ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠎ᠠᠴᠠ ᠣᠢ᠌ᠯᠠᠭ᠋ᠠᠭᠰᠠᠨ ᠵᠶ᠋ᠠᠷ᠂ 11 ᠰᠠᠷ᠎ᠠ ᠵᠢᠨ 22᠎ᠤᠨ ᠡᠳᠦᠷ 2024 ᠣᠨ᠎ᠤ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠤᠨ ᠤᠷᠤᠯᠳᠤᠭ᠋ᠠᠨ᠎ᠳᠤ ᠢᠯᠠᠭᠰᠠᠨ ᠨᠡᠷᠡᠰ᠎ᠢ ᠨᠡᠢ᠌ᠲᠡᠯᠡᠵᠦ᠂ ᠮᠠᠨ᠎ᠤ ᠣᠷᠣᠨ᠎ᠤ ᠪᠤᠭᠤᠲᠤ ᠵᠢᠨ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠪᠦᠯᠦᠭᠵᠢᠯ᠂ ᠣᠷᠳᠣᠰ ᠬᠤᠳᠠ ᠵᠢᠨ ᠱᠠᠨᠰᠢ ᠮᠤᠵᠢ ᠵᠢᠨ ᠲᠡᠮᠡᠭᠡᠲᠦ ᠬᠤᠳᠠ ᠪᠣᠯᠣᠨ ᠨᠢᠩᠰᠢᠶᠠ ᠵᠢᠨ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠨᠢᠩ ᠳ᠋ᠦᠩ ᠡᠨᠧᠷᠭᠢ ᠵᠢᠨ ᠬᠢᠮᠢ ᠵᠢᠨ ᠠᠵᠤ ᠦᠢ᠍ᠯᠡᠳᠪᠦᠷᠢ ᠵᠢᠨ ᠰᠠᠭᠤᠷᠢᠨ᠎ᠲᠠᠢ ᠬᠠᠮᠵᠢᠯᠴᠠᠭᠰᠠᠨ ᠢᠦᠢ ᠧ ᠨᠢᠩ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠪᠦᠯᠦᠭᠵᠢᠯ ᠢᠯᠠᠭᠰᠠᠨ ᠨᠡᠷᠡᠰ᠎ᠲᠤ ᠲᠣᠳᠣᠷᠠᠪᠠ᠃
ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠤ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠤᠨ ᠤᠷᠤᠯᠳᠤᠭ᠋ᠠᠨ᠎ᠢ ᠠᠵᠢᠯ ᠳᠦᠷᠦᠯ᠎ᠤᠨ ᠳᠣᠲᠣᠷ᠎ᠠ᠎ᠪᠠᠨ 《ᠤᠯᠤᠰ᠎ᠤᠨ ᠠᠨᠭ᠌ᠬᠢ》 ᠵᠢᠨ ᠰᠢᠯᠭ᠋ᠠᠷᠠᠭᠤᠯᠤᠯᠲᠠ ᠵᠢᠨ ᠤᠷᠤᠯᠳᠤᠭ᠋ᠠᠨ ᠵᠶ᠋ᠠᠷ ᠦᠵᠡᠳᠡᠭ᠃ ᠡᠨᠡ ᠤᠳᠠᠭ᠎ᠠ ᠵᠢᠨ ᠭᠠᠷᠮᠠᠭ᠋ᠠᠢ ᠭᠠᠷ ᠬᠤᠷᠠᠨ ᠴᠤᠭᠯᠠᠷᠠᠭᠰᠠᠨ ᠥᠷᠢᠰᠥᠯᠳᠦᠭᠡᠨ᠎ᠤ ᠳᠤᠮᠳᠠ᠎ᠠᠴᠠ ᠴᠣᠯᠭᠣᠷᠠᠨ ᠭᠠᠷᠤᠭᠰᠠᠨ᠎ᠨᠢ ᠤᠯᠤᠰ᠎ᠤᠨ ᠳᠣᠲᠣᠭ᠋ᠠᠳᠤ ᠵᠢᠨ ᠠᠵᠤ ᠦᠢ᠍ᠯᠡᠰ᠎ᠤᠨ ᠪᠦᠯᠦᠭᠵᠢᠯ᠎ᠤᠨ ᠬᠠᠮᠤᠭ᠎ᠤᠨ ᠥᠨᠳᠥᠷ ᠲᠦᠪᠰᠢᠨ᠎ᠢ ᠲᠥᠯᠥᠭᠡᠯᠡᠵᠦ ᠪᠠᠢ᠌ᠭ᠎ᠠ ᠶᠤᠮ᠃ ᠤᠯᠤᠰ᠎ᠤᠨ ᠬᠣᠯᠪᠣᠭᠳᠠᠯ ᠪᠦᠬᠦᠢ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠤᠨ ᠪᠦᠲᠦᠭᠡᠨ ᠪᠠᠢ᠌ᠭᠤᠯᠤᠯᠲᠠ ᠵᠢᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠢ ᠪᠣᠢ᠌ᠵᠢᠭᠤᠯᠤᠨ ᠬᠥᠭᠵᠢᠭᠦᠯᠬᠦ ᠵᠢ ᠲᠦᠷᠭᠡᠳᠬᠡᠬᠦ ᠵᠢᠨ ᠲᠥᠯᠥᠭᠡ᠂ ᠮᠠᠨ᠎ᠤ ᠣᠷᠣᠨ ᠡᠨᠡ ᠵᠢᠯ᠎ᠤᠨ 8 ᠳ᠋ᠤᠭ᠋ᠠᠷ ᠰᠠᠷ᠎ᠠ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠢ ᠪᠦᠲᠦᠭᠡᠨ ᠪᠠᠢ᠌ᠭᠤᠯᠬᠤ ᠠᠵᠢᠯᠯᠠᠭ᠋ᠠᠨ᠎ᠤ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ 2027 ᠣᠨ ᠪᠣᠯᠲᠠᠯ᠎ᠠ᠂ ᠳᠡᠯᠡᠬᠡᠢ ᠵᠢᠨ ᠲᠠᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ 1᠂ ᠤᠯᠤᠰ᠎ᠤᠨ ᠲᠠᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ 3᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ 9 ᠵᠢ ᠪᠠᠢ᠌ᠭᠤᠯᠬᠤ᠎ᠪᠠᠷ ᠴᠢᠷᠮᠠᠢ᠌ᠨ᠎ᠠ ᠭᠡᠵᠦ ᠲᠣᠳᠣᠷᠬᠠᠢ ᠳᠤᠷᠠᠳᠤᠨ ᠭᠠᠷᠭ᠋ᠠᠪᠠ᠃ ᠲᠣᠰ ᠤᠳᠠᠭ᠋ᠠᠨ᠎ᠤ ᠥᠷᠢᠰᠦᠯᠳᠦᠭᠡᠨ᠎ᠳᠤ ᠢᠯᠠᠭᠰᠠᠨ᠎ᠨᠢ ᠪᠤᠭᠤᠲᠤ ᠵᠢᠨ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠪᠦᠯᠦᠭᠵᠢᠯ ᠪᠣᠯᠣᠨ ᠣᠷᠳᠣᠰ᠎ᠤᠨ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠪᠦᠯᠦᠭᠵᠢᠯ 3 ᠵᠢᠯ ᠤᠷᠢᠳᠴᠢᠯᠠᠨ 《ᠤᠯᠤᠰ᠎ᠤᠨ ᠠᠩᠭᠢ》᠎ᠳᠤ ᠰᠣᠩᠭᠣᠭᠳᠠᠭᠰᠠᠨᠢ ᠬᠠᠷᠠᠭᠤᠯᠵᠤ ᠪᠠᠢ᠌ᠨ᠎ᠠ᠃
