠣᠪᠴᠢᠲᠠᠢ ᠡᠷᠢᠵᠦ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠥᠭᠡᠷᠡᠴᠢᠯᠡᠯᠲᠡ ᠵᠢᠨ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠵᠤ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠥᠪᠥᠷ ᠮᠣᠩᠭᠣᠯ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠤ ᠠᠮᠵᠢᠯᠲᠠ ᠪᠦᠲᠦᠮᠵᠢ ᠭᠠᠷᠭ᠋ᠠᠨ᠎ᠠ᠃ ᠪᠢᠳᠡ ᠪᠦᠬᠦ ᠡᠯᠧᠮᠧᠨ᠋ᠲ᠎ᠢ ᠪᠦᠬᠦ ᠲᠠᠯ᠎ᠠ᠎ᠪᠠᠷ ᠵᠠᠰᠠᠬᠤ ᠪᠠᠢ᠌ᠷᠢᠰᠢᠯ᠂ ᠠᠮᠢ ᠠᠬᠤᠢ ᠵᠢᠨ ᠠᠵᠤ ᠠᠬᠤᠢ ᠵᠢᠨ ᠰᠢᠰᠲ᠋ᠧᠮ᠂ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠳᠦᠷᠢᠮ ᠲᠣᠭᠲᠠᠴᠠ ᠵᠢᠨ 《ᠭᠤᠷᠪᠠ ᠵᠢ ᠪᠤᠢ ᠪᠣᠯᠭ᠋ᠠᠬᠤ》 ᠱᠠᠭ᠋ᠠᠷᠳᠠᠯᠭ᠎ᠠ ᠶᠣᠰᠣᠭ᠋ᠠᠷ᠂ ᠰᠢᠰᠲ᠋ᠧᠮᠲᠦ ᠵᠠᠰᠠᠯᠲᠠ ᠪᠣᠯᠣᠨ ᠭᠣᠣᠯᠳᠠᠯᠭ᠎ᠠ᠎ᠲᠠᠢ ᠪᠣᠭᠣᠮᠲᠠ ᠰᠢᠪᠲᠤᠯᠬᠤ᠂ ᠥᠨᠳᠥᠷ ᠲᠦᠪᠰᠢᠨ ᠵᠶ᠋ᠡᠷ ᠬᠠᠮᠠᠭ᠋ᠠᠯᠠᠬᠤ ᠪᠣᠯᠣᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠤᠯᠤᠰ ᠲᠥᠷᠥ ᠵᠢᠨ ᠬᠠᠷᠢᠭᠤᠴᠠᠯᠭ᠎ᠠ ᠵᠢ ᠡᠯ᠎ᠡ ᠲᠠᠯ᠎ᠠ ᠵᠢᠨ᠎ᠬᠢᠨ᠎ᠲᠠᠢ ᠬᠠᠮᠵᠢᠯᠴᠠᠨ ᠬᠠᠮᠲᠤᠷᠠᠯᠴᠠᠬᠤ 《ᠭᠤᠷᠪᠠ ᠵᠢ ᠤᠶᠠᠯᠳᠤᠭᠤᠯᠬᠤ》 ᠵᠢ ᠪᠠᠲᠤᠳᠬᠠᠵᠤ᠂ ᠨᠠᠭᠦᠷᠡᠰᠦᠲᠦ᠋ᠷᠦᠭᠴᠢ ᠵᠢ ᠪᠠᠭ᠋ᠠᠰᠬᠠᠬᠤ᠂ ᠪᠣᠬᠢᠷᠲᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠨᠡᠮᠡᠭᠳᠡᠯ᠎ᠢ ᠬᠠᠮᠵᠢᠯᠴᠠᠨ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠪᠡᠬᠢ ᠪᠠᠢ᠌ᠭᠤᠯᠵᠤ᠂ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠢ ᠬᠠᠮᠠᠭ᠋ᠠᠯᠠᠬᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠲᠠᠯ᠎ᠠ᠎ᠪᠠᠷ ᠲᠦᠷᠦᠭᠦᠯᠡᠨ ᠠᠵᠢᠯᠯᠠᠵᠤ᠂ ᠡᠮᠦᠨ᠎ᠡ᠎ᠨᠢ ᠤᠷᠤᠭᠰᠢᠯᠠᠵᠤ᠂ ᠥᠯᠢᠭᠡᠷ ᠳᠠᠭᠤᠷᠢᠶᠠᠯ ᠪᠣᠯᠣᠨ᠎ᠠ᠃