ᠪᠤᠭᠤᠲᠤ ᠵᠢᠨ ᠬᠣᠪᠣᠷ ᠰᠢᠷᠣᠢ ᠵᠢᠨ ᠡᠬᠢ ᠪᠠᠶᠠᠯᠢᠭ ᠡᠯᠪᠡᠭ ᠳᠡᠯᠪᠡᠭ ᠪᠠᠢ᠌ᠵᠤ᠂ ᠬᠠᠳᠠᠭ᠋ᠠᠯᠠᠭᠳᠠᠴᠠ᠎ᠨᠢ ᠪᠥᠬᠥ ᠤᠯᠤᠰ᠎ᠤᠨ ᠶᠡᠷᠦᠩᠬᠡᠢ ᠬᠠᠳᠠᠭ᠋ᠠᠯᠠᠭᠳᠠᠴᠠ ᠵᠢᠨ 83.7% ᠵᠢ ᠡᠵᠡᠯᠡᠵᠦ᠂ ᠪᠥᠬᠥ ᠳᠡᠯᠡᠬᠡᠢ ᠵᠢᠨ 37.8% ᠵᠢ ᠡᠵᠡᠯᠡᠵᠦ ᠪᠠᠢ᠌ᠨ᠎ᠠ᠃ 《ᠳᠡᠯᠡᠬᠡᠢ ᠵᠢᠨ ᠬᠣᠪᠣᠷ ᠰᠢᠷᠣᠢ ᠵᠢᠨ ᠬᠤᠳᠠ》 ᠪᠣᠯᠤᠭᠰᠠᠨ᠎ᠤ ᠬᠤᠪᠢ᠎ᠳᠤ᠂ ᠪᠤᠭᠤᠲᠤ ᠬᠤᠳᠠ 《ᠬᠣᠶᠠᠷ ᠬᠣᠪᠣᠷ ᠰᠢᠷᠣᠢ ᠵᠢᠨ ᠰᠠᠭᠤᠷᠢᠨ》᠎ᠤ ᠪᠦᠲᠦᠭᠡᠨ ᠪᠠᠢ᠌ᠭᠤᠯᠤᠯᠲᠠ ᠵᠢᠨ ᠬᠠᠷᠠᠯᠲᠠ᠎ᠳᠤ ᠲᠣᠭᠲᠠᠪᠤᠷᠢᠵᠢᠵᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠵᠤ᠂ ᠬᠣᠪᠣᠷ ᠰᠢᠷᠣᠢ ᠵᠢᠨ ᠬᠡᠷᠡᠭᠯᠡᠭᠡᠨ᠎ᠤ ᠠᠵᠤ ᠦᠢ᠍ᠯᠡᠰ᠎ᠢ ᠲᠠᠰᠤᠷᠠᠯᠲᠠ ᠦᠭᠡᠢ ᠥᠷᠭᠡᠳᠬᠡᠨ ᠭᠦᠨᠵᠡᠭᠡᠢ᠌ᠷᠡᠭᠦᠯᠵᠦ᠂ ᠪᠦᠬᠦ ᠬᠡᠯᠬᠢᠶ᠎ᠡ᠎ᠪᠠᠷ ᠬᠥᠭᠵᠢᠭᠰᠡᠨ᠂ ᠴᠡᠴᠡᠭ ᠪᠦᠬᠦᠨ᠎ᠢ ᠵᠡᠷᠭᠡ᠎ᠪᠡᠷ ᠳᠡᠯᠭᠡᠷᠡᠭᠦᠯᠦᠭᠰᠡᠨ ᠬᠣᠪᠣᠷ ᠰᠢᠷᠣᠢ ᠵᠢᠨ ᠠᠵᠤ ᠦᠢ᠍ᠯᠡᠰ᠎ᠤᠨ ᠰᠢᠨ᠎ᠡ ᠪᠠᠶ᠋ᠢᠳᠠᠯ᠎ᠢ ᠲᠦᠷᠭᠡᠳᠬᠡᠨ ᠪᠤᠢ ᠪᠣᠯᠭ᠋ᠠᠵᠤ ᠪᠠᠢ᠌ᠨ᠎ᠠ᠃ 2023 ᠣᠨ᠎ᠳᠤ᠂ ᠪᠤᠭᠤᠲᠤ ᠬᠣᠲᠠ ᠵᠢᠨ ᠬᠣᠪᠣᠷ ᠰᠢᠷᠣᠢ ᠵᠢᠨ ᠦᠢ᠍ᠯᠡᠳᠬᠦᠨ᠎ᠤ ᠥᠷᠲᠡᠭ 829 ᠳ᠋ᠦᠩᠰᠢᠭᠤᠷ ᠲᠥᠭᠥᠷᠢᠭ᠎ᠲᠤ ᠬᠥᠷᠪᠡ᠃ ᠡᠨᠡ ᠵᠢᠯ᠎ᠤᠨ 1 — 9 ᠰᠠᠷ᠎ᠠ᠎ᠳᠤ᠂ ᠪᠤᠭᠤᠲᠤ ᠬᠣᠲᠠ ᠵᠢᠨ ᠬᠣᠪᠣᠷ ᠰᠢᠷᠣᠢ ᠵᠢᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ 29%᠎ᠳᠤ ᠬᠦᠷᠴᠦ᠂ ᠬᠣᠪᠣᠷ ᠰᠢᠷᠣᠢ ᠵᠢᠨ ᠠᠵᠤ ᠦᠢ᠍ᠯᠡᠰ᠎ᠤᠨ ᠦᠢ᠍ᠯᠡᠳᠬᠦᠨ᠎ᠤ ᠥᠷᠲᠡᠭ ᠮᠢᠩᠭ᠋ᠠᠨ ᠳ᠋ᠦᠩᠰᠢᠭᠤᠷ ᠲᠥᠭᠥᠷᠢᠭ᠎ᠤᠨ ᠲᠡᠮᠡᠴᠡᠬᠦ ᠬᠠᠷᠠᠯᠲᠠ ᠲᠡᠢ᠌ᠰᠢ ᠶᠡᠬᠡ ᠠᠯᠬᠤᠮ ᠵᠶ᠋ᠠᠷ ᠤᠷᠤᠭᠰᠢᠯᠠᠪᠠ᠃
ᠥᠪᠥᠷ ᠮᠣᠩᠭᠣᠯ ᠴᠢᠨᠠᠭᠰᠢᠯᠠᠪᠠᠯ ᠮᠠᠨ᠎ᠤ ᠤᠯᠤᠰ᠎ᠤᠨ ᠴᠢᠬᠤᠯᠠ ᠡᠨᠧᠷᠭᠢ ᠵᠢᠨ ᠬᠢᠮᠢ ᠵᠢᠨ ᠠᠵᠤ ᠦᠢ᠍ᠯᠡᠳᠪᠦᠷᠢ ᠵᠢᠨ ᠰᠠᠭᠤᠷᠢᠨ ᠭᠠᠵᠠᠷ ᠪᠣᠯᠤᠭᠰᠠᠨ᠎ᠤ ᠬᠤᠪᠢ᠎ᠳᠤ᠂ ᠣᠷᠳᠣᠰ ᠬᠤᠳᠠ ᠵᠢᠨ᠎ᠬᠢᠨ ᠡᠩ ᠲᠡᠷᠢᠭᠦᠨ᠎ᠳᠤ ᠤᠯᠤᠰ᠎ᠤᠨ ᠲᠡᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠢ ᠡᠬᠢᠯᠡᠨ ᠪᠦᠲᠦᠭᠡᠨ ᠪᠠᠢ᠌ᠭᠤᠯᠵᠤ᠂ ᠤᠯᠤᠰ᠎ᠤᠨ ᠶᠡᠬᠡ ᠲᠠᠯ᠎ᠠ᠎ᠳᠤ ᠦᠢ᠍ᠯᠡᠴᠢᠯᠡᠵᠦ᠂ ᠭᠤᠷᠪᠠᠨ ᠬᠤᠳᠠ ᠵᠢᠨ ᠬᠠᠮᠵᠢᠯᠴᠠᠭ᠎ᠠ ᠵᠢ ᠠᠬᠢᠭᠤᠯᠵᠤ᠂ ᠲᠡᠮᠡᠭᠡᠲᠦ ᠬᠤᠳᠠ᠂ ᠨᠢᠩ ᠳ᠋ᠦᠩ ᠡᠨᠧᠷᠭᠢ ᠵᠢᠨ ᠬᠢᠮᠢ ᠵᠢᠨ ᠠᠵᠤ ᠦᠢ᠍ᠯᠡᠳᠪᠦᠷᠢ ᠵᠢᠨ ᠰᠠᠭᠤᠷᠢᠨ᠎ᠲᠠᠢ ᠬᠠᠮᠲᠤ᠎ᠪᠠᠷ ᠢᠦᠢ ᠧ ᠨᠢᠩ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠪᠦᠯᠦᠭᠵᠢᠯ᠎ᠤᠨ ᠪᠦᠲᠦᠭᠡᠨ ᠪᠠᠢ᠌ᠭᠤᠯᠤᠯᠲᠠ ᠵᠢᠨ ᠡᠭᠦᠷᠭᠡ ᠪᠣᠯᠣᠨ ᠴᠢᠬᠤᠯᠠ ᠶᠡᠬᠡ ᠳᠦᠷᠦᠯ ᠵᠦᠢ᠍ᠯ᠎ᠢ ᠡᠭᠦᠷᠭᠡᠯᠡᠵᠦ᠂ ᠢᠦᠢ ᠧ ᠨᠢᠩ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠪᠦᠯᠦᠭᠵᠢᠯ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠵᠣᠬᠢᠴᠠᠭᠤᠯᠤᠨ ᠠᠬᠢᠭᠤᠯᠬᠤ ᠲᠣᠭᠲᠠᠴᠠ ᠵᠢ ᠪᠠᠢ᠌ᠭᠤᠯᠪᠠ᠃ ᠡᠨᠡ ᠪᠣᠯ ᠮᠠᠨ᠎ᠤ ᠤᠯᠤᠰ᠎ᠤᠨ ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠨ᠎ᠳᠠᠬᠢ ᠠᠩᠬᠠᠳᠠᠭᠴᠢ ᠵᠢᠱ᠌ᠢᠶ᠎ᠡ ᠪᠣᠯᠬᠤ ᠪᠥᠭᠡᠳ 《ᠡᠨᠧᠷᠭᠢ ᠵᠢᠨ ᠰᠤᠷᠪᠤᠯᠵᠢ ᠵᠢᠨ ᠠᠯᠲᠠᠨ ᠭᠤᠷᠪᠠᠯᠵᠢᠨ ᠬᠣᠢ᠌ᠭ》᠎ᠤᠨ ᠮᠤᠵᠢ ᠣᠷᠣᠨ ᠠᠯᠤᠰᠯᠠᠨ ᠪᠦᠯᠦᠭᠵᠢᠯ᠎ᠢ ᠬᠠᠮᠲᠤ᠎ᠪᠠᠷ ᠪᠠᠢ᠌ᠭᠤᠯᠤᠭᠰᠠᠨ ᠡᠭᠦᠳᠦᠯᠲᠡ ᠪᠣᠯᠣᠨ᠎ᠠ᠃